ᠬᠠᠭᠠᠨ ᠤ ᠣᠷᠳᠣᠨ ᠤ ᠮᠦᠽᠧᠢ ᠮᠠᠨ ᠤ ᠬᠤᠲᠠ ᠲᠠᠢ ᠬᠠᠮᠲᠤᠷᠠᠨ ᠠᠵᠢᠯᠯᠠᠬᠤ ᠪᠦᠳᠦᠭᠦᠪᠴᠢ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/2/16
     ᠸᠠᠩ ᠰᠢᠦᠢ ᠳ᠋ᠦᠩ ᠪᠣᠣ ᠭᠠᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ ︵ᠰᠤᠷᠪᠤᠯᠵᠢᠯᠠᠭᠴᠢ ᠶᠦᠨ ᠵᠢᠩ︶      2 ᠳ᠋ᠤᠭᠠᠷ ᠰᠠᠷ᠎ᠠ ᠶᠢᠨ 14 ᠤ ᠡᠳᠦᠷ᠂ ᠬᠠᠭᠠᠨ ᠤ ᠣᠷᠳᠣᠨ ᠤ ᠮᠦᠽᠧᠢ ᠮᠠᠨ ᠤ ᠬᠤᠳᠠ ᠲᠠᠢ ᠪᠡᠭᠡᠵᠢᠩ ᠳᠤ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠠᠭᠠᠨ ᠤ ᠣᠷᠳᠣᠨ ᠤ ᠮᠦᠽᠧᠢ ᠶᠢᠨ ᠳᠠᠷᠤᠭ᠎ᠠ ᠸᠠᠩ ᠰᠢᠦᠢ ᠳ᠋ᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠬᠠᠭᠠᠨ ᠤ ᠣᠷᠳᠣᠨ ᠤ ᠮᠦᠽᠧᠢ ᠶᠢᠨ ᠪᠠᠶᠢᠩᠭᠤ ᠶᠢᠨ ᠳᠡᠳ᠋ ᠳᠠᠷᠤᠭ᠎ᠠ ᠯᠧᠦ ᠸᠧᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠵᠢᠢ ᠹᠧᠢ ᠬᠤᠶᠠᠷ ᠲᠠᠯ᠎ᠠ ᠶᠢ ᠲᠥᠯᠥᠭᠡᠯᠡᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠬᠠᠭᠠᠨ ᠤ ᠣᠷᠳᠣᠨ ᠤ ᠮᠦᠽᠧᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠳᠠᠷᠤᠭ᠎ᠠ ᠯᠥᠸᠧ ᠰᠢᠶᠠᠨ ᠯᠢᠶᠠᠩ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠪᠡ᠃      ᠬᠡᠯᠡᠯᠴᠡᠭᠡᠷ ᠢ ᠦᠨᠳᠦᠰᠦᠯᠡᠪᠡᠯ᠂ ᠬᠠᠭᠠᠨ ᠤ ᠣᠷᠳᠣᠨ ᠤ ᠮᠦᠽᠧᠢ ᠪᠣᠯᠣᠨ ᠮᠠᠨ ᠤ ᠬᠤᠲᠠ ︽ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ︾ ᠵᠣᠷᠢᠯᠲᠠ ᠶᠢ ᠪᠠᠷᠢᠮᠲᠠᠯᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠂ ᠬᠠᠮᠲᠤ ᠪᠠᠷ ᠬᠥᠭᠵᠢᠬᠦ ᠵᠠᠷᠴᠢᠮ ᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠵᠠᠰᠠᠨ ᠰᠡᠷᠭᠦᠭᠡᠬᠦ ᠬᠠᠮᠲᠤᠷᠠᠭᠰᠠᠨ ᠠᠵᠢᠯᠯᠠᠬᠤ ᠲᠠᠰᠤᠭ ᠢ ᠲᠥᠯᠥᠪᠯᠡᠨ ᠪᠠᠶᠢᠭᠤᠯᠬᠤ᠂ ᠬᠠᠮᠲᠤᠷᠠᠨ ᠦᠵᠡᠰᠬᠦᠯᠡᠩ ᠡᠷᠬᠢᠯᠡᠬᠦ᠂ ᠬᠦᠴᠦ ᠪᠠᠨ ᠬᠠᠮᠲᠤᠳᠬᠠᠨ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠦᠬᠡ ᠰᠣᠶᠣᠯ ᠤᠨ ᠥᠪ ᠢ ᠬᠠᠮᠠᠭᠠᠯᠠᠬᠤ᠂ ᠳᠡᠯᠭᠡᠨ ᠦᠵᠡᠭᠦᠯᠬᠦ᠂ ᠰᠣᠶᠣᠯ ᠤᠨ ᠪᠦᠲᠦᠭᠡᠯᠴᠢ ᠰᠡᠳᠬᠢᠬᠦᠢ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠨ ᠪᠠᠳᠠᠷᠠᠭᠤᠯᠬᠤ ᠪᠣᠯᠣᠨ᠎ᠠ      ᠬᠠᠭᠠᠨ ᠤ ᠣᠷᠳᠣᠨ ᠤ ᠮᠦᠽᠧᠢ ᠶᠢᠨ ᠳᠡᠳ᠋ ᠳᠠᠷᠤᠭ᠎ᠠ ᠿᠧᠨ ᠸᠠᠨ ᠫᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠵᠢᠢ ᠶᠢᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号