ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠨᠢᠭᠡ ᠳᠤ ᠣᠷᠣᠭᠤᠯᠵᠤ ᠨᠢᠭᠡ ᠶᠢ ᠭᠤᠣᠯ ᠰᠡᠳᠦᠪ ᠪᠣᠯᠭᠠᠬᠤ ᠵᠢᠴᠢ ᠠᠷᠪᠠᠳᠤᠭᠠᠷ ᠬᠤᠭᠤᠴᠠᠭᠠᠨ ᠤ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠨᠠᠶᠢᠷ ᠢ ᠡᠷᠭᠢᠯᠡᠪᠡ
ᠨᠡᠶᠢᠲᠡᠯᠡᠭᠰᠡᠨ ᠴᠠᠭ᠄
2023/12/27
     ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠡᠭᠦᠷᠭᠡ ᠶᠢᠨ ᠲᠣᠭᠤᠷᠢᠨ ᠳᠤ ︽ᠨᠠᠢᠮᠠ ᠳᠤ ᠣᠷᠣᠭᠤᠯᠬᠤ︾ ᠠᠵᠢᠯ ᠤᠨ ︽ᠨᠢᠭᠡ ᠳᠤ ᠣᠷᠣᠭᠤᠯᠵᠤ ᠨᠢᠭᠡ ᠶᠢ ᠭᠤᠣᠯ ᠰᠡᠳᠦᠪ ᠪᠣᠯᠭᠠᠬᠤ︾ ᠶᠢ ᠭᠦᠨᠵᠡᠭᠡᠢ ᠠᠬᠢᠭᠤᠯᠵᠤ᠂ ᠮᠠᠨ ᠤ ᠰᠢᠶᠠᠨ ᠤ ᠤᠷᠠᠯᠢᠭ ᠤᠨ ᠵᠢᠭᠠᠨ ᠰᠤᠷᠭᠠᠯᠲᠠ ᠪᠣᠯᠤᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ 12 ᠰᠠᠷ᠎ᠠ ᠶᠢᠨ 22 ᠤᠨ ᠡᠳᠦᠷ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠶᠣᠰᠣᠯᠠᠯ ᠤᠨ ᠲᠠᠩᠬᠢᠮ ᠳᠤ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠢᠭᠡ ᠳᠤ ᠣᠷᠣᠭᠤᠯᠵᠤ ᠨᠢᠭᠡ ᠶᠢ ᠭᠤᠤᠯ ᠰᠡᠳᠦᠪ ᠪᠣᠯᠭᠠᠬᠤ︾ ᠵᠢᠴᠢ ᠠᠷᠪᠠᠳᠤᠭᠠᠷ ᠬᠤᠭᠤᠴᠠᠭᠠᠨ ᠤ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠨᠠᠶᠢᠷ ᠢ ᠡᠷᠭᠢᠯᠡᠪᠡ᠃      ᠲᠤᠰ ᠤᠳᠠᠭᠠᠨ ᠤ ᠤᠷᠠᠯᠢᠭ ᠤᠨ ᠨᠠᠶᠢᠷ ᠨᠢ ︽ᠬᠥᠬᠡ ᠬᠤᠲᠠ ᠳᠤ ᠠᠨᠠᠷ ᠤᠨ ᠦᠷ᠎ᠡ ᠶᠢ ᠬᠠᠮᠲᠤ ᠪᠠᠷ ᠪᠣᠶᠢᠵᠢᠭᠤᠯᠵᠤ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ︾ ᠭᠡᠬᠦ ᠭᠤᠣᠯ ᠰᠡᠳᠦᠪ ᠢᠶᠠᠷ ᠭᠤᠣᠯ ᠰᠡᠳᠦᠪ ᠪᠣᠯᠭᠠᠵᠤ᠂ ᠪᠦᠬᠦ ᠰᠢᠶᠠᠨ ᠤ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ 29 ᠰᠢᠯᠢᠳᠡᠭ ᠤᠷᠠᠯᠢᠭ ᠤᠨ ᠲᠣᠭᠯᠠᠯᠲᠠ ᠶᠢᠨ ᠲᠦᠷᠦᠯ ᠤᠨ ᠲᠣᠭᠯᠠᠯᠲᠠ ᠲᠠᠶᠢᠰᠠᠨ ᠳᠤ ᠭᠠᠷᠴᠤ᠂ ᠪᠦᠬᠦ ᠰᠢᠶᠠᠨ ᠤ ᠤᠷᠠᠯᠢᠭ ᠤᠨ ᠰᠤᠷᠭᠠᠨ ᠬᠥᠮᠦᠵᠢᠯ ᠪᠣᠯᠤᠨ ᠡᠭᠦᠳᠦᠨ ᠪᠠᠶᠢᠭᠤᠯᠬᠤ ᠠᠵᠢᠯ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ ᠶᠢᠨ ᠵᠠᠯᠠᠭᠤ ᠪᠠᠭᠠᠴᠤᠳ ᠰᠤᠷᠤᠭᠴᠢᠳ ᠤᠨ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠰᠢᠮᠳᠠᠨ ᠰᠤᠷᠤᠯᠴᠠᠵᠤ ᠤᠷᠤᠭᠰᠢᠯᠠᠨ ᠲᠠᠪᠰᠢᠬᠤ᠂ ᠠᠯᠤᠰ ᠤᠨ ᠵᠣᠷᠢᠯᠲᠠ ᠲᠠᠢ᠂ ᠴᠤᠭ ᠪᠠᠳᠠᠷᠠᠩᠭᠤᠢ ᠪᠠᠷ ᠦᠰᠦᠨ ᠪᠤᠶᠢᠵᠢᠭᠰᠠᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠯᠭᠡᠨ ᠦᠵᠡᠭᠦᠯᠪᠡ᠃      ᠬᠠᠮᠤᠭ ᠲᠦᠷᠦᠭᠦᠨ ᠳᠤ ᠲᠠᠯᠠᠪᠠᠶ ᠳᠤ ᠭᠠᠷᠤᠭᠰᠠᠨ ᠨᠢ ᠨᠢᠭᠡᠳᠦᠭᠡᠷ ᠬᠡᠤᠬᠡᠳ ᠤᠨ ᠴᠡᠴᠡᠷᠯᠢᠭ ᠤᠨ ᠠᠪᠴᠢᠷᠠᠭᠰᠠᠨ ︽ᠥᠷ ᠤᠨ ᠲᠤᠶᠠᠭ᠎ᠠ︾ ᠪᠣᠯᠤᠨ᠎ᠠ᠂ ᠭᠤᠶᠢᠳᠠ ᠰᠠᠶᠢᠬᠠᠨ ᠪᠥᠵᠢᠭ ᠤᠨ ᠬᠥᠳᠡᠯᠦᠯ᠂ ᠭᠦᠨ ᠰᠡᠳᠬᠢᠯᠭᠡ ᠶᠢᠨ ᠬᠥᠭ ᠠᠶᠠᠰ ᠨᠢ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠡᠬᠡ ᠣᠷᠣᠨ ᠤ ᠪᠠᠨ ᠬᠥᠭᠵᠢᠯ ᠪᠠᠳᠠᠷᠠᠯ ᠤᠨ ᠲᠤᠬᠠᠶ ᠲᠠᠯᠠᠷᠬᠠᠯ ᠪᠠ ᠮᠠᠭᠲᠠᠭᠠᠯ ᠰᠠᠶᠢᠰᠢᠶᠠᠯ ᠢ ᠬᠠᠷᠠᠭᠤᠯᠵᠠᠶ᠃ ᠨᠠᠶᠢᠷᠠᠯ ᠳᠠᠭᠤᠤ ︽ᠳᠤᠮᠳᠠᠳᠤ ᠶᠢᠨ ᠪᠠᠭᠠᠴᠤᠳ︾᠂ ᠪᠥᠵᠢᠭ ︽ᠳᠤᠮᠳᠠᠳᠤ ᠶᠢᠨ ᠬᠥᠭᠵᠢᠮ ᠪᠥᠵᠢᠭ ᠢ ᠤᠯᠠᠮᠵᠢᠯᠠᠨ ᠳᠤᠮᠳᠠᠳᠤ ᠶᠢᠨ ᠪᠠᠳᠠᠷᠠᠯᠲᠤ ᠦᠶ᠎ᠡ ᠶᠢ ᠮᠠᠭᠲᠠᠨ ᠳᠠᠭᠤᠯᠠᠶ᠎ᠠ︾᠂ ᠶᠠᠷᠢᠶᠠᠲᠤ ᠵᠦᠴᠦᠭᠡ ︽ᠳᠤᠮᠳᠠᠳᠤ ᠶᠢᠨ ᠰᠡᠷᠭᠦᠨ ᠮᠠᠨᠳᠤᠯᠲᠠ ᠶᠢᠨ ᠵᠠᠮ ᠳᠠᠬᠢ ᠵᠠᠯᠠᠭᠤ ᠨᠠᠰᠤᠨ ᠤ ᠬᠦᠴᠦᠨ ᠴᠢᠳᠠᠯ︾᠂ ︽ᠮᠥ ᠯᠠᠨ ᠤ ᠰᠢᠯᠦᠭ︾ ᠵᠡᠷᠭᠡ ᠠᠯᠢ ᠣᠯᠠᠨ ᠭᠤᠶᠢᠳᠠ ᠰᠠᠶᠢᠬᠠᠨ ᠲᠣᠭᠯᠠᠯᠲᠠ ᠶᠢ ᠤᠶᠠᠩᠭᠠᠯᠠᠨ ᠣᠩᠰᠢᠪᠠ᠃ ᠴᠥᠮ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠠᠯᠤᠰ ᠬᠡᠳᠦ ᠶᠢᠨ ᠬᠦᠰᠡᠯ ᠵᠣᠷᠢᠯᠲᠠ ᠶᠢ ᠪᠤᠢ ᠪᠣᠯᠭᠠᠬᠤ᠂ ᠬᠤᠪᠢᠰᠬᠠᠯ ᠤᠨ ᠭᠠᠯ ᠢ ᠦᠷᠭᠦᠯᠵᠢᠯᠡᠭᠦᠯᠬᠦ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠠᠭᠤᠤ ᠶᠡᠭᠡ ᠡᠬᠡ ᠤᠯᠤᠰ ᠲᠠᠭᠠᠨ ᠬᠢᠵᠠᠭᠠᠯᠠᠰᠢ ᠦᠭᠡᠢ ᠬᠠᠶᠢᠷ᠎ᠠ ᠰᠡᠳᠬᠢᠯᠭᠡ ᠲᠠᠢ ᠪᠠᠶᠢᠬᠤ ᠶᠢ ᠢᠯᠡᠷᠡᠭᠦᠯᠦᠭᠰᠡᠨ ᠪᠠᠶᠢᠨ᠎ᠠ᠃      ᠳᠠᠷᠠᠭ᠎ᠠ ᠠᠯᠬᠤᠮ ᠳᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ︽ᠲᠠᠪᠤᠨ ᠬᠥᠮᠦᠵᠢᠯ︾ ᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠤᠷᠢᠨᠭᠡᠷ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠤᠨᠴᠠᠯᠢᠬᠳᠤ ᠠᠵᠢᠯᠯᠠᠭ᠎ᠠ ᠶᠢᠨ ᠲᠦᠷᠦᠯ ᠲᠡᠮᠳᠡᠭ ᠢ ᠡᠭᠦᠳᠴᠦ᠂ ᠤᠶᠤᠨ ᠤᠬᠠᠭᠠᠨ ᠢ ᠨᠡᠮᠡᠭᠳᠡᠭᠦᠯᠦᠨ ᠰᠡᠳᠬᠢᠯ ᠢ ᠤᠮᠳᠠᠯᠠᠵᠤ᠂ ᠪᠠᠭᠰᠢ ᠰᠤᠷᠤᠭᠴᠢᠳ ᠤᠨ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡ ᠶᠢ ᠬᠠᠮᠲᠤᠳᠬᠠᠬᠤ︾᠂ ︽ᠲᠠᠪᠤᠨ ᠮᠡᠳᠡᠷᠡᠮᠵᠢ︾ ᠶᠢᠨ ᠲᠤᠬᠠᠢ ᠲᠠᠨᠢᠯᠲᠠ ᠶᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠦᠨ᠎ᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号