ᠬᠤᠤᠷᠳᠠᠬᠳᠠᠬᠤ ᠤᠷᠬᠢᠯ ᠤᠨ ᠬᠤᠭᠤᠴᠠᠭᠠᠨ ᠳᠤ ᠤᠷᠤᠪᠠ︕ ᠡᠭᠦᠨ ᠢ ᠪᠢᠲᠡᠭᠡᠶ ᠳᠤᠷ᠎ᠠ ᠪᠠᠷ ᠢᠶᠠᠨ ᠢᠳᠡ
ᠨᠡᠶᠢᠲᠡᠯᠡᠭᠰᠡᠨ ᠴᠠᠭ᠄
2023/3/21
     ᠨᠢᠰᠢᠩᠭᠦ ᠶᠢ ᠶᠡᠷᠦ ᠳᠡᠭᠡᠨ ᠵᠢᠯ ᠪᠦᠷᠢ ᠶᠢᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠤᠷᠢᠳ ᠬᠤᠵᠢᠳ ᠢᠶᠠᠷ ᠵᠠᠬ᠎ᠠ ᠳᠡᠯᠭᠡᠭᠦᠷ ᠲᠤ ᠭᠠᠷᠭᠠᠭᠠᠳ ᠳᠠᠷᠠᠭ᠎ᠠ ᠵᠢᠯ ᠤᠨ ᠬᠢᠨᠢ ᠬᠠᠩᠰᠢ ᠶᠢᠨ ᠤᠷᠢᠳ ᠬᠤᠵᠢᠳ ᠢᠶᠠᠷ ᠰᠠᠶ᠋ᠢ ᠬᠤᠳᠠᠯᠳᠤᠵᠤ ᠳᠠᠭᠤᠰᠬᠠᠳᠠᠭ᠂ ᠨᠢᠰᠢᠩᠭᠦ ᠶᠢ ᠡᠪᠦᠯ ᠲᠤᠵᠢ ᠬᠠᠳᠠᠭᠠᠯᠠᠬᠰᠠᠨ ᠤ ᠲᠡᠭᠡᠷ᠎ᠡ ᠨᠢ ᠳᠠᠬᠢᠨ ᠴᠢᠭᠢᠭᠯᠢᠭ ᠳᠤᠯᠠᠭᠠᠨ ᠠᠭᠤᠷ ᠠᠮᠢᠰᠬᠤᠯ ᠲᠠᠢ ᠲᠣᠬᠢᠶᠠᠯᠳᠤᠪᠠᠯ ᠮᠠᠰᠢ ᠠᠮᠠᠷᠬᠠᠨ ᠪᠠᠺᠲ᠋ᠧᠷᠢ ᠬᠠᠯᠳᠠᠪᠤᠷᠢᠯᠠᠨ ᠤᠯᠠᠭᠠᠨ ᠬᠥᠭᠡᠴᠦ  ᠶᠢᠨ ᠬᠤᠣᠷᠲᠤ ᠡᠳ᠋ ᠡᠭᠦᠰᠳᠡᠭ᠃  ᠸᠠᠯᠠᠬᠰᠠᠨ  ᠨᠢᠰᠢᠩᠭᠦ ᠢᠳᠡᠭᠰᠡᠨ ᠠᠴᠠ ᠪᠣᠯᠤᠭᠰᠠᠨ ᠢᠳᠡᠭᠡᠨ ᠤ ᠬᠤᠣᠷᠳᠠᠯ ᠨᠢ ᠬᠠᠪᠤᠷ ᠤᠨ ᠡᠬᠢᠨ ᠤ 2 ᠠᠴᠠ 3 ᠰᠠᠷ᠎ᠠ ᠳᠤ ᠡᠭᠦᠰᠳᠡᠭ ᠪᠦᠭᠡᠳ ᠡᠨᠡ ᠬᠦ ᠬᠤᠭᠤᠴᠠᠭ᠎ᠠ ᠨᠢ ᠶᠠᠭ ᠬᠤᠣᠷᠳᠠᠯ ᠡᠭᠦᠰᠬᠦ ᠤᠷᠬᠢᠯ ᠤᠨ ᠬᠤᠭᠤᠴᠠᠭ᠎ᠠ ᠪᠤᠯᠤᠨ᠎ᠠ᠃ ᠨᠢᠰᠢᠩᠭᠦ ᠸᠠᠯᠠᠪᠠᠯ ᠨᠢᠭᠡ  ᠵᠦᠢᠯ ᠤᠨ ᠮᠡᠳᠡᠷᠡᠯ ᠤᠨ ᠬᠤᠣᠷᠲᠤ ᠡᠳ᠋ ᠡᠭᠦᠰᠳᠡᠭ᠂ ᠲᠡᠷᠡ ᠨᠢ ᠬᠥᠬᠡ ᠬᠥᠭᠡᠴᠦ ᠶᠢᠨ ᠲᠥᠷᠥᠯ ᠪᠠ ᠲᠠᠬᠢᠷ ᠬᠥᠭᠡᠴᠦ ᠶᠢᠨ ᠲᠥᠷᠥᠯ  ᠵᠡᠷᠭᠡ‌‍ᠴᠥ᠋ᠭᠡᠨ ᠲᠣᠭᠠᠨ ᠤ ᠪᠠᠺᠲ᠋ᠧᠷᠢ ᠶᠢᠨ ᠲᠥᠷᠥᠯ ᠠᠴᠠ ᠡᠭᠦᠰᠦᠭᠰᠡᠨ ᠬᠤᠣᠷᠲᠤ ᠰᠣᠯᠢᠯᠴᠠᠭᠠᠨ ᠤ ᠪᠣᠳᠠᠰ 3  —  ᠨᠢᠲᠷᠤ᠋ ᠫᠷᠣᠫᠠ ᠬᠦᠴᠢᠯ ᠪᠣᠯᠤᠨ᠎ᠠ᠃ ᠡᠨᠡ ᠨᠢ ᠬᠥᠮᠦᠨ ᠤ ᠪᠡᠶ᠎ᠡ ᠳᠤ ᠣᠷᠣᠭᠰᠠᠨ ᠤ ᠳᠠᠷᠠᠭ᠎ᠠ  ᠰᠢᠩᠭᠡᠭᠡᠭᠳᠡᠵᠦ᠂ ᠲᠦᠷᠭᠡᠨ ᠡᠪᠡᠳᠴᠢᠯᠡᠬᠦᠯᠵᠦ᠂ᠶᠡᠷᠦ ᠳᠡᠭᠡᠨ ᠠᠷᠪᠠᠨ ᠬᠡᠳᠦᠨ ᠮᠢᠨᠦ᠋ᠲ ᠠᠴᠠ ᠠᠷᠪᠠᠨ ᠬᠡᠳᠦᠨ ᠴᠠᠭ ᠤᠨ ᠬᠤᠭᠤᠷᠤᠨᠳᠦ ᠡᠪᠡᠳᠴᠢᠯᠡᠬᠦᠯᠳᠡᠭ᠃              ᠣᠬᠤᠷ ᠬᠤᠭᠤᠴᠠᠭᠠᠨ ᠳᠤ ᠲᠥᠪ ᠮᠡᠳᠡᠷᠡᠯ ᠤᠨ ᠰᠢᠰᠲ᠋ᠧᠮ ᠢ ᠭᠡᠮᠲᠦᠭᠡᠵᠦ᠂ ᠲᠠᠷᠢᠬᠢᠨ ᠤᠰᠤᠨ ᠬᠠᠪᠤᠩ᠂ ᠲᠣᠯᠣᠭᠠᠢ ᠡᠪᠡᠳᠬᠦ ᠢᠯᠡᠷᠡᠯ ᠰᠢᠨᠵᠢ ᠡᠭᠦᠰᠭᠡᠳᠡᠭ᠂ ᠬᠦᠨᠳᠦ ᠰᠢᠭ ᠡᠪᠡᠳᠴᠢᠯᠡᠭᠰᠡᠳ ᠨᠢ ᠲᠠᠲᠠᠪᠠᠯᠵᠠᠬᠤ᠂ ᠬᠥᠯ ᠭᠠᠷ  ᠨᠢ ᠬᠦᠰᠢᠵᠦ᠂ ᠬᠡᠦᠬᠡᠨ ᠬᠠᠷᠠᠭ᠎ᠠ ᠨᠢ ᠲᠣᠮᠣᠷᠠᠳᠠᠭ︔ ᠬᠦᠨᠳᠦ ᠡᠪᠡᠳᠴᠢᠯᠡᠭᠰᠡᠳ ᠨᠢ ᠴᠢᠰᠤ ᠲᠤᠳᠠᠵᠤ᠂ ᠠᠮᠢᠰᠬᠤᠯ  ᠨᠢ ᠳᠣᠷᠦ᠋ᠢᠲᠠᠵᠤ  ᠦᠬᠦᠳᠡᠭ᠃ ᠨᠢᠭᠡ ᠪᠦᠯᠦᠭ ᠡᠪᠡᠳᠴᠢᠯᠡᠭᠰᠡᠳ ᠪᠠᠰᠠ ᠨᠢᠰᠢᠩᠭᠦ ᠶᠢᠨ ᠬᠤᠣᠷᠲᠤ ᠡᠳ᠋ ᠲᠤ ᠬᠤᠣᠷᠳᠠᠭᠳᠠᠭᠰᠠᠨ ᠠᠴᠠ ᠪᠣᠯᠵᠤ ᠦᠭᠡ ᠬᠡᠯᠡ᠂ ᠬᠥᠳᠡᠯᠭᠡᠭᠡᠨ ᠨᠢ ᠰᠠᠭᠠᠳ ᠲᠠᠢ ᠪᠤᠯᠬᠤ ᠵᠡᠷᠭᠡ ᠠᠷᠬᠠᠭ ᠬᠡᠮ ᠦᠯᠡᠳᠡᠳᠡᠭ᠃              ᠠᠩᠬᠠᠷᠤᠭᠤᠰᠢᠲᠠᠶ ᠨᠢ᠂ ᠨᠢᠰᠢᠩᠭᠦ ᠸᠠᠯᠠᠪᠠᠯ᠂ ᠬᠠᠩᠰᠢ ᠶᠢᠨ ᠡᠮᠦᠨ᠎ᠡ ᠬᠤᠶᠢᠨ᠎ᠠ ᠭᠡᠰᠡᠨ ᠥᠬᠡᠶ᠂ ᠪᠤᠰᠤᠳ ᠤᠯᠠᠷᠢᠯ ᠳᠤ ᠭᠡᠰᠡᠨ ᠥᠬᠡᠶ ᠴᠥᠮ ᠬᠤᠤᠷᠳᠠᠭᠳᠠᠬᠤ ᠪᠣᠯᠤᠨ᠎ᠠ᠃              ᠸᠠᠯᠠᠭᠰᠠᠨ ᠬᠡᠰᠡᠭ ᠢ ᠨᠢ ᠠᠪᠴᠤ ᠬᠠᠶᠠᠬᠰᠠᠨ ᠴᠤ ᠢᠳᠡᠵᠦ ᠪᠣᠯᠬᠤ ᠥᠬᠡᠶ︕
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号