| | | ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠠᠰ ᠳᠡᠪᠰᠢᠭᠦᠯᠵᠦ᠂ | ᠡᠨᠡ ᠵᠢᠯ ᠤᠨ ᠡᠴᠦᠰ ᠠᠴᠠ ᠡᠮᠦᠨ᠎ᠡ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠶᠤ | ᠤᠯᠤᠰ ᠤᠨ ᠨᠢᠭᠤᠴᠠ ᠳᠤ ᠬᠤᠯᠪᠣᠭᠳᠠᠬᠤ ᠵᠡᠷᠭᠡ ᠣᠨᠴᠠᠭᠠᠶ ᠪᠠᠶᠢᠳᠠᠯ ᠠᠴᠠ ᠭᠠᠳᠠᠨ᠎ᠠ᠂ ᠬᠤᠲᠠ ᠶᠢᠨ ᠲᠣᠰ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠶᠢ ᠦᠨᠳᠦᠰᠦᠨ ᠳᠡᠭᠡᠨ ᠪᠡᠶᠡᠯᠡᠭᠦᠯᠵᠦ᠂ 1000 ᠵᠦᠢᠯᠡᠰ ᠢ ︽ᠠᠯᠠᠭᠠᠨ ᠳᠡᠭᠡᠷ᠎ᠡ ᠪᠠᠨ | ᠰᠢᠢᠳᠪᠦᠷᠢᠯᠡᠬᠦ︾ ᠶᠢ ᠪᠡᠶᠡᠯᠡᠭᠦᠯᠦᠨ᠎ᠡ︔ ᠬᠤᠰᠢᠭᠤ ᠰᠢᠶᠠᠨ ᠲᠣᠭᠤᠷᠢᠭ ᠤᠨ 70% ᠠᠴᠠ ᠳᠡᠭᠡᠭᠰᠢᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ | ᠪᠡᠶᠡᠯᠡᠭᠦᠯᠦᠨ᠎ᠡ᠃ ᠡᠭᠦᠨ ᠤ ᠬᠠᠮᠲᠤ ᠪᠠᠰᠠ ᠬᠥᠬᠡᠬᠤᠲᠠ ᠪᠤᠭᠤᠲᠤ ᠣᠷᠳᠣᠰ ᠤᠯᠠᠭᠠᠨᠴᠠᠪ ︽ᠳᠥᠷᠪᠡᠨ | ᠬᠤᠲᠠ ᠳᠤ ᠨᠡᠶᠢᠳᠡᠮ ᠭᠦᠢᠴᠡᠳᠬᠡᠬᠦ︾ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠡᠭᠦᠯᠡᠨ ᠳᠡᠭᠡᠷ᠎ᠡ | ᠵᠣᠯᠭᠠᠬᠤ︾ ᠦᠢᠯᠡᠴᠢᠯᠡᠭᠡ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢᠶᠠᠷ ᠲᠦᠰᠢᠭ ᠪᠣᠯᠭᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠨᠢᠭᠡ ᠴᠣᠭᠴᠠᠵᠢᠭᠤᠯᠤᠨ ᠵᠣᠬᠢᠴᠠᠯᠳᠤᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ | ᠡᠨᠡ ᠵᠢᠯ ᠤᠨ ᠰᠡᠭᠦᠯᠴᠢ ᠠᠴᠠ ᠡᠮᠦᠨ᠎ᠡ᠂ 640 ᠵᠦᠢᠯ ᠤᠨ ᠭᠤᠶᠤᠴᠢᠯᠠᠬᠤ ᠵᠠᠰᠠᠭ ᠵᠠᠬᠢᠷᠭᠠᠨ ᠤ ᠡᠷᠬᠡ ᠶᠢᠨ | ᠵᠦᠢᠯᠡᠰ ᠪᠠ 360 ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠤᠨ ︽ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠳᠤ ᠣᠷᠣᠭᠤᠯᠵᠤ᠂ ᠣᠯᠠᠨ | ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠬᠤᠶᠠᠷ ᠭᠠᠵᠠᠷ ᠤᠨ ᠬᠤᠭᠤᠷᠣᠨᠳᠤ ᠨᠠᠰᠢ | ᠴᠠᠰᠢ ᠭᠦᠶᠦᠬᠦ︾ ᠦᠭᠡᠢ ᠪᠣᠯᠭᠠᠨ᠎ᠠ᠃ ︵ᠯᠢ ᠬᠠᠢ ᠵᠧᠨ︶ |