ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈69 ᠳ᠋ᠦ᠋ᠭᠡᠷ ᠲᠣᠭᠠᠲᠤ | 2022 ᠣᠨ ᠤ 12 ᠳ᠋ᠤᠭᠠᠷ ᠰᠠᠷ᠎ᠠ ᠶᠢᠨ 30 | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ | ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | | | | ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ | ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ | ᠵᠢᠷᠤᠮᠵᠢᠭᠤᠯᠤᠨ᠂ ᠲᠥᠪ ᠭᠤᠥᠯᠴᠢ᠂ ᠦᠨᠡᠨᠴᠢ ᠢᠲᠡᠭᠡᠮᠵᠢᠲᠡᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠡᠮᠬᠢ ᠳᠢᠭᠯᠢᠮ ᠢ ᠪᠠᠶᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠶᠢ ᠬᠡᠷᠡᠭᠵᠢᠭᠦᠯᠬᠦ | ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ | ᠠᠪᠬᠤ ᠬᠠᠤᠯᠢ︾ ︽ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠬᠠᠮᠢᠶᠠᠷᠤᠯᠲᠠ ᠶᠢᠨ | ᠲᠦᠷ ᠬᠡᠷᠡᠭᠵᠢᠭᠦᠯᠬᠦ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ | ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠶᠢ ᠬᠥᠬᠡᠬᠤᠲᠠ ᠶᠢᠨ ᠵᠠᠰᠠᠭ ᠵᠠᠬᠢᠷᠭᠠᠨ ᠤ ᠲᠣᠭᠤᠷᠢᠭ ᠤᠨ ᠳᠣᠲᠣᠷ᠎ᠠ | ᠶᠠᠪᠤᠭᠤᠯᠬᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠢᠴᠢ ᠬᠢᠨᠠᠯᠲᠠ ᠬᠠᠮᠢᠶᠠᠷᠤᠯᠲᠠ ᠶᠢᠨ | ᠠᠵᠢᠯᠯᠠᠭ᠎ᠠ ᠳᠤ ᠬᠡᠷᠡᠭᠯᠡᠵᠦ᠂ ᠢᠯᠡ ᠲᠣᠳᠣ᠂ ᠡᠷᠬᠡ ᠲᠡᠭᠰᠢ᠂ ᠲᠥᠪ ᠭᠤᠥᠯᠴᠢ᠂ ᠦᠨᠡᠨᠴᠢ ᠢᠲᠡᠭᠡᠮᠵᠢᠲᠡᠢ ᠪᠠᠶᠢᠬᠤ | ᠵᠠᠷᠴᠢᠮ ᠢ ᠵᠢᠷᠤᠮᠯᠠᠨ᠎ᠠ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠤᠯᠠᠨ ᠨᠡᠶᠢᠲᠡ ᠶᠢᠨ ᠡᠬᠢ ᠪᠠᠶᠠᠯᠢᠭ ᠭᠡᠳᠡᠭ ᠨᠢ | ᠤᠯᠠᠨ ᠨᠡᠶᠢᠲᠡ ᠶᠢᠨ ᠠᠰᠢᠭ ᠲᠤᠰᠠ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠨᠡᠶᠢᠲᠡ ᠶᠢᠨ | ᠥᠮᠴᠢᠯᠡᠯ ᠤᠨ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠬᠢ ᠪᠠᠶᠠᠯᠢᠭ ᠢ ᠵᠢᠭᠠᠵᠤ ᠪᠤᠢ᠃ᠲᠣᠰ | ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠭᠡᠳᠡᠭ ᠨᠢ ᠭᠤᠣᠯᠳᠠᠭᠤ ᠬᠠᠤᠯᠢ | ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ | ᠠᠷᠠᠯᠵᠢᠶᠠᠯᠠᠬᠤ ᠶᠣᠰᠣᠲᠠᠢ ᠣᠯᠠᠨ ᠨᠡᠶᠢᠲᠡ ᠶᠢᠨ ᠡᠬᠢ ᠪᠠᠶᠠᠯᠢᠭ ᠢ ᠵᠢᠭᠠᠵᠤ ᠪᠣᠶ᠂ ᠡᠭᠦᠨ ᠳᠤ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠭᠠᠵᠠᠷ ᠰᠢᠷᠣᠢ ᠬᠡᠷᠡᠭᠯᠡᠬᠦ | ᠡᠷᠬᠡ ᠪᠠ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠬᠤᠳᠠᠯᠳᠤᠬᠤ᠂ ᠤᠯᠤᠰ ᠤᠨ ᠥᠮᠴᠢᠯᠡᠯᠲᠦ | ᠥᠮᠴᠢᠯᠡᠬᠦ ᠡᠷᠬᠡ ᠶᠢᠨ ᠠᠷᠠᠯᠵᠢᠶ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠴᠢ ᠡᠮ ᠡᠮᠨᠡᠯᠭᠡ ᠶᠢᠨ | ᠲᠥᠷᠥᠯ᠂ ᠣᠷᠴᠢᠨ ᠲᠣᠭᠤᠷᠢᠨ ᠤ ᠲᠥᠷᠥᠯ ᠵᠡᠷᠭᠡ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠭᠠᠷᠴᠠᠭ ᠲᠤ ᠣᠷᠣᠭᠤᠯᠬᠤ ᠳᠤ ᠬᠢᠵᠠᠭᠠᠷᠯᠠᠭᠳᠠᠬᠤ ᠦᠭᠡᠢ ᠠᠷᠠᠯᠵᠢᠶ᠎ᠠ ᠶᠢᠨ ᠠᠵᠢᠯᠯᠠᠭ᠎ᠠ ᠶᠢ ᠪᠠᠭᠲᠠᠭᠠᠨ᠎ᠠ᠃ | ᠳᠥᠷᠪᠡᠳᠦᠭᠡᠷ ᠵᠦᠢᠯ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠭᠠᠷᠴᠠᠭ ᠤᠨ ᠬᠠᠮᠢᠶᠠᠷᠤᠯᠲᠠ ᠶᠢ | ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠬᠤ᠂ ᠥᠷᠢᠰᠦᠯᠳᠦᠭᠡᠨ ᠤ ᠴᠢᠨᠠᠷᠲᠠᠢ ᠬᠡᠯᠡᠯᠴᠡᠭᠡ ᠬᠢᠬᠦ᠂ ᠥᠷᠢᠰᠦᠯᠳᠦᠭᠡᠨ ᠤ | ᠴᠢᠨᠠᠷᠲᠠᠢ ᠪᠠᠷ ᠵᠥᠪᠳᠡᠯᠴᠡᠬᠦ᠂ ᠦᠨ᠎ᠡ ᠯᠠᠪᠯᠠᠬᠤ᠂ ᠲᠠᠩ ᠭᠠᠭᠴᠠ ᠢᠷᠡᠯᠲᠡ ᠲᠠᠢ ᠪᠠᠶᠢᠯᠭᠠᠬᠤ᠂ ᠦᠨ᠎ᠡ | ᠥᠷᠢᠰᠦᠯᠳᠦᠭᠦᠯᠬᠦ᠂ ᠫᠠᠶᠢᠰᠠ ᠡᠯᠭᠦᠨ ᠬᠢᠮᠳᠠ ᠦᠨ᠎ᠡ ᠪᠠᠷ ᠬᠤᠳᠠᠯᠳᠤᠬᠤ ᠵᠡᠷᠭᠡ ᠠᠷᠭ᠎ᠠ ᠮᠠᠶ᠋ᠢᠭ ᠢ ᠬᠠᠤᠯᠢ ᠶᠣᠰᠣᠭᠠᠷ | ᠠᠪᠴᠤ ᠠᠷᠠᠯᠵᠢᠶᠠᠯᠠᠨ᠎ᠠ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠡᠭᠦᠷᠭᠡ ᠬᠠᠷᠢᠭᠤᠴᠠᠯᠭ᠎ᠠ | ᠲᠠᠪᠤᠳᠤᠭᠠᠷ ᠵᠦᠢᠯ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠤᠰ ᠠᠷᠭ᠎ᠠ ᠶᠢ ᠦᠨᠳᠦᠰᠦᠯᠡᠨ ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠢ ᠲᠥᠯᠥᠭᠡᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠠᠵᠢᠯᠯᠠᠭ᠎ᠠ ᠳᠤ ᠬᠠᠮᠲᠤ ᠶᠢᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠡᠬᠢ | ᠪᠠᠶᠠᠯᠢᠭ ᠢ ᠠᠷᠠᠯᠵᠢᠶᠠᠯᠠᠬᠤ ᠶᠠᠪᠤᠴᠠ ᠳᠤ ᠡᠭᠦᠰᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠴᠠᠭ ᠲᠤᠬᠠᠢ ᠳᠤᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠠᠵᠢᠯᠯᠠᠭ᠎ᠠ ᠶᠢᠨ | ᠳᠤᠮᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠰᠢᠳᠬᠡᠨ ᠲᠣᠷᠭᠠᠨ᠎ᠠ | ᠃ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠪᠠ | ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ︔ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ ᠬᠦᠯᠢᠶᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠢᠵᠢ ᠪᠦᠷᠢᠳᠦᠭᠦᠯᠬᠦ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠠᠵᠢᠯ ᠤᠨ ᠳᠤᠮᠳᠠᠬᠢ ᠴᠢᠬᠤᠯᠠ ᠶᠡᠭᠡ | ᠠᠰᠠᠭᠤᠳᠠᠯ ᠢ ᠰᠤᠳᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠠᠵᠢᠯ ᠤᠨ | ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ︔ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠠᠰᠠᠭᠤᠨ ᠯᠠᠪᠯᠠᠬᠤ ᠠᠵᠢᠯ ᠢ ᠵᠣᠬᠢᠴᠠᠭᠤᠯᠤᠨ ᠵᠣᠬᠢᠶᠠᠨ | ᠪᠠᠶᠢᠭᠤᠯᠤᠨ᠎ᠠ︔ | ︵ᠬᠤᠶᠠᠷ︶ ᠬᠤᠲᠠ ᠶᠢᠨ ᠳᠡᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠠᠵᠢᠯᠯᠠᠭ᠎ᠠ ᠳᠤ ᠬᠠᠤᠯᠢ ᠶᠣᠰᠣᠭᠠᠷ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠲᠥᠷᠥᠯ ᠵᠦᠢᠯ ᠳᠤ ᠬᠠᠤᠯᠢ ᠶᠣᠰᠣᠭᠠᠷ | ᠳᠠᠭᠠᠭᠠᠴᠢᠯᠠᠯᠲᠠ ᠵᠠᠷᠯᠠᠬᠤ ᠶᠠᠪᠤᠴᠠ ᠳᠤ ᠬᠢᠨᠠᠯᠲᠠ ᠲᠠᠯᠪᠢᠵᠤ᠂ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠠᠵᠢᠯ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠ | ᠰᠢᠯᠵᠢᠭᠦᠯᠦᠨ ᠭᠦᠢᠴᠡᠳᠬᠡᠬᠦ ᠵᠠᠭᠠᠯᠳᠤᠯᠭ᠎ᠠ ᠶᠢ ᠬᠠᠤᠯᠢ ᠶᠣᠰᠣᠭᠠᠷ ᠥᠷᠨᠢᠭᠦᠯᠦᠨ᠎ᠡ᠂ ᠬᠠᠤᠯᠢ ᠴᠠᠭᠠᠵᠠ᠂ ᠬᠠᠤᠯᠢ | ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ︔ | | ︵ᠭᠤᠷᠪᠠ︶ ᠬᠤᠲᠠ ᠶᠢᠨ ᠳᠡᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠠᠪᠴᠠᠩ ᠤᠨ ᠠᠷᠠᠯᠵᠢᠶᠠᠨ ᠤ ᠠᠵᠢᠯᠯᠠᠭ᠎ᠠ ᠶᠢ ᠵᠢᠯᠤᠭᠤᠳᠴᠤ᠂ ᠠᠷᠠᠯᠵᠢᠶ᠎ᠠ ᠶᠢᠨ ᠲᠥᠷᠥᠯ ᠵᠦᠢᠯ ᠳᠤ ᠲᠠᠰᠢᠷᠠᠮ | ᠳᠠᠭᠠᠤ ᠰᠤᠭᠤᠴᠢᠨ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠵᠦ᠂ ᠳᠠᠭᠠᠭᠠᠴᠢᠯᠠᠯᠲᠠ ᠵᠠᠷᠯᠠᠬᠤ ︵ | ᠬᠤᠳᠠᠯᠳᠤᠨ ᠠᠪᠬᠤ︶ ᠶᠢᠨ ᠣᠷᠣᠯᠠᠬᠤ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠵᠢᠯᠤᠭᠤᠳᠬᠤ ᠪᠠ ᠬᠠᠮᠢᠶᠠᠷᠴᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠵᠢᠯᠴᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠳᠠᠭᠠᠭᠠᠴᠢᠯᠠᠯᠲᠠ ᠵᠠᠷᠯᠠᠬᠤ | ᠠᠴᠠ ᠡᠮᠦᠨ᠎ᠡ ᠬᠢᠨᠠᠨ ᠵᠥᠪᠰᠢᠶᠡᠷᠡᠬᠦ ᠪᠠ ᠳᠠᠭᠠᠭᠠᠴᠢᠯᠠᠯᠲᠠ ᠵᠠᠷᠯᠠᠭᠰᠠᠨ ᠤ ᠳᠠᠷᠠᠭ᠎ᠠ ᠭᠡᠷ᠎ᠡ ᠭᠦᠢᠴᠡᠳᠬᠡᠬᠦ | ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ | ︵ᠳᠥᠷᠪᠡ︶ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠬᠢᠨᠠᠯᠲᠠ | ᠲᠠᠯᠪᠢᠬᠤ᠂ ᠬᠠᠮᠢᠶᠠᠷᠬᠤ ᠪᠠ ᠦᠢᠯᠡᠴᠢᠯᠡᠬᠦ ᠲᠠᠪᠴᠠᠩ ᠢ ᠲᠦᠷᠦᠭᠦᠯᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠮᠡᠳᠡᠭᠡ | ᠵᠠᠩᠭᠢ᠂ ᠠᠷᠠᠯᠵᠢᠶ᠎ᠠ ᠶᠢᠨ ᠮᠡᠳᠡᠭᠡ ᠵᠠᠩᠭᠢ᠂ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ᠂ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠵᠡᠷᠭᠡ ᠶᠢ ᠡᠮᠬᠢᠯᠡᠨ ᠨᠡᠶᠢᠯᠡᠭᠦᠯᠵᠦ ᠬᠠᠮᠲᠤᠪᠠᠷ ᠬᠦᠷᠲᠡᠵᠦ᠂ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠤᠨ᠎ᠠ︔ | ︵ᠲᠠᠪᠤ︶ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠢᠲᠡᠭᠡᠮᠵᠢ ᠶᠢᠨ | ᠰᠢᠰᠲ᠋ᠧᠮᠵᠢ ᠶᠢ ᠲᠦᠷᠦᠭᠦᠯᠡᠨ ᠪᠠᠶᠢᠭᠤᠯᠤᠨ᠎ᠠ︔ ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠬᠥᠮᠥᠨ᠂ | ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠶᠢᠨ ᠣᠷᠣᠯᠠᠬᠤ ᠪᠠᠶᠢᠭᠤᠯᠤᠮᠵᠢ᠂ ᠳᠠᠭᠠᠭᠠᠴᠢᠯᠠᠯᠲᠠ | ᠬᠦᠯᠢᠶᠡᠭᠴᠢ᠂ ᠳᠠᠭᠠᠭᠠᠴᠢᠯᠠᠯᠲᠠ ᠦᠨᠡᠯᠡᠬᠦ ᠲᠤᠰᠬᠠᠢ ᠮᠡᠷᠭᠡᠵᠢᠯᠲᠡᠨ ᠤ ᠢᠲᠡᠭᠡᠮᠵᠢ ᠶᠢᠨ ᠲᠠᠩᠰᠠ ᠡᠪᠬᠡᠮᠡᠯ ᠢ | ᠪᠠᠶᠢᠭᠤᠯᠵᠤ᠂ ᠠᠷᠠᠯᠵᠢᠶᠠᠨ ᠤ ᠭᠤᠣᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠢᠲᠡᠭᠡᠮᠵᠢ ᠶᠢᠨ ᠰᠢᠯᠭᠠᠨ ᠬᠢᠨᠠᠵᠤ ᠦᠨᠡᠯᠡᠬᠦ ᠶᠢ ᠥᠷᠨᠢᠭᠦᠯᠦᠨ᠎ᠡ︔ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠶᠠᠪᠤᠴᠠ ᠳᠠᠬᠢ ᠢᠲᠡᠭᠡᠯ ᠠᠯᠳᠠᠭᠰᠠᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ | ᠬᠠᠷᠢᠭᠤᠴᠠᠵᠤ᠂ ᠠᠷᠠᠯᠵᠢᠶ᠎ᠠ ᠶᠢᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠵᠦ᠂ | ᠲᠣᠭᠲᠠᠭᠠᠯ ᠠᠴᠠ ᠵᠥᠷᠢᠴᠡᠨ ᠢᠲᠡᠭᠡᠯ ᠠᠯᠳᠠᠭᠰᠠᠨ ᠭᠤᠣᠯ ᠴᠣᠭᠴᠠ ᠶᠢ ᠬᠠᠤᠯᠢ ᠶᠣᠰᠣᠭᠠᠷ ᠢᠯᠡ ᠨᠡᠶᠢᠲᠡᠯᠡᠵᠦ᠂ | ᠠᠷᠠᠯᠵᠢᠶ᠎ᠠ ᠶᠢᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠰᠣᠯᠢᠯᠴᠠᠵᠤ ᠬᠠᠮᠲᠤᠪᠠᠷ ᠭᠥᠷᠳᠡᠬᠦ ᠶᠢ | ᠠᠬᠢᠭᠤᠯᠤᠨ᠎ᠠ︔ | ︵ᠵᠢᠷᠭᠤᠭ᠎ᠠ︶ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠳᠡᠯᠦᠩᠭᠦᠢ | ᠬᠠᠮᠢᠶᠠᠷᠤᠯᠲᠠ ᠪᠠ ᠶᠡᠷᠦᠩᠬᠡᠶᠢᠯᠡᠨ ᠬᠢᠨᠠᠨ ᠰᠢᠯᠭᠠᠬᠤ ᠶᠢ ᠬᠠᠷᠢᠭᠤᠴᠠᠵᠤ᠂ ᠠᠵᠢᠯ ᠲᠥᠷᠥᠯ ᠤᠨ ᠵᠠᠰᠠᠭ ᠵᠠᠬᠢᠷᠭᠠᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠮᠵᠢᠨ ᠲᠡᠭᠦᠨ ᠤ ᠠᠵᠢᠯ ᠲᠥᠷᠥᠯ ᠤᠨ ᠳᠠᠭᠠᠭᠠᠴᠢᠯᠠᠯᠲᠠ | ᠦᠨᠡᠯᠡᠵᠦ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠳᠤ ᠪᠣᠯᠪᠠᠰᠤᠷᠠᠭᠤᠯᠤᠯ ᠪᠠ ᠰᠢᠯᠭᠠᠨ ᠲᠣᠭᠲᠠᠭᠠᠯᠲᠠ ᠬᠢᠵᠦ᠂ | ᠬᠤᠲᠠ ᠶᠢᠨ ᠱᠠᠲᠤᠨ ᠤ ᠠᠷᠠᠯᠵᠢᠶᠠᠨ ᠤ ᠲᠠᠪᠴᠠᠩ ᠤᠨ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ | ᠮᠡᠷᠭᠡᠵᠢᠯᠲᠡᠨ ᠤ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠ | ᠰᠢᠢᠳᠪᠦᠷᠢᠯᠡᠨ᠎ᠡ᠃ | ᠵᠢᠷᠭᠤᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶᠠᠨ ᠳᠠᠬᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠦᠢᠯᠡᠴᠢᠯᠡᠭᠡᠨ ᠤ ᠲᠥᠪ ᠪᠣᠯ ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠯᠠᠪᠤᠷ ᠭᠠᠵᠠᠷ ᠪᠣᠯᠣᠨ᠎ᠠ᠃ ᠭᠤᠣᠯᠳᠠᠭᠤ ᠳᠣᠣᠷᠠᠬᠢ ᠮᠡᠲᠦ | ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠬᠠᠩᠭᠠᠨ᠎ᠠ᠄ | ︵ᠨᠢᠭᠡ︶ ᠬᠠᠮᠢᠶ᠎ᠠ ᠪᠦᠬᠦᠢ ᠲᠠᠯᠠᠪᠤᠷ ᠭᠠᠵᠠᠷ᠂ ᠪᠡᠯᠡᠳᠬᠡᠮᠵᠢ ᠪᠠ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢ ᠦᠨᠳᠦᠰᠦᠯᠡᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠠᠵᠢᠯᠯᠠᠭ᠎ᠠ ᠳᠤ ᠴᠢᠬᠤᠯᠠ ᠪᠦᠬᠦᠢ ᠲᠠᠯᠠᠪᠤᠷ ᠲᠤ ᠣᠷᠣᠬᠤ ᠳᠡᠩᠰᠡᠯᠡᠨ ᠲᠡᠮᠳᠡᠭᠯᠡᠬᠦ᠂ ᠮᠡᠳᠡᠭᠡ ᠵᠠᠩᠭᠢ ᠨᠡᠶᠢᠲᠡᠯᠡᠬᠦ᠂ | ᠠᠷᠠᠯᠵᠢᠶᠠᠯᠠᠬᠤ ᠶᠢ ᠬᠡᠷᠡᠭᠵᠢᠭᠦᠯᠬᠦ᠂ ᠦᠷ᠎ᠡ ᠳ᠋ᠦᠩ ᠢ ᠢᠯᠡ ᠨᠡᠶᠢᠲᠡᠯᠡᠬᠦ ᠵᠡᠷᠭᠡ ᠠᠷᠠᠯᠵᠢᠶ᠎ᠠ ᠶᠢᠨ ᠦᠢᠯᠡᠴᠢᠯᠡᠭᠡᠨ ᠤ | ᠠᠵᠢᠯ ᠢ ᠬᠠᠩᠭᠠᠨ᠎ᠠ᠃ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠠᠷᠠᠯᠵᠢᠶ᠎ᠠ ᠶᠢ ᠢᠳᠡᠪᠬᠢᠲᠡᠢ ᠠᠬᠢᠭᠤᠯᠵᠤ᠂ | ᠡᠯᠧᠺᠲᠷᠤᠨᠴᠢᠯᠡᠭᠰᠡᠨ ᠳᠥᠭᠦᠮ ᠳᠥᠲᠡ ᠦᠢᠯᠡᠴᠢᠯᠡᠭᠡ ᠶᠢ ᠬᠠᠩᠭᠠᠨ᠂ ᠪᠥᠬᠦ ᠶᠠᠪᠤᠴᠠ ᠶᠢᠨ᠂ ᠪᠥᠬᠦ ᠲᠠᠯ᠎ᠠ ᠶᠢᠨ᠂ | ᠪᠦᠬᠦᠨ ᠢ ᠬᠠᠮᠤᠷᠤᠭᠰᠠᠨ᠂ ᠪᠦᠬᠦᠨ ᠢ ᠰᠡᠷᠭᠡᠶᠢᠯᠡᠨ ᠡᠵᠡᠮᠳᠡᠬᠦ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠪᠣᠶ ᠪᠣᠯᠭᠠᠨ᠎ᠠ︔ | ︵ᠬᠤᠶᠠᠷ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠲᠤᠬᠠᠢ ᠶᠢᠨ | ᠲᠠᠯᠠᠪᠠᠶ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢ ᠬᠠᠷᠢᠭᠤᠴᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠢ | ᠠᠷᠠᠯᠵᠢᠶᠠᠯᠠᠬᠤ ᠳᠦᠷᠢᠮ᠂ ᠲᠤᠬᠠᠢ ᠶᠢᠨ ᠲᠠᠯᠠᠪᠠᠶ ᠶᠢᠨ ᠬᠠᠮᠢᠶᠠᠷᠤᠯᠲᠠ ᠶᠢᠨ ᠳᠦᠷᠢᠮ ᠪᠠ ᠠᠵᠢᠯ ᠤᠨ ᠴᠤᠪᠤᠷᠠᠯ ᠢ | ᠬᠡᠷᠡᠭᠵᠢᠭᠦᠯᠵᠦ᠂ ᠠᠷᠠᠯᠵᠢᠶᠠᠯᠠᠬᠤ ᠶᠠᠪᠤᠴᠠ ᠶᠢᠨ ᠬᠠᠮᠢᠶ᠎ᠠ ᠪᠦᠬᠦᠢ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠤᠨ | ᠳᠠᠩᠰᠠᠯᠠᠭᠤᠯᠤᠨ᠎ᠠ︔ | ︵ᠭᠤᠷᠪᠠ︶ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ | ᠲᠤᠰᠬᠠᠢ ᠮᠡᠷᠭᠡᠵᠢᠯᠲᠡᠨ ᠤ ᠠᠵᠢᠯ ᠳᠤ ᠭᠠᠷᠤᠭᠰᠠᠨ ᠪᠠᠶᠢᠳᠠᠯ ᠪᠠ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ | ᠠᠵᠢᠯᠯᠠᠭ᠎ᠠ ᠶᠢᠨ ᠶᠠᠪᠤᠴᠠ ᠶᠢ ᠲᠡᠮᠳᠡᠭᠯᠡᠵᠦ᠂ ᠳᠠᠭᠠᠭᠠᠴᠢᠯᠠᠯᠲᠠ ᠦᠨᠡᠯᠡᠵᠦ ᠬᠢᠨᠠᠨ ᠲᠣᠭᠲᠠᠭᠠᠬᠤ ᠲᠤᠰᠬᠠᠢ | ᠮᠡᠷᠭᠡᠵᠢᠯᠲᠡᠨ ᠢ ᠲᠤᠬᠠᠢ ᠶᠢᠨ ᠲᠠᠯᠠᠪᠤᠷ ᠲᠤᠨᠢ ᠬᠠᠮᠢᠶᠠᠷᠬᠤ ᠶᠢᠨ ᠬᠠᠮᠲᠤ ᠬᠡᠪ ᠤᠨ ᠪᠤᠰᠤ ᠪᠠᠶᠢᠳᠠᠯ ᠢ ᠬᠤᠲᠠ ᠶᠢᠨ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠴᠠᠭ | ᠲᠤᠬᠠᠢ ᠳᠤᠨᠢ ᠬᠠᠷᠢᠭᠤ ᠲᠤᠰᠬᠠᠨ᠎ᠠ︔ | ︵ᠳᠥᠷᠪᠡ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠮᠡᠳᠡᠭᠡ ᠵᠠᠩᠭᠢ ᠶᠢ ᠴᠤᠭᠯᠠᠭᠤᠯᠬᠤ | ᠪᠠ ᠨᠡᠶᠢᠲᠡᠯᠡᠵᠦ᠂ ᠠᠷᠠᠯᠵᠢᠶ᠎ᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠵᠠᠳᠠᠯᠵᠤ᠂ ᠶᠡᠷᠦᠩᠬᠡᠶᠢᠯᠡᠨ ᠠᠰᠢᠭᠯᠠᠬᠤ | ᠪᠠ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠦᠨ᠎ᠡ︔ | ︵ᠲᠠᠪᠤ︶ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠣᠯᠣᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠲᠠᠯᠠᠪᠤᠷ ᠳᠣᠲᠣᠷᠠᠬᠢ ᠠᠷᠠᠯᠵᠢᠶ᠎ᠠ ᠶᠢᠨ ᠠᠵᠢᠯᠯᠠᠭ᠎ᠠ ᠶᠢᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ᠂ ᠬᠠᠮᠵᠢᠨ ᠪᠠᠶᠢᠴᠠᠭᠠᠵᠤ | ᠰᠢᠢᠳᠪᠦᠷᠢᠯᠡᠨ᠎ᠡ᠃ | ᠳᠣᠯᠣᠳᠤᠭᠠᠷ ᠵᠦᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ | ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ | ᠲᠡᠭᠡᠭᠡᠪᠦᠷᠢ᠂ ᠤᠰᠤᠨ ᠤ ᠶᠠᠪᠤᠳᠠᠯ᠂ ᠣᠶ ᠰᠢᠭᠤᠢ ᠪᠠ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ | ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠠᠵᠢᠯᠯᠠᠭ᠎ᠠ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ᠃ᠳᠣᠣᠷ᠎ᠠ ᠵᠢᠭᠰᠠᠭᠠᠭᠰᠠᠨ ᠲᠤᠰᠢᠶᠠᠯ | ᠬᠠᠷᠢᠭᠤᠴᠠᠯᠭ᠎ᠠ ᠶᠢ ᠪᠣᠳᠠᠲᠠᠢ ᠭᠦᠢᠴᠡᠳᠬᠡᠨ᠎ᠡ᠄ | ︵ᠨᠢᠭᠡ︶ ᠲᠣᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠬᠤᠯᠪᠣᠭᠳᠠᠯ ᠪᠦᠬᠦᠢ | ᠠᠷᠠᠯᠵᠢᠶᠠᠨ ᠤ ᠳᠦᠷᠢᠮ᠂ ᠦᠢᠯᠡᠴᠢᠯᠡᠭᠡᠨ ᠤ ᠴᠤᠪᠤᠷᠠᠯ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ | ᠬᠡᠷᠡᠭᠵᠢᠭᠦᠯᠬᠦ ᠳᠤ ᠣᠷᠣᠯᠴᠠᠵᠤ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ᠲᠣᠰ ᠠᠵᠢᠯ ᠲᠥᠷᠥᠯ ᠤᠨ ᠲᠠᠯᠠᠪᠤᠷ ᠲᠤ ᠣᠷᠣᠬᠤ ᠲᠥᠷᠥᠯ | ᠵᠦᠢᠯ ᠤᠨ ᠠᠷᠠᠯᠵᠢᠶ᠎ᠠ ᠳᠤ ᠬᠢᠨᠠᠯᠲᠠ ᠲᠠᠯᠪᠢᠬᠤ᠂ ᠭᠡᠷ᠎ᠡ ᠭᠦᠢᠴᠡᠳᠬᠡᠬᠦ ᠶᠢ ᠬᠢᠨᠠᠨ ᠬᠠᠮᠢᠶᠠᠷᠬᠤ ᠪᠠ ᠵᠠᠰᠠᠭ | ᠵᠠᠬᠢᠷᠭᠠᠨ ᠤ ᠰᠢᠳᠬᠡᠯ ᠥᠭᠬᠦ ᠵᠡᠷᠭᠡ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ︔ | ︵ᠬᠤᠶᠠᠷ︶ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠰ ᠠᠵᠢᠯ | ᠲᠥᠷᠥᠯ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠤᠨ ᠳᠣᠲᠣᠷᠠᠬᠢ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠷᠥᠯ ᠵᠦᠢᠯ ᠢ ᠲᠠᠪᠴᠠᠩ ᠤᠨ ᠠᠷᠠᠯᠵᠢᠶ᠎ᠠ ᠳᠤ ᠨᠢᠭᠡᠳᠦᠯᠲᠡᠢ | ᠣᠷᠣᠭᠤᠯᠬᠤ ᠶᠢ ᠵᠣᠬᠢᠶᠠᠨ ᠪᠠᠶᠢᠭᠤᠯᠵᠤ ᠬᠢᠨᠠᠯᠲᠠ ᠲᠠᠯᠪᠢᠨ᠎ᠠ︔ | ︵ᠭᠤᠷᠪᠠ︶ ᠲᠥᠷᠥᠯ ᠵᠦᠢᠯ ᠤᠨ ᠬᠡᠷᠡᠭᠴᠡᠭᠡ ᠶᠢ ᠦᠨᠳᠦᠰᠦᠯᠡᠨ ᠠᠷᠠᠯᠵᠢᠶᠠᠯᠠᠬᠤ ᠶᠠᠪᠤᠴᠠ ᠳᠤ ᠬᠢᠨᠠᠯᠲᠠ | ᠲᠠᠯᠪᠢᠵᠤ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠲᠠᠢ ᠬᠠᠮᠵᠢᠯᠴᠠᠨ ᠲᠣᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠥᠷᠥᠯ ᠵᠦᠢᠯ ᠳᠤ ᠬᠥᠮᠥᠨ ᠲᠣᠮᠢᠯᠠᠨ ᠲᠤᠬᠠᠢ ᠶᠢᠨ ᠲᠠᠯᠠᠪᠤᠷ ᠲᠤ ᠣᠴᠢᠭᠤᠯᠬᠤ ᠪᠤᠶᠤ ᠡᠯᠧᠺᠲᠷᠣᠨ ᠬᠢᠨᠠᠯᠲᠠ | ᠬᠠᠮᠢᠶᠠᠷᠤᠯᠲᠠ ᠶᠢᠨ ᠲᠠᠪᠴᠠᠩ ᠤᠨ ᠰᠢᠰᠲ᠋ᠧᠮ ᠢᠶᠠᠷ ᠳᠠᠮᠵᠢᠭᠤᠯᠤᠨ ᠲᠤᠬᠠᠢ ᠶᠢᠨ ᠲᠠᠯᠠᠪᠤᠷ ᠲᠤᠨᠢ ᠬᠢᠨᠠᠯᠲᠠ ᠲᠠᠯᠪᠢᠨ᠎ᠠ | ︔ | ︵ᠳᠥᠷᠪᠡ︶ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ | ᠵᠢᠭᠠᠨ ᠲᠣᠭᠲᠠᠭᠠᠭᠰᠠᠨ ᠵᠠᠭᠤᠴᠢᠯᠠᠭᠤᠷ ᠲᠤ ᠳᠠᠭᠠᠭᠠᠴᠢᠯᠠᠯᠲᠠ ᠵᠠᠷᠯᠠᠬᠤ ᠠᠯᠪᠠᠨ ᠵᠠᠷ᠂ ᠳᠠᠭᠠᠭᠠᠴᠢᠯᠠᠯᠲᠠ ᠵᠠᠷᠯᠠᠬᠤ ︵ | ᠬᠤᠳᠠᠯᠳᠤᠨ ᠠᠪᠬᠤ︶ ᠪᠢᠴᠢᠭ ᠮᠠᠲ᠋ᠧᠷᠢᠶᠠᠯ᠂ ᠳᠠᠭᠠᠭᠠᠴᠢᠯᠠᠯᠲᠠ ᠣᠯᠣᠭᠰᠠᠨ ︵ᠠᠷᠠᠯᠵᠢᠶ᠎ᠠ ᠪᠦᠲᠦᠭᠰᠡᠨ︶ ᠮᠡᠳᠡᠭᠡ | ᠵᠠᠩᠭᠢ᠂ ᠬᠤᠪᠢᠷᠠᠭᠤᠯᠤᠭᠰᠠᠨ ᠮᠡᠳᠡᠭᠡ ᠵᠠᠩᠭᠢ᠂ ᠢᠲᠡᠭᠡᠮᠵᠢ ᠶᠢᠨ ᠱᠠᠩᠨᠠᠵᠤ ᠲᠣᠷᠭᠠᠬᠤ ᠵᠢᠴᠢ ᠬᠤᠯᠪᠣᠭᠳᠠᠯ ᠪᠦᠬᠦᠢ | ᠬᠠᠤᠯᠢ ᠲᠣᠭᠲᠠᠭᠠᠯ ᠠᠴᠠ ᠵᠥᠷᠢᠴᠡᠭᠰᠡᠨ ᠰᠢᠳᠬᠡᠯ ᠵᠡᠷᠭᠡ ᠬᠠᠤᠯᠢ ᠶᠣᠰᠣᠭᠠᠷ ᠢᠯᠡ ᠪᠣᠯᠭᠠᠬᠤ ᠬᠡᠷᠡᠭᠲᠡᠢ ᠮᠡᠳᠡᠭᠡ | ᠵᠠᠩᠭᠢ ᠶᠢ ᠨᠡᠶᠢᠲᠡᠯᠡᠨ᠎ᠡ᠃ᠲᠣᠰ ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠠᠪᠴᠠᠩ ᠳᠤ ᠣᠷᠣᠵᠤ ᠠᠷᠠᠯᠵᠢᠶᠠᠯᠠᠬᠤ ᠲᠥᠷᠥᠯ ᠵᠦᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠳᠤ ᠬᠠᠤᠯᠢ | ᠶᠣᠰᠣᠭᠠᠷ ᠬᠢᠨᠠᠯᠲᠠ ᠲᠠᠯᠪᠢᠵᠤ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ | ᠭᠥᠷᠳᠡᠬᠦ ᠶᠢ ᠲᠦᠯᠬᠢᠨ ᠠᠬᠢᠭᠤᠯᠵᠤᠪ᠂ ᠲᠣᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠲᠥᠷᠥᠯ ᠵᠦᠢᠯ ᠤᠨ ᠬᠠᠤᠯᠢ ᠶᠣᠰᠣᠨ ᠤ ᠪᠠ | ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠨ᠎ᠠ︔ | ︵ᠲᠠᠪᠤ︶ ᠲᠤᠰ ᠠᠵᠢᠯ ᠲᠥᠷᠥᠯ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠤᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠡ ᠶᠢᠨ ᠠᠵᠢᠯᠯᠠᠭ᠎ᠠ ᠶᠢᠨ ᠬᠡᠷᠡᠭᠵᠢᠭᠦᠯᠦᠯᠲᠡ ᠶᠢ ᠵᠢᠯᠤᠭᠤᠳᠴᠤ᠂ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠲᠤᠷᠠᠭᠰᠠᠨ ᠬᠤᠷᠠᠯ ᠢ | ᠰᠠᠨᠠᠭᠠᠴᠢᠯᠠᠬᠤ ᠪᠤᠶᠤ ᠲᠡᠭᠦᠨ ᠳᠤ ᠣᠷᠣᠯᠴᠠᠨ᠎ᠠ᠃ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠮᠵᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠠᠮᠵᠢᠯᠴᠠᠨ ᠬᠢᠨᠠᠨ ᠬᠠᠮᠢᠶᠠᠷᠬᠤ᠂ ᠬᠤᠯᠪᠤᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠪᠠᠶᠢᠭᠤᠯᠤᠯ | ᠲᠣᠭᠲᠠᠴᠠ ᠶᠢ ᠪᠠᠶᠢᠭᠤᠯᠬᠤ᠂ ᠪᠠᠲᠤᠯᠠᠬᠤ ᠪᠠ ᠲᠡᠭᠦᠯᠳᠡᠷᠵᠢᠭᠦᠯᠦᠨ᠎ᠡ᠃ | ᠨᠠᠢᠮᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶᠠᠨ ᠳᠠᠬᠢ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ | ᠲᠥᠪ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠬᠠᠤᠯᠢ︾ ᠵᠢᠴᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠶᠢᠨ | ᠬᠠᠮᠢᠶ᠎ᠠ ᠪᠦᠬᠦᠢ ᠡᠭᠦᠷᠭᠡ ᠴᠢᠳᠠᠪᠤᠷᠢ ᠶᠢ ᠡᠭᠦᠷᠭᠡᠯᠡᠨ᠎ᠡ᠃ | ᠭᠤᠷᠪᠠᠳᠤᠭᠠᠷ ᠪᠦᠯᠦᠭ ᠡᠷᠠᠯᠵᠢᠶᠠᠯᠠᠬᠤ ᠬᠦᠷᠢᠶ᠎ᠡ ᠬᠡᠪᠴᠢᠶ᠎ᠡ | ᠶᠢᠰᠦᠳᠦᠭᠡᠷ ᠵᠦᠢᠯ ᠲᠤᠰ ᠱᠠᠲᠤᠨ ᠤ ᠠᠷᠠᠯᠵᠢᠶᠠᠨ ᠤ ᠭᠠᠷᠴᠠᠭ ᠤᠨ ᠬᠡᠪᠴᠢᠶ᠎ᠡ ᠪᠠ ᠬᠢᠵᠠᠭᠠᠷᠯᠠᠭᠰᠠᠨ | ᠲᠤᠭ᠎ᠠ ᠶᠢᠨ ᠪᠠᠷᠢᠮᠵᠢᠶ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ | ᠬᠥᠳᠡᠯᠦᠩᠭᠦᠢ ᠲᠣᠬᠢᠷᠠᠭᠤᠯᠤᠯᠲᠠ ᠬᠢᠵᠦ᠂ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ ᠣᠷᠣᠭᠤᠯᠬᠤ ᠶᠢ ᠬᠤᠳᠠ ᠶᠢᠨ | ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠲᠤᠪᠠᠷ ᠲᠤᠭᠤᠷᠪᠢᠨ ᠲᠣᠭᠲᠠᠭᠠᠵᠤ᠂ ᠬᠤᠳᠠ ᠶᠢᠨ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ᠃ | ᠠᠷᠪᠠᠳᠤᠭᠠᠷ ᠵᠦᠢᠯ ᠳᠣᠣᠷᠠᠬᠢ ᠮᠡᠲᠦ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ | ᠠᠷᠠᠯᠵᠢᠶᠠᠨ ᠤ ᠭᠠᠷᠴᠠᠭ ᠲᠤ ᠣᠷᠣᠭᠤᠯᠬᠤ ᠬᠡᠷᠡᠭᠲᠡᠢ᠄ | ︵ᠨᠢᠭᠡ︶ ᠬᠠᠤᠯᠢ ᠶᠣᠰᠣᠭᠠᠷ ᠵᠠᠪᠠᠯ ᠳᠠᠭᠠᠭᠠᠴᠢᠯᠠᠯᠲᠠ ᠵᠠᠷᠯᠠᠬᠤ ᠶᠣᠰᠣᠲᠠᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠵᠦᠢᠯᠡᠰ︔ | ︵ᠬᠤᠶᠠᠷ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠲᠤ ᠣᠷᠣᠭᠤᠯᠤᠭᠰᠠᠨ ᠵᠠᠰᠠᠭ ᠤᠨ ᠣᠷᠳᠣᠨ ᠤ | ᠬᠤᠳᠠᠯᠳᠤᠨ ᠠᠪᠬᠤ ᠵᠦᠢᠯᠡᠰ︔ | ︵ᠭᠤᠷᠪᠠ︶ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠪᠠ ᠠᠭᠤᠷᠬᠠᠢ ᠶᠢᠨ | ᠦᠢᠯᠡᠰ ᠤᠨ ᠡᠷᠬᠡ ᠶᠢ ᠰᠢᠯᠵᠢᠭᠦᠯᠦᠨ ᠬᠤᠳᠠᠯᠳᠤᠬᠤ ᠠᠷᠠᠯᠵᠢᠶᠠᠨ ᠤ ᠵᠦᠢᠯᠡᠰ︔ | ︵ᠳᠥᠷᠪᠡ︶ ᠤᠯᠤᠰ ᠤᠨ ᠥᠮᠴᠢᠯᠡᠯ ᠤᠨ ᠥᠮᠴᠢᠯᠡᠬᠦ ᠡᠷᠬᠡ᠂ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ | ᠂ ᠡᠳ᠋ ᠬᠥᠷᠥᠩᠭᠡ ᠶᠢ ᠲᠦᠷᠢᠶᠡᠰᠦᠯᠡᠭᠦᠯᠬᠦ᠂ ᠬᠠᠮᠲᠤ ᠶᠢᠨ ᠥᠮᠴᠢᠯᠡᠬᠦ ᠡᠷᠬᠡ᠂ ᠬᠠᠮᠠᠭᠠᠯᠠᠭᠳᠠᠬᠤ ᠲᠥᠷᠥᠯ ᠤᠨ ᠡᠳ᠋ | ᠬᠥᠷᠥᠩᠭᠡ ᠶᠢᠨ ᠠᠷᠠᠯᠵᠢᠶᠠᠨ ᠤ ᠲᠥᠷᠥᠯ ᠵᠦᠢᠯ ︵ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ | ᠪᠠᠭᠲᠠᠬᠤ ᠦᠭᠡᠢ︶︔ | ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠤᠯᠠᠨ ᠨᠡᠶᠢᠲᠡ ᠶᠢᠨ ᠡᠬᠢ | ᠪᠠᠶᠠᠯᠢᠭ ᠢ ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠣᠭᠤᠯᠬᠤ ᠬᠡᠷᠡᠭᠲᠡᠢ ᠪᠤᠰᠤᠳ ᠲᠥᠷᠥᠯ ᠵᠦᠢᠯ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠤᠯᠠᠨ ᠨᠡᠶᠢᠳᠡ ᠶᠢᠨ ᠡᠬᠢ | ᠪᠠᠶᠠᠯᠢᠭ ᠢ ᠠᠷᠠᠯᠵᠢᠶᠠᠨ ᠤ ᠲᠠᠪᠴᠠᠩ ᠳᠤ ᠣᠷᠣᠵᠤ ᠠᠷᠠᠯᠵᠢᠶᠠᠯᠠᠬᠤ ᠬᠡᠷᠡᠭᠲᠡᠢ ᠪᠤᠰᠤᠳ ᠠᠷᠠᠯᠵᠢᠶᠠᠯᠠᠭ ᠲᠥᠷᠥᠯ | ᠵᠦᠢᠯ᠃ | ᠠᠷᠪᠠᠨ ᠨᠢᠭᠡᠳᠦᠭᠡᠷ ᠵᠦᠢᠯ ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠤᠯᠠᠨ | ᠨᠡᠶᠢᠲᠠ ᠶᠢᠨ ᠡᠬᠢ ᠪᠠᠶᠠᠯᠢᠭ ᠢ ᠠᠷᠠᠯᠵᠢᠶᠠᠯᠠᠬᠤ ᠲᠥᠷᠥᠯ ᠵᠦᠢᠯ ᠪᠥᠬᠦᠨ ᠢ ᠴᠥᠮ ᠤᠯᠠᠨ ᠨᠡᠶᠢᠲᠠ ᠶᠢᠨ ᠡᠬᠢ | ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠵᠤ ᠠᠷᠠᠯᠵᠢᠶᠠᠯᠠᠭ ᠬᠡᠷᠡᠭᠲᠡᠢ᠃ | ᠠᠷᠪᠠᠨ ᠬᠤᠶᠠᠳᠤᠭᠠᠷ ᠵᠦᠢᠯ ᠤᠯᠤᠰ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠠᠶᠤᠯ ᠭᠠᠮᠰᠢᠭ | ᠠᠴᠠ ᠠᠪᠤᠷᠠᠬᠤ ᠵᠢᠴᠢ ᠪᠤᠰᠤᠳ ᠣᠨᠴᠠᠭᠠᠢ ᠰᠢᠯᠲᠠᠭᠠᠨ ᠠᠴᠠ ᠪᠣᠯᠵᠤ ᠲᠣᠰ ᠠᠷᠭ᠎ᠠ ᠶᠢᠨ ᠲᠣᠭᠲᠠᠭᠠᠯ ᠶᠣᠰᠣᠭᠠᠷ | ᠠᠷᠠᠯᠵᠢᠶᠠᠯᠠᠵᠤ ᠳᠡᠶᠢᠯᠬᠦ ᠦᠭᠡᠢ ᠪᠣᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃ | ᠠᠷᠪᠠᠨ ᠭᠤᠷᠪᠠᠳᠤᠭᠠᠷ ᠵᠦᠢᠯ ᠠᠷᠠᠯᠵᠢᠶᠠᠨ ᠤ ᠭᠠᠷᠴᠠᠭ ᠳᠤ ᠵᠢᠭᠰᠠᠭᠠᠨ ᠣᠷᠣᠭᠤᠯᠤᠭᠰᠠᠨ ᠦᠭᠡᠢ ᠤᠯᠠᠨ | ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠯᠠᠬᠤ ᠲᠥᠷᠥᠯ ᠵᠦᠢᠯ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ | ᠪᠠᠶᠢᠭᠠᠳ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠤᠨ | ᠠᠷᠠᠯᠵᠢᠶᠠᠯᠠᠭᠤᠯᠤᠨᠠ᠃ | ᠳᠥᠷᠪᠡᠳᠦᠭᠡᠷ ᠪᠦᠯᠦᠭ ᠠᠷᠠᠯᠵᠢᠶᠠᠯᠠᠬᠤ ᠵᠢᠷᠤᠮ ᠬᠢᠭᠡᠳ ᠳᠦᠷᠢᠮ | ᠠᠷᠪᠠᠨ ᠳᠥᠷᠪᠡᠳᠦᠭᠡᠷ ᠵᠦᠢᠯ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠬᠠᠤᠯᠢ ᠴᠠᠭᠠᠵᠠ᠂ | ᠬᠠᠤᠯᠢ ᠲᠣᠭᠲᠠᠭᠠᠯ ᠪᠣᠯᠣᠨ ᠬᠤᠯᠪᠣᠭᠳᠠᠯ ᠪᠦᠬᠦᠢ ᠳᠦᠷᠢᠮ ᠳᠤ ᠲᠣᠭᠲᠠᠭᠠᠭᠰᠠᠨ ᠲᠡᠰ ᠳᠠᠷᠠᠭᠠᠯᠠᠯ᠂ ᠳᠦᠷᠢᠮ ᠤᠨ | ᠶᠣᠰᠣᠭᠠᠷ ᠶᠠᠪᠤᠭᠳᠠᠭᠤᠯᠵᠤ᠂ ᠠᠷᠠᠯᠵᠢᠶ᠎ᠠ ᠶᠢ ᠭᠥᠯᠢᠶᠡᠨ ᠠᠪᠴᠤ ᠰᠢᠢᠳᠪᠦᠷᠢᠯᠡᠬᠦ ᠶᠢ ᠤᠯᠠᠨ ᠨᠡᠶᠢᠲᠡ ᠶᠢᠨ ᠡᠬᠢ | ᠪᠠᠶᠠᠯᠢᠭ ᠤᠨᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠳᠤ ᠶᠠᠪᠤᠭᠳᠠᠭᠤᠯᠬᠤ ᠬᠡᠷᠡᠭᠲᠡᠢ᠃ᠡᠩ ᠤᠨ ᠪᠠᠶᠢᠳᠠᠯ ᠳᠤ᠄ | ᠠᠷᠠᠯᠵᠢᠶᠠᠨ ᠤ ᠨᠠᠶᠢᠳᠠᠯᠭ᠎ᠠ᠂ ᠠᠷᠠᠯᠵᠢᠶᠠᠨ ᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠮᠡᠳᠡᠭᠡ ᠵᠠᠩᠭᠢ | ᠨᠡᠶᠢᠲᠡᠯᠡᠬᠦ᠂ ᠳᠠᠭᠠᠭᠠᠴᠢᠯᠠᠯᠲᠠ ᠬᠦᠯᠢᠶᠡᠬᠦ ︵ᠳᠠᠭᠠᠬᠤ︶ ᠪᠢᠴᠢᠭ ᠮᠠᠲ᠋ᠧᠷᠢᠶᠠᠯ ᠢ ᠭᠥᠯᠢᠶᠡᠨ ᠠᠪᠬᠤ᠂ ᠲᠤᠰᠬᠠᠢ | ᠮᠡᠷᠭᠡᠵᠢᠯᠲᠡᠨ ᠰᠤᠭᠤᠴᠢᠨ ᠠᠪᠬᠤ᠂ ᠳᠠᠭᠠᠭᠠᠴᠢᠯᠠᠯᠲᠠ ᠨᠡᠶᠢᠲᠡᠯᠡᠬᠦ᠂ ᠳᠠᠭᠠᠭᠠᠴᠢᠯᠠᠯᠲᠠ ᠦᠨᠡᠯᠡᠬᠦ᠂ ᠦᠷ᠎ᠡ ᠳ᠋ᠦᠩ ᠢ | ᠵᠠᠷᠯᠠᠨ ᠨᠡᠶᠢᠲᠡᠯᠡᠬᠦ᠂ ᠠᠷᠠᠯᠵᠢᠶ᠎ᠠ ᠪᠦᠲᠦᠭᠰᠡᠨ ᠢ ᠨᠤᠲᠠᠯᠠᠬᠤ ᠪᠢᠴᠢᠭ ᠢ ᠲᠠᠷᠬᠠᠭᠠᠬᠤ᠂ ᠭᠡᠷ᠎ᠡ ᠲᠣᠭᠲᠠᠬᠤ᠂ | ᠠᠷᠠᠯᠵᠢᠶᠠᠨ ᠤ ᠮᠠᠲ᠋ᠧᠷᠢᠶᠠᠯ ᠢ ᠡᠪᠬᠡᠮᠡᠯᠯᠡᠨ ᠲᠠᠩᠰᠠ ᠡᠪᠬᠡᠮᠡᠯ ᠳᠤ ᠣᠷᠣᠭᠤᠯᠬᠤ ᠵᠡᠷᠭᠡ ᠪᠠᠭᠲᠠᠨ᠎ᠠ᠃ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠪᠣᠳᠠᠲᠠᠢ ᠲᠠᠰ ᠳᠠᠷᠠᠭᠠᠯᠠᠯ ᠪᠠ ᠳᠦᠷᠢᠮ ᠢ | ᠠᠷᠠᠯᠵᠢᠶ᠎ᠠ ᠶᠢᠨ ᠲᠥᠷᠥᠯ ᠢᠯᠭᠠᠯ ᠪᠠ ᠠᠭᠤᠯᠭ᠎ᠠ ᠶᠢᠨ ᠶᠣᠰᠣᠭᠠᠷ᠂ ᠬᠤᠲᠠ ᠶᠢᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠵᠠᠰᠠᠭ ᠵᠠᠬᠢᠷᠭᠠᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠢ ᠦᠨᠳᠦᠰᠦᠯᠡᠨ ᠠᠰ ᠲᠤᠨᠢ ᠲᠣᠭᠲᠠᠭᠠᠨ᠎ᠠ᠃ | ᠠᠷᠪᠠᠨ ᠲᠠᠪᠤᠳᠤᠭᠠᠷ ᠵᠦᠢᠯ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠬᠤ ᠤᠯᠠᠨ ᠨᠡᠶᠢᠲᠡ ᠶᠢᠨ ᠡᠬᠢ | ᠪᠠᠶᠠᠯᠢᠭ ᠢ ᠠᠷᠠᠯᠵᠢᠶᠠᠯᠠᠬᠤ ᠲᠥᠷᠥᠯ ᠵᠦᠢᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ | ᠠᠷᠠᠯᠵᠢᠶᠠᠯᠠᠬᠤ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ | ᠪᠠᠶᠢᠪᠠᠯ ᠭᠥᠯᠢᠶᠡᠨ ᠠᠪᠴᠤ ᠰᠢᠢᠳᠪᠦᠷᠢᠯᠡᠬᠦ ᠦᠭᠡᠢ᠄ | ︵ᠨᠢᠭᠡ︶ ᠬᠠᠤᠯᠢ ᠶᠣᠰᠣᠭᠠᠷ ᠬᠢᠨᠠᠨ ᠵᠥᠪᠰᠢᠶᠡᠷᠡᠭᠦᠯᠦᠭᠰᠡᠨ ᠦᠭᠡᠢ᠂ ᠪᠠᠲᠤᠯᠠᠭᠰᠠᠨ ᠦᠭᠡᠢ︔ | ︵ᠬᠤᠶᠠᠷ︶ ᠡᠷᠬᠡ ᠶᠢᠨ ᠬᠠᠷᠢᠶᠠᠯᠠᠯ ᠨᠢ ᠮᠠᠷᠭᠤᠯᠳᠤᠭᠠᠨ ᠲᠠᠢ ᠪᠠᠶᠢᠬᠤ︔ | ︵ᠭᠤᠷᠪᠠ︶ ᠬᠠᠤᠯᠢ ᠶᠣᠰᠣᠭᠠᠷ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠳᠠᠭᠰᠠᠨ︔ | ︵ᠳᠥᠷᠪᠡ︶ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠷᠠᠯᠵᠢᠶᠠᠯᠠᠬᠤ ᠶᠢ ᠴᠠᠭᠠᠵᠠᠯᠠᠬᠤ ᠪᠠᠷ ᠲᠣᠭᠲᠠᠭᠠᠭᠰᠠᠨ | ᠪᠤᠰᠤᠳ ᠪᠠᠶᠢᠳᠠᠯ︔ | ︵ᠵᠢᠷᠭᠤᠭ᠎ᠠ︶ ᠲᠣᠰ ᠠᠵᠢᠯ ᠲᠥᠷᠥᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ | ᠠᠷᠪᠠᠨ ᠵᠢᠷᠭᠤᠳᠤᠭᠠᠷ ᠵᠦᠢᠯ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠳᠤ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠳᠠᠭᠠᠭᠠᠴᠢᠯᠠᠯᠲᠠ ᠰᠢᠯᠭᠠᠷᠠᠭᠤᠯᠬᠤ ᠺᠣᠮᠢᠰ | ︵ᠬᠢᠨᠠᠨ ᠲᠣᠭᠲᠠᠭᠠᠬᠤ ᠳᠤᠭᠤᠶᠢᠯᠠᠩ︶ ᠢ ᠵᠣᠬᠢᠶᠠᠨ ᠪᠠᠶᠢᠭᠤᠯᠵᠤ᠂ ᠲᠤᠰᠬᠠᠢ ᠮᠡᠷᠭᠡᠵᠢᠯᠲᠡᠨ ᠰᠤᠭᠤᠴᠠᠬᠤ ᠳᠤ ᠬᠠᠤᠯᠢ | ᠶᠣᠰᠣᠭᠠᠷ ᠪᠠᠶᠢᠭᠤᠯᠤᠭᠰᠠᠨ ᠳᠠᠭᠠᠭᠠᠴᠢᠯᠠᠯᠲᠠ ᠰᠢᠯᠭᠠᠷᠠᠭᠤᠯᠵᠤ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ | ᠬᠥᠮᠥᠷᠭᠡ ᠠᠴᠠ ᠲᠠᠰᠢᠷᠠᠮ ᠢᠶᠠᠷ ᠰᠤᠭᠤᠴᠠᠬᠤ ᠬᠡᠷᠡᠭᠲᠡᠢ᠃ᠮᠡᠷᠭᠡᠵᠢᠯ ᠨᠢ ᠪᠤᠳᠤᠯᠢᠶᠠᠨᠲᠠᠢ᠂ ᠲᠤᠰᠬᠠᠢ ᠮᠡᠷᠭᠡᠵᠢᠯ ᠤᠨ | ᠴᠢᠨᠠᠷ ᠢᠶᠠᠷ ᠴᠢᠩᠭ᠎ᠠ ᠪᠤᠶᠤ ᠤᠯᠤᠰ ᠠᠴᠠ ᠣᠨᠴᠠᠭᠠᠶ ᠱᠠᠭᠠᠷᠳᠠᠯᠭ᠎ᠠ ᠲᠠᠢ ᠵᠦᠢᠯᠡᠰ ᠲᠤ ᠲᠤᠰᠬᠠᠢ ᠮᠡᠷᠭᠡᠵᠢᠯᠲᠡᠨ ᠤ | ᠰᠢᠯᠭᠠᠷᠠᠭᠤᠯᠬᠤ ᠺᠣᠮᠢᠰ ᠢ ᠪᠤᠰᠤᠳ ᠠᠷᠭ᠎ᠠ ᠮᠠᠶ᠋ᠢᠭ ᠢᠶᠠᠷ ᠭᠠᠷᠭᠠᠬᠤ ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠲᠠᠪᠤᠳᠤᠭᠠᠷ ᠪᠦᠯᠦᠭ ᠬᠢᠨᠠᠵᠤ ᠬᠠᠮᠢᠶᠠᠷᠬᠤ | ᠠᠷᠪᠠᠨ ᠳᠣᠯᠣᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠡᠷᠦᠩᠬᠡᠶᠢᠯᠡᠭᠰᠡᠨ | ᠬᠢᠨᠠᠯᠲᠠ ᠬᠠᠮᠢᠶᠠᠷᠤᠯᠲᠠ ᠬᠢᠭᠡᠳ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠠᠮᠵᠢᠯᠴᠠᠨ ᠬᠢᠨᠠᠨ ᠬᠠᠮᠢᠶᠠᠷᠤᠭᠰᠠᠨ ᠬᠤᠯᠪᠤᠭᠠᠯᠠᠨ ᠬᠥᠳᠡᠯᠦᠯᠴᠡᠬᠦ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠤᠨ ᠲᠣᠭᠲᠠᠴᠠ ᠶᠢ ᠪᠠᠶᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠭᠤᠭᠴᠤᠭ᠎ᠠ ᠳᠤ ᠣᠷᠣᠭᠰᠠᠨ ᠲᠥᠷᠥᠯ ᠵᠦᠢᠯ ᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠳᠦᠯᠲᠡᠢ ᠲᠥᠯᠥᠪᠯᠡᠨ ᠬᠠᠮᠢᠶᠠᠷᠴᠤ᠂ ᠬᠠᠮᠢᠶ᠎ᠠ | ᠪᠦᠬᠦᠢ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠮᠵᠢᠯᠴᠠᠨ | ᠂ ᠣᠯᠠᠨ ᠨᠡᠶᠢᠲᠡ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠬᠢᠨᠠᠯᠲᠠ ᠬᠠᠮᠢᠶᠠᠷᠤᠯᠲᠠ᠂ | ᠵᠠᠭᠠᠯᠳᠤᠵᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠵᠢᠴᠢ ᠬᠡᠷᠡᠭ ᠢ ᠪᠠᠶᠢᠴᠠᠭᠠᠨ | ᠰᠢᠢᠳᠪᠦᠷᠢᠯᠡᠬᠦ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠵᠡᠷᠭᠡ ᠡᠯ᠎ᠡ ᠵᠦᠢᠯ ᠤᠨ ᠠᠵᠢᠯ ᠢ ᠬᠦᠴᠦ ᠪᠠᠨ | ᠬᠠᠮᠲᠤᠳᠬᠠᠨ ᠠᠬᠢᠭᠤᠯᠤᠨ᠎ᠠ᠃ | ᠠᠷᠪᠠᠨ ᠨᠠᠢᠮᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠬᠠᠮᠲᠤᠷᠠᠭᠰᠠᠨ ᠬᠤᠷᠠᠯᠳᠤᠭᠠᠨ ᠢᠶᠠᠷ ᠳᠠᠮᠵᠢᠭᠤᠯᠤᠨ | ᠬᠠᠮᠲᠤᠪᠠᠷ ᠵᠥᠪᠳᠡᠯᠴᠡᠬᠦ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠬᠢᠨᠠᠯᠲᠠ | ᠬᠠᠮᠢᠶᠠᠷᠤᠯᠲᠠ ᠶᠢᠨ ᠳᠤᠮᠳᠠ ᠲᠤᠯᠭᠠᠷᠠᠭᠰᠠᠨ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠶᠡᠷᠦᠩᠬᠡᠶᠢᠯᠡᠨ | ᠬᠢᠨᠠᠨ ᠬᠠᠮᠢᠶᠠᠷᠬᠤ ᠪᠠ ᠠᠵᠢᠯ ᠲᠥᠷᠥᠯ ᠤᠨ ᠬᠠᠮᠵᠢᠯᠴᠠᠨ ᠬᠢᠨᠠᠨ ᠬᠠᠮᠢᠶᠠᠷᠬᠤ ᠶᠢ ᠵᠠᠪᠰᠠᠷ ᠦᠭᠡᠢ ᠵᠣᠯᠭᠠᠭᠤᠯᠵᠤ᠂ | ᠬᠠᠷᠢᠯᠴᠠᠨ ᠬᠠᠮᠵᠢᠯᠴᠠᠬᠤ ᠶᠢ ᠦᠨᠡᠨᠬᠦ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ | ᠴᠢᠩᠭᠠᠷᠠᠭᠤᠯᠤᠨ᠎ᠠ᠃ | ᠬᠠᠮᠲᠤᠷᠠᠭᠰᠠᠨᠬᠤᠷᠠᠯ ᠢ ᠡᠭᠦᠰᠬᠡᠨ ᠪᠠᠶᠢᠭᠤᠯᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠬᠤ᠂ ᠬᠠᠷᠢᠯᠴᠠᠬᠤ | ᠪᠠ ᠵᠣᠬᠢᠴᠠᠭᠤᠯᠬᠤ ᠶᠢ ᠬᠠᠷᠢᠭᠤᠴᠠᠵᠤ᠂ ᠬᠤᠷᠠᠯ ᠤᠨ ᠭᠤᠣᠯ ᠰᠡᠳᠦᠪ ᠪᠠ ᠬᠤᠷᠠᠯ ᠠᠴᠠ ᠵᠥᠪᠯᠡᠬᠦ ᠵᠦᠢᠯ ᠢ | ᠲᠣᠭᠲᠠᠭᠠᠨ᠎ᠠ᠂ ᠬᠠᠮᠵᠢᠯᠴᠠᠬᠤ ᠰᠠᠯᠠᠭ᠎ᠠ ᠮᠥᠴᠢᠷ ᠤᠳ ᠡᠭᠦᠰᠬᠡᠨ ᠪᠠᠶᠢᠭᠤᠯᠬᠤ ᠰᠠᠯᠠᠭ᠎ᠠ ᠮᠥᠴᠢᠷ ᠤᠨ ᠤᠷᠢᠯᠭ᠎ᠠ ᠪᠠ | ᠬᠤᠷᠠᠯ ᠤᠨ ᠪᠣᠳᠠᠲᠠᠢ ᠠᠭᠤᠯᠭ᠎ᠠ ᠶᠢ ᠦᠨᠳᠦᠰᠦᠯᠡᠨ ᠬᠥᠮᠥᠨ ᠰᠣᠩᠭᠤᠨ ᠲᠣᠮᠢᠯᠠᠵᠤ ᠣᠷᠣᠯᠴᠠᠭᠤᠯᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠣᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠪᠠᠶᠢᠭᠤᠯᠬᠤ ᠶᠢ ᠠᠬᠢᠭᠤᠯᠵᠤ᠂ ᠡᠯᠧᠺᠲᠷᠤᠨᠴᠢᠯᠡᠭᠰᠡᠨ ᠠᠷᠭ᠎ᠠ ᠪᠠᠷᠢᠯ ᠢᠶᠠᠷ | ᠳᠠᠮᠵᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠪᠥᠬᠦ ᠶᠠᠪᠤᠴᠠ ᠳᠤ | ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠢ᠃ | ᠬᠤᠷᠢᠳᠤᠭᠠᠷ ᠵᠦᠢᠯ ᠬᠤᠲᠠ ᠶᠢᠨ ᠡᠯ᠎ᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠦᠷ᠎ᠡ ᠳ᠋ᠦᠩ ᠢ ᠮᠥᠷᠳᠡᠬᠦ ᠪᠠ | ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ | ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠲᠣᠭᠲᠠᠭᠠᠯ ᠢᠶᠠᠨ ᠴᠠᠭ ᠲᠤᠬᠠᠢ ᠳᠤᠨᠢ ᠬᠤᠲᠠ ᠶᠢᠨ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠠᠭᠤᠯᠤᠨ | ᠬᠦᠷᠭᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ ᠤᠨ ᠶᠣᠰᠣᠭᠠᠷ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ ᠶᠢᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ | ᠰᠢᠢᠳᠪᠦᠷᠢᠯᠡᠬᠦ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠷᠠᠯᠵᠢᠶᠠᠨ ᠤ ᠲᠠᠪᠴᠠᠩ ᠤᠨ ᠭᠥᠯᠢᠶᠡᠨ ᠠᠪᠤᠭᠰᠠᠨ ᠲᠥᠷᠥᠯ ᠵᠦᠢᠯ ᠤᠨ ᠵᠠᠭᠠᠯᠳᠤᠯᠭ᠎ᠠ ᠶᠢ ᠭᠥᠯᠢᠶᠡᠨ | ᠠᠪᠴᠤ ᠰᠢᠢᠳᠪᠦᠷᠢᠯᠡᠬᠦ ᠶᠢᠨ ᠬᠠᠮᠲᠤ ᠲᠡᠮᠳᠡᠭᠯᠡᠬᠦ ᠬᠡᠷᠡᠭᠲᠡᠢ᠃ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ | ᠵᠢᠴᠢ ᠲᠥᠷᠥᠯ ᠵᠦᠢᠯ ᠳᠤ ᠬᠠᠷᠢᠶᠠᠯᠠᠭᠳᠠᠬᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠶᠢ | ᠬᠠᠮᠢᠶ᠎ᠠ ᠪᠦᠬᠦᠢ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠭᠥᠯᠢᠶᠡᠨ ᠠᠪᠴᠤ ᠰᠢᠢᠳᠪᠦᠷᠢᠯᠡᠬᠦ ᠳᠤ ᠭᠦᠷᠪᠡᠯ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠰᠢᠢᠳᠪᠦᠷᠢᠯᠡᠭᠦᠯᠦᠨ᠎ᠡ᠃ᠲᠣᠰ ᠠᠵᠢᠯ | ᠲᠥᠷᠥᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ | ᠲᠣᠭᠲᠠᠭᠠᠯ ᠢ ᠳᠠᠭᠠᠨ᠎ᠠ᠃ | ᠬᠤᠷᠢᠨ ᠬᠤᠶᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠤᠯᠢ | ᠲᠣᠭᠲᠠᠭᠠᠯ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠠᠪᠤᠴᠠ ᠳᠤ᠂ ᠪᠤᠰᠤᠳ ᠵᠠᠰᠠᠭ ᠵᠠᠬᠢᠷᠭᠠᠨ ᠤ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠠᠮᠵᠢᠭᠤᠯᠤᠨ ᠰᠢᠢᠳᠪᠦᠷᠢᠯᠡᠭᠦᠯᠬᠦ ᠴᠢᠬᠤᠯᠠᠲᠠᠢ ᠪᠠᠶᠢᠪᠠᠯ᠂ | ᠬᠠᠮᠵᠢᠭᠤᠯᠤᠨ ᠰᠢᠢᠳᠪᠦᠷᠢᠯᠡᠬᠦ ᠨᠢᠭᠡᠴᠡ ᠳᠤ ᠬᠠᠮᠵᠢᠭᠤᠯᠤᠨ ᠰᠢᠢᠳᠪᠦᠷᠢᠯᠡᠬᠦ ᠵᠠᠬᠢᠳᠠᠯ ᠶᠠᠪᠤᠭᠤᠯᠵᠤ᠂ ᠬᠠᠮᠵᠢᠭᠤᠯᠤᠨ | ᠰᠢᠢᠳᠪᠦᠷᠢᠯᠡᠬᠦ ᠰᠠᠯᠠᠭ᠎ᠠ ᠮᠥᠴᠢᠷ ᠨᠢ ᠬᠠᠮᠵᠢᠭᠤᠯᠤᠨ ᠰᠢᠢᠳᠪᠦᠷᠢᠯᠡᠬᠦ ᠵᠠᠬᠢᠳᠠᠯ ᠢ ᠣᠯᠣᠭᠰᠠᠨ ᠤ ᠳᠠᠷᠠᠭ᠎ᠠ᠂ | ᠬᠠᠮᠵᠢᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠴᠠᠭ ᠲᠤᠬᠠᠢ ᠳᠤᠨᠢ ᠬᠢᠨᠠᠨ ᠪᠠᠶᠢᠴᠠᠭᠠᠵᠤ᠂ ᠬᠠᠤᠯᠢ ᠶᠣᠰᠣᠭᠠᠷ | ᠰᠢᠢᠳᠪᠦᠷᠢᠯᠡᠬᠦ ᠶᠢᠨ ᠬᠠᠮᠲᠤ ᠬᠠᠮᠵᠢᠭᠤᠯᠤᠨ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠢ ᠳᠤᠨᠢ ᠪᠢᠴᠢᠭ ᠢᠶᠠᠷ | ᠬᠠᠷᠢᠭᠤ ᠲᠤᠰᠬᠠᠬᠤ ᠬᠡᠷᠡᠭᠲᠡᠢ᠂ ᠬᠠᠷᠢᠯᠴᠠᠨ ᠲᠦᠯᠬᠢᠯᠴᠡᠵᠦ᠂ ᠠᠷᠭᠠᠴᠠᠨ ᠥᠩᠭᠡᠷᠡᠭᠦᠯᠵᠦ ᠪᠣᠯᠬᠤ ᠦᠭᠡᠢ᠂ ᠵᠦᠢ | ᠵᠣᠬᠢᠰ ᠦᠭᠡᠢ ᠰᠢᠯᠲᠠᠭᠠᠨ ᠢᠶᠠᠷ ᠲᠡᠪᠴᠢᠵᠦ ᠪᠣᠯᠬᠤ ᠦᠭᠡᠢ᠃ | ᠬᠤᠷᠢᠨ ᠭᠤᠷᠪᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠴᠠ ᠡᠮᠦᠨ᠎ᠡ᠂ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠡᠬᠢ | ᠪᠠᠶᠠᠯᠢᠭ ᠤᠨ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠷᠠᠯᠵᠢᠶ᠎ᠠ ᠶᠢᠨ ᠵᠠᠯᠭᠠᠮᠵᠢ ᠭᠠᠷᠳᠠᠮ ᠢ | ᠭᠦᠢᠴᠡᠳᠬᠡᠬᠦ ᠪᠠᠨ ᠲᠦᠷ ᠵᠣᠭᠰᠣᠬᠤ ᠬᠡᠷᠡᠭᠲᠡᠢ᠂ ᠲᠣᠰ ᠠᠵᠢᠯ ᠲᠥᠷᠥᠯ ᠤᠨ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠳᠠᠭᠠᠨ᠎ᠠ᠃ | ᠬᠤᠷᠢᠨ ᠳᠥᠷᠪᠡᠳᠦᠭᠡᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠠᠢ ᠬᠠᠮᠲᠤᠷᠠᠨ᠂ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠬᠠᠮᠲᠤᠪᠠᠷ ᠡᠳ᠋ᠯᠡᠬᠦ᠂ ᠬᠥᠳᠡᠯᠦᠩᠭᠦᠢ ᠪᠠᠷ ᠰᠢᠨᠡᠳᠬᠡᠬᠦ ᠶᠢ | ᠪᠡᠶᠡᠯᠡᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ | ᠪᠠ ᠢᠲᠡᠭᠡᠮᠵᠢ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢᠶᠠᠷ ᠳᠠᠮᠵᠢᠭᠤᠯᠤᠨ | ᠠᠷᠠᠯᠵᠢᠶᠠᠯᠠᠬᠤ ᠶᠠᠪᠤᠴᠠ ᠳᠠᠬᠢ ᠢᠲᠡᠭᠡᠯ ᠲᠠᠢ ᠪᠠᠶᠢᠬᠤ ᠪᠠ ᠢᠲᠡᠭᠡᠯ ᠢᠶᠠᠨ ᠠᠯᠳᠠᠭᠰᠠᠨ ᠨᠡᠷᠡᠰ ᠢ ᠨᠡᠶᠢᠭᠡᠮ | ᠨᠡᠶᠢᠲᠡ ᠳᠤ ᠢᠯᠡ ᠪᠣᠯᠭᠠᠬᠤ ᠬᠡᠷᠡᠭᠲᠡᠢ᠃ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠢ ᠦᠨᠳᠦᠰᠦᠯᠡᠨ᠂ | ᠢᠲᠡᠭᠡᠮᠵᠢ ᠲᠠᠢ ᠭᠤᠣᠯ ᠴᠣᠭᠴᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ | ᠣᠷᠣᠯᠴᠠᠭᠰᠠᠨ ᠢ ᠱᠠᠩᠨᠠᠨ ᠬᠥᠬᠢᠭᠦᠯᠵᠦ᠂ ᠢᠲᠡᠭᠡᠯ ᠠᠯᠳᠠᠭᠰᠠᠨ ᠭᠤᠣᠯ ᠴᠣᠭᠴᠠ ᠶᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠣᠷᠤᠯᠴᠠᠬᠤ ᠶᠢ ᠬᠢᠵᠠᠭᠠᠷᠯᠠᠬᠤ ᠪᠤᠶᠤ ᠴᠠᠭᠠᠵᠠᠯᠠᠬᠤ ᠵᠡᠷᠭᠡ ᠠᠷᠭ᠎ᠠ | ᠮᠠᠶ᠋ᠢᠭ ᠢᠶᠠᠷ ᠵᠠᠯᠬᠠᠭᠠᠨ ᠴᠡᠭᠡᠷᠯᠡᠭᠦᠯᠦᠨ᠎ᠡ᠃ | ᠬᠤᠷᠢᠨ ᠲᠠᠪᠤᠳᠤᠭᠠᠷ ᠵᠦᠢᠯ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ ᠲᠠᠪᠴᠠᠩ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠲᠠᠪᠴᠠᠩ ᠵᠡᠷᠭᠡ ᠡᠯ᠎ᠡ ᠲᠥᠷᠥᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠮᠡᠳᠡᠭᠡ ᠵᠠᠩᠭᠢ᠂ ᠠᠷᠠᠯᠵᠢᠶ᠎ᠠ ᠶᠢᠨ ᠮᠡᠳᠡᠭᠡ ᠵᠠᠩᠭᠢ᠂ ᠢᠲᠡᠭᠡᠮᠵᠢ ᠶᠢᠨ ᠮᠡᠳᠡᠭᠡ ᠵᠠᠩᠭᠢ᠂ ᠵᠠᠰᠠᠭ | ᠵᠠᠬᠢᠷᠭᠠᠨ ᠤ ᠬᠢᠨᠠᠯᠲᠠ ᠲᠠᠯᠪᠢᠬᠤ ᠵᠡᠷᠭᠡ ᠮᠡᠳᠡᠭᠡ ᠵᠠᠩᠭᠢ ᠶᠢ ᠪᠥᠬᠦ ᠬᠤᠲᠠ ᠳᠤ ᠵᠡᠷᠭᠡᠪᠡᠷ ᠬᠠᠮᠲᠤᠪᠠᠷ ᠭᠥᠷᠳᠡᠬᠦ᠂ | ᠬᠥᠳᠡᠯᠦᠩᠭᠦᠢ ᠪᠠᠷ ᠰᠢᠨᠡᠳᠬᠡᠬᠦ ᠶᠢ ᠪᠡᠶᠡᠯᠡᠭᠦᠯᠬᠦ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠨᠡᠶᠢᠭᠡᠮ ᠤᠨ | ᠦᠨᠡᠯᠡᠯᠲᠡ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃ᠨᠡᠶᠢᠭᠡᠮ ᠤᠨ ᠣᠯᠠᠨ ᠨᠡᠶᠢᠲᠡ᠂ ᠭᠤᠷᠪᠠᠳᠠᠭᠢ | ᠡᠲᠡᠭᠡᠳ ᠤᠨ ᠪᠠᠶᠢᠭᠤᠯᠤᠮᠵᠢ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠢᠶᠠᠷ ᠳᠠᠮᠵᠢᠭᠤᠯᠤᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠨᠡᠶᠢᠭᠡᠮ ᠤᠨ ᠬᠢᠨᠠᠯᠲᠠ ᠲᠠᠯᠪᠢᠬᠤ ᠶᠢᠨ ᠬᠠᠮᠲᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠢᠨᠠᠯᠲᠠ ᠲᠠᠯᠪᠢᠭᠰᠠᠨ ᠰᠠᠨᠠᠯ ᠢᠶᠠᠨ ᠬᠠᠷᠢᠭᠤ ᠲᠤᠰᠬᠠᠨ᠎ᠠ᠃ | ᠬᠤᠷᠢᠨ ᠳᠣᠯᠣᠳᠤᠭᠠᠷ ᠵᠦᠢᠯ ᠬᠢᠨᠠᠨ ᠪᠤᠳᠤᠬᠤ ᠰᠠᠯᠠᠭ᠎ᠠ ᠮᠥᠴᠢᠷ ᠤᠳ ᠤᠯᠠᠨ ᠨᠡᠶᠢᠲᠡ ᠶᠢᠨ ᠡᠬᠢ | ᠪᠠᠶᠠᠯᠢᠭ ᠢ ᠠᠷᠠᠯᠵᠢᠶᠠᠯᠠᠭᠰᠠᠨ ᠠᠵᠢᠯᠯᠠᠭ᠎ᠠ ᠪᠣᠯᠣᠨ ᠪᠡᠯᠡ ᠮᠥᠩᠭᠦ ᠶᠢᠨ ᠬᠡᠷᠡᠭᠯᠡᠯᠲᠡ ᠵᠡᠷᠭᠡ ᠪᠠᠶᠢᠳᠠᠯ ᠳᠤ ᠬᠠᠤᠯᠢ | ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠬᠡᠷᠡᠭᠲᠡᠢ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠵᠤ | ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯᠯᠠᠭ᠎ᠠ ᠶᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠎ᠡ᠃ | ᠬᠤᠷᠢᠨ ᠨᠠᠢᠮᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠵᠢᠴᠢ ᠲᠡᠭᠦᠨ ᠤ ᠠᠵᠢᠯᠲᠠᠨ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠲᠠᠪᠴᠠᠩ ᠵᠢᠴᠢ ᠲᠡᠭᠦᠨ ᠤ ᠠᠵᠢᠯᠲᠠᠨ ᠲᠣᠰ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠪᠤᠶᠤ | ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠬᠠᠮᠢᠶᠠᠷᠤᠯᠲᠠ ᠶᠢᠨ ᠡᠷᠬᠡ | ᠮᠡᠳᠡᠯ ᠤᠨ ᠬᠡᠪᠴᠢᠶ᠎ᠡ ᠶᠣᠰᠣᠭᠠᠷ᠂ ᠲᠡᠭᠦᠨ ᠤ ᠪᠠᠶᠢᠭ᠎ᠠ ᠨᠢᠭᠡᠴᠡ ᠪᠤᠶᠤ ᠳᠡᠭᠡᠳᠦ ᠱᠠᠲᠤᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ ᠵᠠᠷᠯᠠᠨ ᠰᠢᠭᠦᠮᠵᠢᠯᠡᠨ᠎ᠡ︔ ᠰᠠᠬᠢᠯᠭ᠎ᠠ | ᠪᠠᠲᠤ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ ᠠᠰᠢᠭᠯᠠᠨ ᠬᠠᠤᠯᠢ ᠶᠢ ᠵᠥᠷᠢᠴᠡᠭᠰᠡᠨ ᠪᠤᠶᠤ ᠡᠷᠬᠡ ᠲᠤᠰᠢᠶᠠᠯ ᠢᠶᠠᠨ | ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠦᠯᠦᠨ᠎ᠡ︔ ᠬᠠᠤᠯᠢ ᠠᠴᠠ | ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢ ᠶᠢᠰᠦᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ | ᠭᠤᠣᠯ ᠴᠣᠭᠴᠠ᠂ ᠳᠠᠭᠠᠭᠠᠴᠢᠯᠠᠯᠲᠠ ᠰᠢᠯᠭᠠᠷᠠᠭᠤᠯᠵᠤ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ᠂ | ᠰᠢᠰᠲ᠋ᠧᠮ ᠤᠨ ᠨᠡᠭᠡᠭᠡᠨ ᠬᠥᠭᠵᠢᠭᠦᠯᠵᠦ ᠠᠵᠢᠯᠯᠠᠭᠤᠯᠵᠤ ᠬᠠᠮᠠᠭᠠᠯᠠᠬᠤ ᠪᠠᠶᠢᠭᠤᠯᠤᠮᠵᠢ ᠨᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ | ᠵᠥᠷᠢᠴᠡᠪᠡᠯ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠪᠤᠶᠤ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠭᠦᠷᠭᠡ | ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ᠰᠠᠬᠢᠯᠭ᠎ᠠ | ᠪᠠᠲᠤ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ ᠠᠰᠢᠭᠯᠠᠨ ᠬᠠᠤᠯᠢ ᠠᠴᠠ ᠵᠥᠷᠢᠴᠡᠭᠰᠡᠨ ᠪᠤᠶᠤ ᠡᠷᠬᠡ | ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠦᠯᠦᠨ᠎ᠡ︔ | ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠬᠦᠷᠭᠡᠵᠦ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠳᠤᠭᠠᠷ ᠵᠦᠢᠯ ᠲᠣᠰ ᠠᠷᠭ᠎ᠠ ᠶᠢ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠭᠤᠴᠢᠨ ᠨᠢᠭᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ | ᠲᠠᠷᠠᠭ᠎ᠠ ᠬᠡᠷᠡᠭᠵᠢᠭᠦᠯᠦᠨ᠎ᠡ᠃ |