ᠪᠣᠬᠢᠷᠲᠤᠬᠰᠠᠨ ᠠᠶᠤᠯ ᠲᠠᠢ ᠡᠨᠡ ᠬᠤᠶᠠᠷ ᠵᠦᠢᠯ ᠤᠨ ᠨᠢᠳᠦᠨ ᠤ ᠡᠮ ᠢ ᠲᠦᠷᠭᠡᠨ ᠪᠤᠴᠠᠭᠠᠨ ᠠᠪᠴᠢᠷᠠᠨ᠎ᠠ ︕ ᠦᠭᠡᠢ ᠪᠤᠯ ᠬᠦᠨᠳᠦ ᠨᠣᠴᠢᠲᠠᠢ ᠬᠡᠮᠳᠦᠯ ᠤᠴᠠᠷᠠᠭᠤᠯᠵᠤ ᠮᠡᠳᠡᠨ᠎ᠡ︕
ᠨᠡᠶᠢᠲᠡᠯᠡᠭᠰᠡᠨ ᠴᠠᠭ᠄
2023/3/19
     ᠠᠮᠧᠷᠢᠺᠠ ᠶᠢᠨ ᠷᠠᠳᠢᠣ᠋ ᠨᠡᠪᠲᠡᠷᠡᠭᠦᠯᠭᠡ ᠶᠢᠨ ᠺᠣᠮᠫᠠᠨᠢ ᠶᠢᠨ 8 ᠤ ᠡᠳᠦᠷ ᠤᠨ ᠮᠡᠳᠡᠭᠡᠯᠡᠯ ᠢ ᠦᠨᠳᠦᠰᠦᠯᠡᠪᠡᠯ᠂ ᠠᠮᠧᠷᠢᠺᠠ ᠶᠢᠨ ᠢᠳᠡᠭᠡᠨ ᠪᠠ ᠡᠮ ᠲᠠᠩ ᠤᠨ ᠬᠠᠮᠢᠶᠠᠷᠤᠯᠲᠠ ᠶᠢᠨ ᠲᠣᠪᠴᠢᠶ᠎ᠠ ︵FDA︶ ᠪᠤᠴᠠᠭᠠᠨ ᠠᠪᠴᠢᠷᠠᠬᠤ  ᠮᠡᠳᠡᠭᠳᠡᠯ ᠨᠡᠶᠢᠲᠡᠯᠡᠵᠦ᠂ Pharmedica ᠪᠠ Apotex ᠬᠤᠶᠠᠷ ᠺᠣᠮᠫᠠᠨᠢ ᠶᠢᠨ ᠪᠣᠷᠣᠯᠠᠭᠤᠯᠵᠤ ᠪᠠᠶᠢᠭ᠎ᠠ ᠬᠡᠰᠡᠭ ᠨᠢᠳᠦᠨ ᠤ ᠡᠮ ᠤᠨ ᠦᠢᠯᠡᠳᠬᠦᠨ ᠳᠤ ᠪᠣᠬᠢᠷᠲᠤᠬᠰᠠᠨ ᠠᠶᠤᠯ ᠣᠷᠣᠰᠢᠵᠤ ᠪᠠᠶᠢᠨ᠎ᠠ᠂ ᠡᠨᠡ ᠨᠢ ᠬᠠᠷᠠᠭᠠᠨ ᠤ ᠠᠰᠠᠭᠤᠳᠠᠯ  ᠡᠭᠦᠰᠭᠡᠬᠦ ᠴᠢᠨᠠᠭᠰᠢᠯᠠᠪᠠᠯ ᠨᠠᠩ ᠬᠦᠨᠳᠦ ᠨᠣᠴᠢᠲᠠᠶ ᠬᠡᠮᠳᠦᠯ ᠤᠴᠠᠷᠠᠭᠤᠯᠵᠤ ᠮᠡᠳᠡᠨ᠎ᠡ ᠭᠡᠵᠡᠶ᠃        ᠤᠳᠤ ᠡᠮ ᠦᠢᠯᠡᠳᠪᠦᠷᠢᠯᠡᠭᠰᠡᠨ ᠠᠵᠤ ᠠᠬᠤᠶᠢᠯᠠᠯ ᠨᠢ ᠨᠢᠭᠡᠨᠲᠡ ᠪᠤᠴᠠᠭᠠᠨ ᠠᠪᠴᠢᠷᠠᠬᠤ ᠠᠷᠭ᠎ᠠ ᠬᠡᠮᠵᠢᠶ᠎ᠡ ᠠᠪᠴᠠᠶ᠃  ᠡᠨᠡ ᠬᠤᠶᠠᠷ ᠺᠣᠮᠫᠠᠨᠢ ᠢᠯᠡᠷᠬᠡᠶᠢᠯᠡᠬᠦ ᠳᠡᠭᠡᠨ᠂ ᠠᠮᠧᠷᠢᠺᠠ ᠶᠢᠨ ᠡᠮ ᠤᠨ ᠬᠠᠮᠢᠶᠠᠷᠤᠯᠲᠠ ᠶᠢᠨ ᠲᠣᠪᠴᠢᠶ᠎ᠠ ᠲᠠᠢ ᠵᠥᠪᠳᠡᠯᠴᠡᠭᠰᠡᠨ ᠤ ᠳᠠᠷᠠᠭ᠎ᠠ᠂ ᠰᠠᠶᠢᠨ ᠳᠤᠷ᠎ᠠ ᠠᠴᠠ ᠪᠠᠨ ᠬᠤᠯᠪᠣᠭᠳᠠᠯ ᠪᠥᠬᠦᠶ ᠬᠡᠳᠦᠨ ᠪᠦᠯᠦᠭ ᠦᠢᠯᠡᠳᠬᠦᠨ ᠢ ᠵᠠᠬ᠎ᠠ ᠳᠡᠯᠭᠡᠭᠦᠷ ᠠᠴᠠ ᠭᠠᠷᠭᠠᠨ᠎ᠠ ᠭᠡᠪᠡ᠃              ᠡᠨᠡ ᠵᠢᠯ ᠤᠨ 2 ᠰᠠᠷ᠎ᠠ ᠳᠤ᠂ ᠡᠨᠡᠳᠬᠡᠭ ᠤᠨ ᠨᠢᠭᠡ ᠵᠦᠢᠯ ᠤᠨ ᠨᠢᠳᠦᠨ ᠤ ᠡᠮ ᠢ ᠠᠮᠧᠷᠢᠺᠠ ᠶᠢᠨ ᠵᠠᠬ᠎ᠠ ᠳᠡᠯᠭᠡᠭᠦᠷ ᠠᠴᠠ ᠪᠤᠴᠠᠭᠠᠨ ᠠᠪᠴᠢᠷᠠᠪᠠ᠂ ᠲᠣᠰ ᠦᠢᠯᠡᠳᠬᠦᠨ ᠠᠴᠠ ᠪᠣᠯᠵᠣ ᠨᠠᠭᠠᠳᠤ ᠵᠠᠬ᠎ᠠ ᠳᠠᠭᠠᠨ ᠠᠮᠧᠷᠢᠺᠠ ᠶᠢᠨ 5  ᠡᠪᠡᠳᠴᠢᠲᠡᠨ ᠬᠠᠷᠠᠭ᠎ᠠ ᠪᠠᠨ ᠠᠯᠳᠠᠵᠤ᠂ ᠸᠠᠰᠢᠩᠲ᠋ᠣᠨ ᠵᠧᠤ ᠶᠢᠨ ᠨᠢᠭᠡ ᠡᠪᠡᠳᠴᠢᠲᠡᠨ ᠴᠢᠰᠦᠨ ᠳᠤᠨᠢ ᠬᠠᠯᠳᠠᠪᠤᠷᠢᠯᠠᠭᠰᠠᠨ ᠠᠴᠠ ᠪᠣᠯᠵᠣ ᠥᠭᠦᠭᠰᠡᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号