2022 ᠣᠨ ᠤ ᠬᠤᠷᠢᠨᠭᠡᠷ ᠰᠢᠶᠠᠨ ᠤ ᠢᠳᠡᠭᠡᠨ ᠤ ᠵᠦᠢᠯ ᠤᠨ ᠬᠤᠯᠪᠣᠭᠳᠠᠯ ᠪᠥᠬᠦᠶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠤ ᠠᠵᠢᠯᠲᠠᠨ ᠢ ᠰᠣᠩᠭᠤᠨ ᠰᠢᠯᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2023/2/16
     ᠤᠯᠤᠰ ᠤᠨ ᠵᠠᠬ᠎ᠠ ᠳᠡᠯᠭᠡᠭᠦᠷ ᠤᠨ ᠶᠡᠷᠦᠩᠬᠡᠶ ᠲᠣᠪᠴᠢᠶ᠎ᠠ ᠶᠢᠨ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠲᠣᠭᠲᠠᠭᠠᠯ︾ ᠵᠢᠴᠢ ︽ᠢᠳᠡᠭᠡᠨ ᠤ  ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠤᠨ ᠠᠵᠢᠯ ᠤᠨ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2022 ᠣᠨ ᠠᠴᠠ 2023 ᠣᠨ ᠪᠣᠯᠲᠠᠯ᠎ᠠ ᠪᠦᠬᠦ ᠰᠢᠶᠠᠨ ᠤ ᠬᠡᠰᠡᠭ ᠢᠳᠡᠭᠡᠨ ᠤ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠳᠡᠭᠡᠨ ᠤ ᠠᠮᠤᠷ ᠲᠦᠪᠰᠢᠨ ᠤ ᠠᠵᠢᠯᠲᠠᠳ ᠲᠤ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠰᠤᠭᠤᠴᠢᠨ ᠰᠢᠯᠭᠠᠯᠲᠠ ᠬᠢᠪᠡ᠃ ᠡᠭᠦᠨ ᠳᠤ ᠢᠳᠡᠭᠡᠨ ᠤ ᠵᠦᠢᠯ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ 19 ᠬᠥᠮᠦᠨ ᠣᠷᠣᠯᠴᠠᠵᠤ᠂ 19 ᠬᠥᠮᠦᠨ ᠪᠠᠲᠤᠯᠠᠭᠳᠠᠵᠤ᠂ ᠬᠢᠷᠢ ᠲᠡᠩᠴᠡᠭᠰᠡᠨ ᠨᠣᠷᠮ᠎ᠠ ᠨᠢ 100% ᠪᠣᠯᠤᠨ᠎ᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ 33 ᠬᠥᠮᠦᠨ ᠣᠷᠣᠯᠴᠠᠵᠤ᠂ 33 ᠬᠥᠮᠦᠨ ᠪᠠᠲᠤᠯᠠᠭᠳᠠᠵᠤ᠂ ᠬᠢᠷᠢ ᠲᠡᠩᠴᠡᠭᠰᠡᠨ ᠨᠣᠷᠮ᠎ᠠ ᠨᠢ 100% ᠳᠤ ᠬᠥᠷᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号