ᠲᠤᠭ᠎ᠠ ᠪᠠᠷᠢᠮᠲᠠ ᠪᠠᠷ ᠰᠢᠢᠳᠪᠦᠷᠢᠯᠡᠵᠦ ᠭᠠᠷ ᠤᠲᠠᠰᠤ ᠪᠠᠷ ᠢᠶᠠᠨ ︽ᠲᠠᠷᠢᠶ᠎ᠠ ᠳᠠᠷᠢᠵᠦ︾ ᠪᠣᠯᠣᠨ᠎ᠠ
ᠨᠡᠶᠢᠲᠡᠯᠡᠭᠰᠡᠨ ᠴᠠᠭ᠄
2023/12/6
     - ᠰᠣᠨᠤᠰᠬᠤᠯᠠᠷ  ᠭᠠᠷ  ᠤᠲᠠᠰᠤ   ᠪᠠᠷ ᠲᠠᠷᠢᠶ᠎ᠠ ᠲᠠᠷᠢᠵᠤ ᠴᠢᠳᠠᠬᠤ  ᠪᠣᠯᠤᠭᠰᠠᠨ ᠭᠡᠨ᠎ᠡ ᠤᠤ︖      - ᠲᠡᠶᠢᠮᠦ  ᠰᠢᠦ᠃      ᠲᠣᠮᠣ ᠳ᠋ᠠᠶᠢᠲ᠋ᠠ᠂ ᠪᠠᠷᠠᠭᠠᠨ ᠤ ᠰᠦᠯᠵᠢᠶ᠎ᠡ᠂ ᠵᠣᠬᠢᠶᠠᠮᠠᠯ ᠤᠶᠤᠨ ᠴᠢᠳᠠᠪᠤᠷᠢ ᠵᠡᠷᠭᠡ ᠮᠡᠳᠡᠭᠡ ᠵᠠᠩᠭᠢ ᠶᠢᠨ ᠮᠡᠷᠭᠡᠵᠢᠯ ᠬᠥᠳᠡᠭᠡ ᠠᠵᠤ ᠠᠬᠤᠢ ᠲᠠᠢ ︽ᠭᠠᠷ ᠬᠤᠯᠪᠣᠯᠴᠠᠵᠤ︾   ︽ᠤᠷᠤᠭ ᠪᠠᠷᠢᠯᠳᠤᠬᠤ︾ ᠶᠢ ᠳᠠᠭᠠᠯᠳᠤᠨ᠂ ᠨᠠᠩ ᠤᠯᠠᠨ ᠠᠵᠢᠯ ᠮᠡᠷᠭᠡᠵᠢᠯ ᠤᠨ ᠲᠠᠷᠢᠶᠠᠴᠢᠨ ᠭᠠᠷ ᠤᠲᠠᠰᠤᠨ ᠳᠡᠭᠡᠷ᠎ᠡ ᠪᠠᠨ ᠲᠠᠷᠢᠶ᠎ᠠ ᠲᠠᠷᠢᠵᠦ ᠡᠬᠢᠯᠡᠨ᠂ ᠲᠠᠷᠢᠶ᠎ᠠ ᠲᠠᠷᠢᠬᠤ ᠳᠤ ︽ᠨᠢᠷᠤᠭᠤ ᠪᠥᠬᠦᠶᠢᠨ ᠠᠵᠢᠯᠯᠠᠵᠤ︾᠂ ︽ᠲᠡᠭᠷᠢ ᠶᠢᠨ ᠴᠢᠷᠠᠢ ᠬᠠᠷᠠᠵᠤ︾ ᠪᠠᠶᠢᠭᠰᠠᠨ ᠠᠴᠠ ᠪᠠᠨ ︽ᠲᠤᠭ᠎ᠠ ᠪᠠᠷᠢᠮᠲᠠ ᠪᠠᠷ ᠰᠢᠢᠳᠪᠦᠷᠢᠯᠡᠬᠦ︾   ᠪᠣᠯᠤᠭᠰᠠᠨ ᠪᠠᠶᠢᠨ᠎ᠠ᠃      11 ᠰᠠᠷ᠎ᠠ ᠶᠢᠨ 26 ᠤ ᠡᠳᠦᠷ᠂ ᠰᠤᠷᠪᠤᠯᠵᠢᠯᠠᠬᠴᠢ ᠭᠦᠭᠡᠬᠤᠲᠠ ᠶᠢᠨ ᠰᠠᠶᠢᠬᠠᠨ ᠲᠣᠭᠤᠷᠢᠭ ᠤᠨ ᠥᠪᠥᠷ ᠮᠣᠩᠭᠤᠯ ᠤᠨ ᠵᠢᠶᠠ ᠱᠢ ᠲᠠᠷᠢᠶᠠᠯᠠᠩ ᠤᠨ ᠣᠶᠤᠨᠲᠤ ᠲᠠᠷᠢᠮᠠᠯ ᠤᠨ ᠰᠠᠭᠤᠷᠢᠨ ᠳᠤ ᠬᠦᠷᠬᠦ ᠳᠤ᠂ ᠮᠡᠷᠭᠡᠵᠢᠯ ᠤᠨ ᠬᠠᠮᠢᠶᠠᠷᠤᠭᠴᠢ ᠯᠢᠦ ᠵᠢᠶᠠᠨ ᠤ ᠠᠯᠪᠠᠨ ᠭᠡᠷ ᠲᠡᠭᠡᠨ ᠰᠠᠭᠤᠭᠠᠳ ᠭᠠᠷ ᠤᠲᠠᠰᠤ ︽ᠨᠠᠭᠠᠳᠴᠤ︾ ᠪᠠᠶᠢᠯ᠎ᠠ᠃ ᠤᠤᠯ ᠨᠢ ᠲᠡᠷᠡ ᠭᠠᠷ ᠤᠲᠠᠰᠤ ᠪᠠᠷ ᠦᠵᠦᠮ ᠤᠨ ᠬᠦᠯᠡᠮᠵᠢ ᠳᠤ ᠤᠭᠰᠠᠷᠠᠭᠰᠠᠨ ᠡᠯ᠎ᠡ ᠵᠦᠢᠯ ᠤᠨ ᠨᠥᠯᠦᠭᠡᠯᠡᠭᠦᠷ ᠤᠨ ᠲᠤᠭ᠎ᠠ ᠪᠠᠷᠢᠮᠲᠠ ᠶᠢ ᠪᠠᠶᠢᠴᠠᠭᠠᠨ ᠦᠵᠡᠵᠦ᠂ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠭᠡᠷᠡᠯ ᠤᠨ ᠲᠤᠰᠤᠯᠲᠠ ᠶᠢᠨ ᠴᠢᠩᠭ᠎ᠠ ᠰᠤᠯᠠ᠂ ᠬᠥᠷᠥᠰᠥᠨ ᠤ ᠰᠢᠮ᠎ᠡ ᠲᠡᠵᠢᠭᠡᠯ ᠤᠨ ᠠᠭᠤᠯᠤᠭᠳᠠᠴᠠ ᠵᠡᠷᠭᠡ ᠶᠢ ᠴᠠᠭ ᠲᠤᠬᠠᠢ ᠳᠤᠨᠢ ᠬᠢᠨᠠᠨ ᠬᠡᠮᠵᠢᠵᠦ ᠪᠠᠶᠢᠭ᠎ᠠ ᠨᠢ ᠡᠨᠡ ᠠᠵᠢ᠃      ︽ᠮᠠᠨ ᠤ ᠤᠳᠤ ᠶᠢᠨ ᠪᠠᠶᠢᠭ᠎ᠠ ᠡᠨᠡ ᠰᠠᠭᠤᠷᠢᠨ ᠵᠣᠬᠢᠶᠠᠮᠠᠯ ᠤᠶᠤᠨ ᠴᠢᠳᠠᠪᠤᠷᠢ ᠶᠢᠨ ᠰᠢᠰᠲ᠋ᠧᠮ ᠢᠶᠠᠷ ᠳᠠᠮᠵᠢᠭᠤᠯᠤᠨ ᠴᠤᠭᠯᠠᠭᠤᠯᠤᠭᠰᠠᠨ ᠲᠤᠭ᠎ᠠ ᠪᠠᠷᠢᠮᠲᠠ ᠶᠢ ᠵᠠᠳᠠᠯᠤᠨ ᠰᠢᠢᠳᠪᠦᠷᠢᠯᠡᠵᠦ᠂ ᠬᠦᠯᠡᠮᠵᠢ ᠶᠢᠨ ᠳᠣᠲᠣᠷᠠᠬᠢ ᠲᠠᠷᠢᠮᠠᠯ ᠤᠨ ᠤᠷᠭᠤᠯᠲᠠ ᠳᠤ ᠬᠠᠮᠤᠭ ᠤᠨ ᠲᠣᠬᠢᠷᠠᠮᠵᠢᠲᠠᠢ ᠣᠷᠴᠢᠨ ᠲᠣᠭᠤᠷᠢᠨ ᠢ ᠳᠠᠭᠤᠷᠢᠶᠠᠯᠭᠠᠨ ᠵᠣᠬᠢᠶᠠᠵᠤ᠂ ᠡᠭᠦᠨ ᠤ ᠤᠯᠠᠮ ᠢᠶᠠᠷ ᠤᠰᠤ ᠬᠠᠩᠭᠠᠬᠤ ᠰᠢᠰᠲ᠋ᠧᠮ᠂ ᠴᠢᠭᠢᠭᠲᠦᠭᠦᠯᠬᠦ ᠲᠥᠬᠦᠭᠡᠷᠦᠮᠵᠢ᠂ ᠡᠪᠬᠡᠮᠡᠯ ᠤᠷᠭᠢᠭᠤᠯ ᠤᠨ ᠲᠥᠬᠦᠭᠡᠷᠦᠮᠵᠢ᠂ ᠰᠡᠭᠦᠳᠡᠷ ᠬᠠᠯᠬᠠᠯᠠᠬᠤ ᠲᠥᠬᠦᠭᠡᠷᠦᠮᠵᠢ᠂ ᠪᠣᠷᠳᠣᠭᠤᠷ ᠣᠷᠣᠭᠤᠯᠬᠤ ᠰᠢᠰᠲ᠋ᠧᠮ ᠵᠡᠷᠭᠡ ᠶᠢ ᠠᠯᠤᠰ  ᠠᠴᠠ ᠠᠦ᠋ᠲ᠋ᠣᠴᠢᠯᠠᠨ ᠡᠵᠡᠮᠳᠡᠵᠦ᠂ ᠬᠦᠯᠡᠮᠵᠢ ᠶᠢᠨ ᠳᠣᠲᠣᠷᠠᠬᠢ ᠲᠠᠷᠢᠮᠠᠯ ᠤᠨ ᠤᠷᠭᠤᠯᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠶᠢ ᠲᠣᠬᠢᠷᠠᠭᠤᠯᠵᠤ᠂ ᠦᠢᠯᠡᠳᠬᠦᠨ ᠤ ᠶᠠᠰᠤ ᠴᠢᠨᠠᠷ ᠢ ᠰᠠᠶᠢᠵᠢᠷᠠᠭᠤᠯᠤᠨ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠭᠦ ᠵᠣᠷᠢᠯᠭ᠎ᠠ ᠳᠤ ᠭᠦᠷᠳᠡᠭ︾  ᠭᠡᠵᠦ ᠯᠢᠦ ᠵᠢᠶᠠᠨ ᠶᠠᠷᠢᠵᠤ ᠪᠠᠶᠢᠯ᠎ᠠ᠃      ᠣᠶᠤᠨᠲᠤ ᠲᠠᠷᠢᠶᠠᠯᠠᠩ ᠨᠢ ᠲᠠᠷᠢᠶᠠᠴᠢᠳ ᠢ ᠬᠦᠨᠳᠦ ᠨᠦᠰᠡᠷ ᠪᠡᠶ᠎ᠡ ᠶᠢᠨ ᠭᠦᠳᠡᠯᠮᠦᠷᠢ ᠠᠴᠠ ᠴᠢᠯᠦᠭᠡᠯᠡᠵᠦ᠂ ᠡᠶᠢᠮᠦᠷᠬᠦᠦ ᠭᠦᠳᠡᠯᠮᠦᠷᠢ ᠬᠦᠴᠦ ᠲᠥᠪᠯᠡᠷᠡᠭᠰᠡᠨ ᠭᠡᠯᠪᠡᠷᠢ ᠶᠢᠨ ᠲᠥᠬᠦᠭᠡᠷᠦᠮᠵᠢᠲᠦ ᠲᠠᠷᠢᠶᠠᠯᠠᠩ ᠡᠷᠭᠢᠯᠡᠭᠦ ᠳᠤ ᠨᠡᠩ ᠳᠥᠭᠦᠮ ᠳᠥᠲᠡ ᠥᠨᠳᠥᠷ ᠪᠦᠲᠦᠮᠵᠢᠲᠡᠢ ᠪᠤᠯᠭᠠᠵᠤ᠂ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠲᠡᠰ ᠳᠡᠪᠰᠢᠬᠦ ᠶᠢ ᠠᠬᠢᠭᠤᠯᠪᠠ᠃      ︽ᠡᠨᠡ ᠵᠢᠯ ᠪᠢᠳᠡ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠤᠯᠭᠠᠵᠤ᠂ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ ᠶᠢᠨ ᠾᠧ ᠯᠢᠨ ᠲᠣᠰᠬᠤᠨ ᠤ ᠬᠠᠶᠠᠭᠳᠠᠮᠠᠯ ᠬᠠᠭᠤᠴᠢᠨ ᠬᠦᠯᠡᠮᠵᠢ᠂ ᠭᠡᠭᠡᠭᠰᠡᠨ ᠢᠨᠵᠧᠨᠧᠷᠢᠩ ᠤᠨ ᠴᠢᠬᠢ ᠪᠣᠶᠢᠵᠢᠭᠤᠯᠬᠤ ᠣᠶᠢᠲᠤ ᠭᠠᠵᠠᠷ ᠪᠣᠯᠣᠨ ᠬᠡᠰᠡᠭ ᠠᠲᠠᠷᠰᠢᠭᠰᠠᠨ ᠭᠠᠵᠠᠷ ᠢ ᠨᠤᠷᠠᠭᠠᠬᠤ᠂ ᠴᠡᠪᠡᠷᠯᠡᠬᠦ᠂ ᠰᠡᠯᠪᠢᠨ ᠵᠠᠰᠠᠬᠤ ᠪᠠ ᠥᠭᠡᠷᠡᠴᠢᠯᠡᠵᠦ᠂ 680 ᠮᠦ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠴᠡᠭᠴᠡᠯᠡᠨ ᠵᠠᠰᠠᠵᠤ᠂ ᠠᠵᠤ ᠠᠬᠤᠶᠢᠯᠠᠯ ᠳᠤ ᠰᠢᠯᠵᠢᠭᠦᠯᠦᠨ ᠥᠭᠪᠡ︾᠃ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠢᠳᠡᠰᠢᠨ ᠨᠣᠭᠤᠭ᠎ᠠ ᠵᠢᠭᠠᠰᠤᠨ ᠠᠵᠤ ᠠᠬᠤᠢ ᠶᠢᠨ ᠲᠠᠰᠤᠭ ᠤᠨ ᠳᠠᠷᠤᠭ᠎ᠠ ᠰᠢᠦᠢ ᠵᠢᠶᠦ᠋ᠨ ᠼᠠᠢ᠄ ᠨᠢᠳᠤᠨᠤᠨ ᠤ ᠵᠢᠯ ᠤᠨ ᠰᠡᠭᠦᠯᠴᠢ ᠪᠠᠷ ᠥᠪᠥᠷ ᠮᠣᠩᠭᠤᠯ ᠤᠨ ᠵᠢᠶᠠ ᠱᠢ ᠲᠠᠷᠢᠶᠠᠯᠠᠩ ᠤᠨ ᠣᠶᠤᠨᠲᠤ ᠲᠠᠷᠢᠮᠠᠯ ᠤᠨ ᠰᠠᠭᠤᠷᠢᠨ ᠤ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠶᠡᠷᠦᠩᠬᠡᠢ ᠪᠡᠯᠡ ᠣᠷᠣᠭᠤᠯᠤᠯᠲᠠ ᠨᠢ 7000 ᠲᠦᠮᠡᠨ ᠲᠥᠭᠦᠷᠢᠭ ᠲᠤ ᠬᠦᠷᠴᠦ᠂ ᠡᠨᠡ ᠵᠢᠯ ᠤᠨ 3 ᠰᠠᠷ᠎ᠠ ᠳᠤ ᠪᠠᠷᠢᠯᠭ᠎ᠠ ᠡᠬᠢᠯᠡᠭᠦᠯᠵᠦ᠂ ᠨᠢᠭᠡᠳᠦᠭᠡᠷ ᠬᠤᠭᠤᠴᠠᠭᠠᠨ ᠤ ᠲᠠᠯᠠᠪᠠᠢ ᠨᠢ 360 ᠮᠦ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 4000 ᠲᠦᠮᠡᠨ ᠲᠥᠭᠦᠷᠢᠭ ᠲᠤ ᠬᠦᠷᠴᠦ᠂ 33 ᠲᠣᠮᠣ ᠬᠦᠯᠡᠮᠵᠢ ᠪᠠᠶᠢᠭᠤᠯᠵᠤ᠂ ᠪᠦᠷ ᠦᠵᠦᠮ ᠳᠠᠷᠢᠵᠠᠢ᠃ ᠬᠤᠶᠠᠳᠤᠭᠠᠷ ᠬᠤᠭᠤᠴᠠᠭᠠᠨ ᠳᠤ 320 ᠮᠦ ᠭᠠᠵᠠᠷ ᠡᠵᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 3000 ᠲᠦᠮᠡᠨ ᠲᠥᠭᠦᠷᠢᠭ ᠲᠤ ᠬᠦᠷᠴᠦ᠂ ᠣᠲᠣ ᠶᠠᠭ 26 ᠲᠣᠮᠣ ᠬᠦᠯᠡᠮᠵᠢ ᠪᠠᠷᠢᠵᠤ ᠪᠠᠶᠢᠨ᠎ᠠ᠂ ᠡᠭᠦᠨ ᠢ ᠪᠦᠭᠦᠨ ᠢᠶᠠᠷ ᠨᠢ ᠴᠢᠨᠠᠷ ᠰᠠᠶᠢᠲᠠᠢ ᠨᠠᠷᠰᠦ ᠳᠠᠷᠢᠬᠤ ᠳᠤ ᠬᠡᠷᠡᠭᠯᠡᠵᠦ᠂ ᠵᠢᠱᠢᠯᠲᠡ ᠪᠠᠷ 12 ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ᠃ ᠰᠠᠭᠤᠷᠢᠨ ᠳᠤ ᠴᠥᠮ ᠣᠶᠤᠨᠴᠢ ᠡᠵᠡᠮᠰᠢᠯ ᠰᠢᠰᠲ᠋ᠧᠮ ᠤᠭᠰᠠᠷᠠᠵᠤ᠂ ᠨᠢᠭᠡᠨᠲᠡ ᠪᠦᠷᠢᠨ ᠠᠦ᠋ᠲ᠋ᠣ᠋ ᠡᠵᠡᠮᠰᠢᠯ ᠢ ᠪᠡᠶᠡᠯᠡᠭᠦᠯᠵᠡᠢ ᠭᠡᠵᠦ ᠰᠤᠷᠪᠤᠯᠵᠢᠯᠠᠬᠴᠢ ᠳᠤ ᠲᠠᠨᠢᠯᠴᠠᠭᠤᠯᠪᠠ᠃      ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ ᠲᠤᠰ ᠰᠠᠭᠤᠷᠢᠨ ᠳᠤ ᠮᠦ ᠳᠤᠮᠳᠠᠴᠢ ᠳᠤ 70 ᠰᠠᠭᠤᠷᠢ ᠦᠵᠦᠮ ᠤᠨ ᠮᠣᠳᠣ ᠳᠠᠷᠢᠵᠤ᠂ ᠮᠦ ᠳᠤᠮᠳᠠᠴᠢ ᠶᠢᠨ ᠤᠨᠠᠯᠲᠠ ᠨᠢ 5000 ᠵᠢᠩ ᠠᠴᠠ ᠳᠡᠭᠡᠭᠰᠢ ᠪᠠᠶᠢᠵᠤ᠂ ᠵᠠᠬ᠎ᠠ ᠳᠡᠯᠭᠡᠭᠦᠷ ᠤᠨ ᠬᠥᠭᠵᠢᠶᠡᠨ ᠦᠭᠡᠢ ᠤᠯᠠᠷᠢᠯ ᠪᠠ ᠬᠥᠭᠵᠢᠶᠡᠨ ᠲᠠᠢ ᠤᠯᠠᠷᠢᠯ ᠤᠨ ᠳᠤᠮᠳᠠᠴᠢ ᠦᠨ᠎ᠡ ᠶᠢ ᠵᠢᠩ ᠪᠦᠷᠢ ᠳᠡᠭᠡᠨ 20 ᠲᠥᠭᠦᠷᠢᠭ ᠢᠶᠠᠷ ᠪᠤᠳᠤᠪᠠᠯ᠂ ᠬᠦᠷᠢᠶᠡᠯᠡᠩ ᠲᠣᠭᠤᠷᠢᠭ ᠤᠨ ᠵᠢᠯ ᠤᠨ ᠣᠷᠣᠯᠭ᠎ᠠ ᠨᠢ 2400 ᠲᠦᠮᠡᠨ ᠲᠥᠭᠦᠷᠢᠭ ᠲᠤ ᠬᠦᠷᠬᠦ ᠪᠣᠯᠣᠨ᠎ᠠ᠃      ᠡᠭᠦᠨ ᠤ ᠵᠡᠷᠭᠡ ᠪᠠᠷ᠂ ᠰᠠᠭᠤᠷᠢᠨ ᠤ ᠬᠢᠨ ᠪᠠᠰᠠ ᠲᠠᠷᠢᠶᠠᠯᠠᠩ ᠤᠨ ᠲᠤᠰᠬᠠᠢ ᠮᠡᠷᠭᠡᠵᠢᠯ ᠤᠨ ᠶᠡᠭᠡ ᠰᠤᠷᠭᠠᠭᠤᠯᠢ ᠲᠡᠭᠦᠰᠦᠭᠰᠡᠨ10 ᠣᠶᠤᠲᠠᠨ ᠢ ᠭᠥᠯᠢᠶᠡᠨ ᠠᠪᠴᠤ᠂ ᠣᠶᠢᠷ᠎ᠠ ᠬᠠᠪᠢ ᠶᠢᠨ ᠰᠠᠭᠤᠭᠠᠯᠢ ᠠᠷᠠᠳ ᠢ ᠳᠠᠶᠢᠴᠢᠯᠠᠨ ᠤᠷᠲᠤ   ᠬᠤᠭᠤᠴᠠᠭ᠎ᠠ ᠪᠠᠷ 50 ᠭᠠᠷᠤᠢ ᠬᠥᠮᠥᠨ ᠳᠤ ᠲᠣᠭᠲᠠᠪᠤᠷᠢᠲᠠᠢ ᠠᠵᠢᠯ ᠣᠯᠭᠤᠵᠤ᠂ 200 ᠭᠠᠷᠤᠢ ᠬᠥᠮᠥᠨ ᠳᠤ ᠤᠯᠠᠷᠢᠯ ᠤᠨ ᠴᠢᠨᠠᠷᠲᠠᠢ ᠠᠵᠢᠯ ᠣᠯᠭᠤᠵᠤ᠂ ᠲᠠᠷᠢᠶᠠᠴᠢᠳ ᠲᠤ ᠵᠢᠯ ᠳᠤ 300 ᠭᠠᠷᠤᠢ ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠬᠦ ᠪᠣᠯᠣᠨ᠎ᠠ᠃      ᠰᠠᠶᠢᠬᠠᠨ ᠲᠣᠭᠤᠷᠢᠭ ᠲᠤ᠂ ᠣᠶᠤᠨᠲᠤ ᠲᠠᠷᠢᠶᠠᠯᠠᠩ ᠨᠢ ᠵᠥᠪᠭᠡᠨ ᠵᠢᠶᠠ ᠱᠢ ᠲᠠᠷᠢᠶᠠᠯᠠᠩ ᠤᠨ ᠣᠶᠤᠨᠲᠤ ᠲᠠᠷᠢᠮᠠᠯ ᠤᠨ ᠰᠠᠭᠤᠷᠢᠨ ᠢᠶᠠᠷ ᠲᠣᠭᠲᠠᠬᠤ ᠲᠡᠳᠦᠢ ᠪᠢᠰᠢ᠃      ︽ᠡᠨᠡ ᠵᠢᠯ᠂ ᠰᠠᠶᠢᠬᠠᠨ ᠲᠣᠭᠤᠷᠢᠭ ᠤᠨ ᠭᠤᠣᠯᠳᠠᠯᠭ᠎ᠠ ᠲᠠᠢ ᠣᠷᠣᠭᠤᠯᠤᠨ ᠠᠪᠴᠢᠷᠠᠭᠰᠠᠨ ᠮᠣᠩᠭᠤᠯ ᠵᠢᠭᠤᠯᠴᠢᠯᠠᠯ ᠤᠨ ᠲᠡᠮᠳᠡᠭᠯᠡᠯ᠂ ᠷᠦᠨ ᠽᠧ ᠶᠤᠸᠠᠨ᠂ ᠵᠢᠶᠠ ᠱᠢ ᠲᠠᠷᠢᠶᠠᠯᠠᠩ ᠵᠡᠷᠭᠡ 3 ᠲᠥᠷᠥᠯ ᠵᠦᠢᠯ ᠳᠤ ᠨᠡᠶᠢᠲᠡ 2.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠤᠰ ᠵᠢᠯ ᠤᠨ ᠪᠡᠯᠡ ᠣᠷᠣᠭᠤᠯᠤᠯᠲᠠ᠂ ᠲᠤᠰ ᠵᠢᠯ ᠤᠨ ᠪᠦᠲᠦᠭᠡᠨ ᠪᠠᠶᠢᠭᠤᠯᠤᠯᠲᠠ᠂ ᠲᠤᠰ ᠵᠢᠯ ᠤᠨ ᠡᠵᠡᠩᠨᠡᠯᠲᠡ ᠶᠢ ᠪᠦᠭᠦᠨ ᠢ ᠪᠡᠶᠡᠯᠡᠭᠦᠯᠦᠭᠰᠡᠨ ᠪᠥᠭᠡᠳ ᠬᠠᠮᠤᠭ ᠤᠨ ᠲᠡᠷᠢᠭᠦᠨ ᠤ ᠣᠶᠤᠨᠴᠢᠯᠠᠭᠰᠠᠨ ᠬᠠᠮᠢᠶᠠᠷᠤᠯᠲᠠ ᠶᠢᠨ ᠡᠵᠡᠮᠳᠡᠯ ᠰᠢᠰᠲ᠋ᠧᠮ ᠢ ᠢᠵᠢ ᠪᠦᠷᠢᠳᠦᠭᠦᠯᠵᠦ᠂ ᠲᠥᠬᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠤᠨ ᠪᠠᠷᠢᠮᠵᠢᠶᠠᠵᠢᠯᠲᠠ᠂ ᠡᠷᠴᠢᠮᠵᠢᠯᠲᠡ᠂ ᠠᠦ᠋ᠲ᠋ᠣᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠪᠡ︾᠃ ᠰᠢᠦᠢ ᠵᠢᠶᠦ᠋ᠨ ᠼᠠᠢ᠂ ᠲᠠᠷᠠᠭᠠᠴᠢ ᠶᠢᠨ ᠠᠯᠬᠤᠮ ᠳᠤ ᠪᠢᠳᠡ ᠨᠠᠩ ᠣᠯᠠᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠳᠡᠭᠡᠳᠦ ᠲᠠᠰ ᠤᠨ ᠪᠣᠬᠢᠷᠳᠤᠯ ᠦᠭᠡᠢ ᠮᠠᠯ ᠠᠵᠤ ᠠᠬᠤᠢ ᠲᠠᠷᠢᠶᠠᠯᠠᠩ ᠢ ᠯᠠᠪᠳᠠᠭᠤᠨ ᠢᠶᠠᠷ ᠲᠠᠰ ᠳᠡᠪᠰᠢᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠰᠠᠶᠢᠬᠠᠨ ᠲᠣᠭᠤᠷᠢᠭ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号