︵ᠰᠤᠷᠪᠤᠯᠵᠢᠯᠠᠭᠴᠢ ᠰᠥᠩ ᠰᠢᠶᠠᠩ ᠬᠤᠸᠠ︶ 2 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠶᠢᠨ ︽ᠣᠯᠠᠨ | ᠬᠡᠮᠵᠢᠯᠲᠡ ᠶᠢ ᠨᠢᠭᠡᠳᠬᠡᠬᠦ︾ ᠮᠡᠳᠡᠭᠡ ᠵᠠᠩᠭᠢ ᠶᠢᠨ ᠲᠠᠪᠴᠠᠩ ᠤᠨ ᠲᠥᠰᠥᠯ ᠰᠢᠯᠭᠠᠨ ᠠᠪᠬᠤ ᠳᠤ ᠬᠢᠷᠢ ᠲᠡᠩᠴᠡᠪᠡ᠂ | ᠲᠣᠰ ᠲᠥᠰᠥᠯ ᠢ ᠬᠡᠷᠡᠭᠵᠢᠭᠦᠯᠬᠦ ᠶᠢᠨ ᠵᠣᠷᠢᠯᠭ᠎ᠠ ᠨᠢ ︽ᠨᠢᠭᠡ ᠤᠳᠠᠭ᠎ᠠ ᠨᠠᠶᠢᠳᠠᠵᠤ᠂ ᠬᠠᠮᠲᠤᠷᠠᠨ ᠬᠡᠮᠵᠢᠨ ᠵᠢᠷᠤᠵᠤ᠂ | ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ︾ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠶᠢᠨ | ᠲᠥᠯᠥᠭᠡ ᠶᠤᠮ᠃ | ︽ᠣᠯᠠᠨ ᠬᠡᠮᠵᠢᠯᠲᠡ ᠶᠢ ᠨᠢᠭᠡᠳᠬᠡᠬᠦ︾ ᠥᠭᠡᠷᠡᠴᠢᠯᠡᠯᠲᠡ ᠪᠣᠯ ︽ᠲᠥᠷᠥ ᠶᠢᠨ ᠶᠠᠪᠤᠳᠠᠯ ᠤᠨ ᠬᠤᠷᠢᠶᠠᠨ ᠤ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ︾ | ᠶᠢ ᠲᠤᠭᠤᠰᠢᠯᠠᠭᠤᠯᠬᠤ ᠴᠢᠬᠤᠯᠠ ᠠᠭᠤᠯᠭ᠎ᠠ ᠮᠥᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠂ ᠲᠣᠰ ᠤᠳᠠᠭ᠎ᠠ ᠶᠢᠨ ᠪᠠᠶᠢᠭᠤᠯᠤᠭᠰᠠᠨ ᠪᠥᠬᠦ ᠶᠠᠪᠤᠴᠠ ᠶᠢ ᠬᠠᠮᠤᠷᠤᠭᠰᠠᠨ᠂ ᠪᠥᠬᠦ | ᠲᠤᠬᠠᠶᠢᠯᠠᠭᠰᠠᠨ ᠠᠵᠢᠯ ᠢ ᠬᠠᠮᠢᠶᠠᠷᠤᠭᠰᠠᠨ᠂ ᠪᠥᠬᠦ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ︽ᠣᠯᠠᠨ | ᠬᠡᠮᠵᠢᠯᠲᠡ ᠶᠢ ᠨᠢᠭᠡᠳᠬᠡᠬᠦ︾ ᠲᠠᠪᠴᠠᠩ ᠠᠰᠢᠭᠯᠠᠯᠲᠠ ᠳᠤ ᠣᠷᠣᠭᠰᠠᠨ ᠨᠢ᠂ ᠮᠠᠨ ᠤ ᠬᠤᠲᠠ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ | ᠲᠠᠪᠴᠠᠩ ᠤᠨ ᠲᠤᠬᠠᠶᠢᠯᠠᠭᠰᠠᠨ ᠠᠵᠢᠯ ᠢ ᠬᠢᠨᠠᠨ ᠵᠥᠪᠰᠢᠶᠡᠷᠡᠬᠦ ᠪᠠ ᠥᠯᠥ ᠬᠥᠳᠡᠯᠬᠦ ᠬᠥᠷᠥᠩᠭᠡ ᠶᠢᠨ ︽ᠭᠡᠷ | ᠪᠠᠶᠢᠰᠢᠩ ᠢ ᠲᠤᠰᠢᠶᠠᠭᠰᠠᠨ ᠳᠠᠷᠤᠢ ᠦᠨᠡᠮᠯᠡᠯ ᠣᠯᠭᠤᠬᠤ︾ ᠶᠢ ᠬᠡᠷᠡᠭᠵᠢᠭᠦᠯᠬᠦ ᠶᠢ ᠪᠦᠲᠦᠮᠵᠢᠲᠡᠶ ᠪᠠᠲᠤᠯᠠᠬᠤ | ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠦᠷᠭᠦᠯᠵᠢᠯᠡᠨ ᠴᠢᠷᠮᠠᠶᠢᠵᠤ᠂ ᠲᠠᠪᠴᠠᠩ ᠤᠨ ᠬᠡᠷᠡᠭᠯᠡᠯᠲᠡ ᠶᠢ ᠳᠠᠰᠤᠷᠠᠯᠳᠠ ᠦᠭᠡᠢ ᠥᠷᠭᠡᠳᠬᠡᠵᠦ᠂ ᠲᠠᠪᠴᠠᠩ ᠤᠨ | ᠴᠢᠳᠠᠪᠬᠢ ᠶᠢ ᠨᠡᠮᠡᠭᠳᠡᠭᠦᠯᠵᠦ᠂ ᠲᠠᠪᠴᠠᠩ ᠤᠨ ᠡᠯ᠎ᠡ ᠰᠠᠯᠠᠭ᠎ᠠ ᠮᠥᠴᠢᠷ ᠲᠤ ᠦᠵᠡᠭᠦᠯᠬᠦ ᠲᠤᠭ᠎ᠠ ᠪᠠᠷᠢᠮᠲᠠ ᠶᠢ | ᠬᠠᠮᠲᠤᠪᠠᠷ ᠡᠳ᠋ᠯᠡᠬᠦ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | |