2022 ᠣᠨ ᠠᠴᠠ ᠨᠠᠰᠢ᠂ ᠬᠥᠬᠡᠬᠤᠲᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ | ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠰᠢᠨ᠎ᠡ ᠳᠡᠭᠲᠡᠷ ᠲᠤ ᠭᠠᠷᠪᠠ᠃ ᠬᠥᠬᠡᠬᠤᠲᠠ ᠵᠢᠷᠭᠤᠳᠤᠭᠠᠷ | ᠪᠦᠯᠦᠭ ᠤᠨ ᠪᠦᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠲᠣᠭᠤᠷᠢᠭ ᠢᠶᠠᠷ ᠦᠨᠡᠯᠡᠭᠳᠡᠵᠦ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠲᠦᠬᠦᠮ ᠦᠵᠡᠭᠦᠯᠬᠦ ᠬᠠᠯᠠᠮᠰᠢᠯ ᠤᠲᠠᠰᠤ ︽2022 ᠣᠨ ᠤ ᠪᠦᠬᠦ ᠤᠯᠤᠰ ᠤᠨ ᠠᠷᠪᠠᠨ ᠰᠢᠯᠢᠳᠡᠭ ᠬᠠᠯᠠᠮᠰᠢᠯ | ᠤᠲᠠᠰᠤᠨ ᠤ ᠵᠢᠱᠢᠶ᠎ᠡ︾ ᠪᠠ ︽ᠲᠤᠰᠬᠠᠢ ᠮᠡᠷᠭᠡᠵᠢᠯ ᠤᠨ ᠬᠢᠷᠢ ᠬᠡᠮ ᠢᠶᠠᠨ ᠳᠡᠭᠡᠭᠰᠢᠯᠡᠭᠦᠯᠦᠭᠰᠡᠨ ᠵᠢᠱᠢᠶ᠎ᠡ︾ ᠶᠢᠨ | ᠱᠠᠩᠨᠠᠯ ᠢ ᠬᠦᠷᠳᠡᠵᠤ᠂ ᠬᠤᠷᠢᠨᠭᠡᠷ ᠰᠢᠶᠠᠨ ᠤ ᠱᠧᠩ ᠯᠧ ᠪᠠᠯᠭᠠᠰᠤ ᠶᠢᠨ ᠲᠠᠶᠢᠵᠢ ᠶᠢᠩ ᠲᠣᠰᠬᠤᠨ᠂ ᠲᠣᠭᠲᠠᠬᠤ | ᠰᠢᠶᠠᠨ ᠤ ᠰᠢᠨ ᠶᠢᠩᠽᠢ ᠪᠠᠯᠭᠠᠰᠤ ᠶᠢᠨ ᠰᠢᠶᠤᠤ ᠺᠸᠤ ᠲᠣᠰᠬᠤᠨ ᠶᠢᠰᠦᠳᠦᠭᠡᠷ ᠪᠦᠯᠦᠭ ᠤᠨ ︽ᠪᠦᠬᠦ ᠤᠯᠤᠰ ᠤᠨ | ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠢᠶᠠᠷ ᠦᠨᠡᠯᠡᠭᠳᠡᠪᠡ᠃ | ᠨᠢᠭᠡ᠂ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ | ︵ᠨᠢᠭᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ | ᠲᠠᠰᠤᠷᠠᠯᠳᠠ ᠦᠭᠡᠢ ᠴᠢᠩᠭᠠᠳᠬᠠᠪᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠬᠤᠳᠠ ᠶᠢᠨ | ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠵᠠᠪᠠᠯ ᠰᠤᠷᠬᠤ ᠠᠭᠤᠯᠭ᠎ᠠ᠂ ᠨᠠᠮ ᠤᠨ | ᠰᠤᠷᠭᠠᠭᠤᠯᠢ ᠶᠢᠨ ᠵᠠᠪᠠᠯ ᠰᠤᠷᠬᠤ ᠬᠢᠴᠢᠶᠡᠯ ᠳᠤ ᠣᠷᠣᠭᠤᠯᠤᠨ᠎ᠠ᠃ 2022 ᠣᠨ ᠳᠤ ᠬᠤᠳᠠ ᠶᠢᠨ ᠨᠠᠮ ᠤᠨ | ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠰᠢ ᠶᠢᠨ ᠫᠢᠩ ᠬᠠᠤᠯᠢᠵᠢᠯ ᠤᠨ ᠦᠵᠡᠯ ᠰᠠᠨᠠᠭ᠎ᠠ ᠶᠢ 2 | ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠵᠤ᠂ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ | ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 10 | ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠲᠤᠰᠬᠠᠢ ᠰᠡᠳᠦᠪᠲᠦ ᠪᠣᠯᠪᠠᠰᠤᠷᠠᠯ ᠤᠨ | ᠬᠠᠪᠰᠤᠷᠤᠨ ᠵᠢᠯᠤᠭᠤᠳᠤᠯᠭ᠎ᠠ ᠬᠢᠵᠡᠢ᠃ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠭᠤᠣᠯ | ᠠᠩᠭᠢ ᠺᠠᠳ᠋ᠷ ᠰᠤᠷᠤᠭᠴᠢᠳ ᠢ 544 ᠬᠥᠮᠦᠨ ᠤᠳᠠᠭ᠎ᠠ ᠪᠣᠯᠪᠠᠰᠤᠷᠠᠭᠤᠯᠪᠠ᠃ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠰᠢᠰᠲ᠋ᠧᠮ ᠲᠠᠢ | ᠲᠥᠯᠥᠪᠯᠡᠨ᠂ ᠪᠦᠬᠦᠯᠢ ᠴᠣᠭᠴᠠ ᠪᠠᠷ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠲᠤᠰᠬᠠᠶ ᠰᠡᠳᠦᠪ ᠢᠶᠠᠷ ᠰᠤᠳᠤᠯᠵᠤ᠂ ︽ᠬᠠᠤᠯᠢ ᠪᠠᠷ ᠵᠠᠰᠠᠬᠤ | ᠬᠥᠬᠡᠬᠤᠲᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ︵2022 — 2025 ᠣᠨ︶︾ ᠶᠢ ᠳᠠᠷᠤᠮᠠᠯᠯᠠᠨ | ᠲᠠᠷᠬᠠᠭᠠᠵᠤ ᠬᠡᠷᠡᠭᠵᠢᠭᠦᠯᠬᠦ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠬᠠᠤᠯᠢ ᠪᠠᠷ ᠵᠠᠰᠠᠬᠤ | ᠨᠡᠶᠢᠭᠡᠮ ᠤᠨ ᠪᠠᠶᠢᠭᠤᠯᠤᠯᠲᠠ᠂ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ︽ᠪᠥᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ︾ ᠶᠢ ᠪᠥᠬᠦ | ᠬᠤᠲᠠ ᠶᠢᠨ ᠴᠢᠨᠠᠷ ᠰᠠᠶᠢᠲᠠᠶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠳᠤ ᠵᠢᠭᠰᠠᠭᠠᠨ | ᠣᠷᠣᠭᠤᠯᠵᠤ᠂ 9 ᠬᠤᠰᠢᠭᠤ ᠰᠢᠶᠠᠨ ᠲᠣᠭᠤᠷᠢᠭ᠂ 6 ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠲᠤᠬᠠᠶ ᠶᠢᠨ | ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠵᠦ᠂ ᠬᠠᠤᠯᠢ ᠪᠠᠷ ᠵᠠᠰᠠᠬᠤ ᠣᠷᠣᠨ ᠤ ᠲᠥᠪ ᠤᠨ | ᠪᠥᠲᠥᠭᠡᠨ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠬᠤ ᠶᠢ ᠳᠥᠯᠭᠢᠨ ᠠᠬᠢᠭᠤᠯᠪᠠ᠃ | ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ ᠰᠢᠯᠢᠳᠡᠭᠵᠢᠭᠦᠯᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ 3.0 ᠬᠡᠪᠯᠡᠯ ᠤᠨ ᠬᠡᠷᠡᠭᠵᠢᠭᠦᠯᠬᠦ ᠲᠥᠰᠦᠯ ᠢ ᠨᠠᠷᠢᠯᠢᠬᠵᠢᠭᠤᠯᠤᠨ | ᠰᠢᠯᠢᠳᠡᠭᠵᠢᠭᠦᠯᠵᠦ᠂ 236 ᠵᠦᠢᠯ ᠤᠨ ᠡᠭᠦᠷᠭᠡ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠬᠤᠲᠠ ᠶᠢᠨ | ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠥᠳᠡᠯᠦᠩᠭᠦᠶ ᠪᠠᠷ ᠳᠣᠭᠢᠷᠠᠭᠤᠯᠵᠤ᠂ 3 ᠰᠠᠯᠠᠭ᠎ᠠ | ᠮᠥᠴᠢᠷ ᠤᠨ 24 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠲᠤ ᠲᠣᠬᠢᠷᠠᠭᠤᠯᠤᠯᠲᠠ ᠬᠢᠪᠠ᠃ ᠤᠯᠠᠮ | ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ︽ᠮᠤᠵᠢ ᠠᠯᠤᠰᠯᠠᠨ ᠨᠡᠶᠢᠳᠡᠮ | ᠰᠢᠢᠳᠪᠦᠷᠢᠯᠡᠬᠦ︾ ᠤᠴᠢᠷ ᠶᠠᠪᠤᠳᠠᠯ 379 ᠵᠦᠢᠯ ᠳᠤ ᠬᠦᠷᠴᠡᠶ︔ ᠬᠤᠲᠠ ᠶᠢᠨ ᠲᠣᠰ ᠱᠠᠲᠤᠨ ᠤ ︽ᠨᠢᠭᠡ | ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠵᠦᠢᠯᠡᠰ ᠢ 820 ᠵᠦᠢᠯ ᠪᠣᠯᠭᠠᠵᠤ᠂ ᠪᠥᠬᠦ ᠶᠠᠪᠤᠴᠠ ᠳᠤ | ᠰᠦᠯᠵᠢᠶ᠎ᠡ ᠪᠠᠷ ᠰᠢᠢᠳᠪᠦᠷᠢᠯᠡᠬᠦ ᠵᠦᠢᠯᠡᠰ ᠢ 707 ᠵᠦᠢᠯ ᠪᠣᠯᠭᠠᠪᠠ︔ ︽ᠨᠢᠭᠡ ᠬᠤᠲᠠ ᠳᠤ ᠨᠡᠶᠢᠳᠡᠮ | ᠰᠢᠢᠳᠪᠦᠷᠢᠯᠡᠬᠦ︾ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠵᠦ᠂ ᠬᠤᠲᠠ ᠳᠥᠷᠪᠡᠨ ᠲᠣᠭᠤᠷᠢᠭ ᠲᠤ ᠨᠡᠶᠢᠳᠡᠮ | ᠰᠢᠢᠳᠪᠦᠷᠢᠯᠡᠬᠦ ᠵᠦᠢᠯᠡᠰ 147᠂ ᠬᠤᠰᠢᠭᠤ ᠰᠢᠶᠠᠨ ᠳᠤ ᠨᠡᠶᠢᠳᠡᠮ ᠰᠢᠢᠳᠪᠦᠷᠢᠯᠡᠬᠦ ᠵᠦᠢᠯᠡᠰ 110 ᠪᠠᠶᠢᠨ᠎ᠠ᠃ | ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ ᠳᠤᠨᠢ ᠰᠢᠢᠳᠪᠦᠷᠢᠯᠡᠬᠦ ᠰᠠᠷ᠎ᠠ ᠪᠦᠷᠢ ᠶᠢᠨ ᠲᠣᠬᠢᠷᠠᠭᠤᠯᠬᠤ | ᠲᠣᠭᠲᠠᠴᠠ ᠶᠢ ᠨᠠᠶᠢᠳᠠᠪᠤᠷᠢᠵᠢᠭᠤᠯᠵᠤ᠂ ︽12345︾ ᠠᠷᠠᠳ ᠲᠤ ᠳᠦᠭᠦᠮ ᠦᠵᠡᠭᠦᠯᠬᠦ ᠬᠠᠯᠠᠭᠤᠨ ᠤᠲᠠᠰᠤ | 149.90 ᠭᠠᠷᠤᠶ ᠲᠦᠮᠡᠨ ᠬᠤᠪᠢ ᠭᠤᠮᠣᠳᠠᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠵᠦ᠂ 145. | 06 ᠲᠦᠮᠡᠨ ᠬᠤᠪᠢ ᠬᠡᠷᠡᠭ ᠢ ᠰᠢᠢᠳᠪᠦᠷᠢᠯᠡᠨ ᠳᠠᠭᠤᠰᠬᠠᠪᠠ᠃ | ︵ᠭᠤᠷᠪᠠ︶ ᠰᠠᠶᠢᠨ ᠬᠠᠤᠯᠢ ᠪᠠᠷ ᠴᠢᠳᠠᠮᠠᠭᠠᠶ ᠪᠠᠷ ᠵᠠᠰᠠᠵᠤ ᠰᠢᠨ᠎ᠡ ᠪᠠᠶᠢᠳᠠᠯ ᠢ ᠪᠤᠢ ᠪᠣᠯᠭᠠᠨ᠎ᠠ᠃ ᠨᠠᠮ ᠤᠨ | ᠬᠠᠤᠯᠢ ᠲᠣᠭᠲᠠᠭᠠᠬᠤ ᠠᠵᠢᠯ ᠳᠠᠬᠢ ᠬᠠᠷᠢᠴᠠᠯᠠᠰᠢ ᠥᠬᠡᠶ ᠤᠳᠤᠷᠢᠳᠤᠯᠭ᠎ᠠ ᠶᠢ ᠡᠷᠡᠰ ᠭᠤᠶᠢᠪᠢᠰᠢ ᠥᠬᠡᠶ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠪᠠ | ᠴᠢᠬᠤᠯᠠ ᠶᠡᠭᠡ ᠬᠠᠤᠯᠢ ᠲᠣᠭᠲᠠᠭᠠᠬᠤ ᠵᠦᠢᠯᠡᠰ ᠢ ᠬᠤᠲᠠ ᠶᠢᠨ ᠨᠠᠮ ᠤᠨ ᠬᠤᠷᠢᠶ᠎ᠠ ᠳᠤ ᠮᠡᠳᠡᠭᠦᠯᠦᠨ ᠮᠡᠳᠡᠭᠦᠯᠬᠦ | ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ 2022 ᠣᠨ ᠤ ᠵᠠᠰᠠᠭ ᠤᠨ ᠣᠷᠳᠣᠨ ᠤ ᠲᠦᠷᠢᠮ | ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠳᠠᠷᠤᠮᠠᠯᠯᠠᠨ ᠲᠠᠷᠬᠠᠭᠠᠨ᠎ᠠ᠃ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠬᠠᠤᠯᠢ ᠲᠣᠭᠲᠠᠭᠠᠯᠲᠠ ᠶᠢ ᠴᠢᠩᠭᠠᠳᠬᠠᠵᠤ᠂ ︽ᠬᠥᠬᠡᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ | ᠪᠠ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ︾ ᠵᠡᠷᠭᠡ 10 ᠬᠤᠪᠢ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ ᠪᠠ ︽ᠬᠥᠬᠡᠬᠤᠲᠠ ᠶᠢᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠠᠯᠠ ᠮᠥᠩᠭᠦ ᠶᠢᠨ | ᠬᠠᠮᠢᠶᠠᠷᠤᠯᠲᠠ ᠶᠢᠨ ᠠᠷᠭ᠎ᠠ︾ ᠵᠡᠷᠭᠡ 7 ᠬᠤᠪᠢ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠤᠷᠪᠢᠬᠤ᠂ | ᠵᠠᠰᠠᠨ ᠬᠢᠨᠠᠬᠤ ᠠᠵᠢᠯ ᠢ ᠪᠡᠶᠡᠯᠡᠭᠦᠯᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ 12 ᠬᠤᠪᠢ ᠪᠦᠷᠢᠳᠬᠡᠨ ᠳᠡᠩᠰᠡᠯᠡᠵᠦ᠂ ᠬᠤᠰᠢᠭᠤ ᠰᠢᠶᠠᠨ ᠲᠣᠭᠤᠷᠢᠭ᠂ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ 19 ᠬᠤᠪᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ | ᠤᠷᠢᠳᠠᠴᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠ 4 ᠬᠤᠪᠢ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠪᠦᠷᠢᠳᠬᠡᠨ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠪᠡᠶᠡᠯᠡᠭᠦᠯᠪᠡ᠃ ᠢᠷᠭᠡᠨ ᠤ | ᠬᠠᠤᠯᠢ ᠶᠢᠨ ᠪᠢᠴᠢᠭ᠂ ︽ᠦᠨᠡᠮᠯᠡᠯ ᠪᠠ ᠭᠡᠷᠡᠴᠢ ᠶᠢ ᠰᠠᠯᠭᠠᠬᠤ︾᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠳᠤ ᠬᠤᠯᠪᠣᠭᠳᠠᠭᠰᠠᠨ ᠥᠭᠡᠷᠡᠴᠢᠯᠡᠯᠲᠡ ᠵᠡᠷᠭᠡ ᠬᠦᠷᠢᠶᠡᠨ ᠳᠠᠬᠢ ᠵᠠᠰᠠᠭ ᠤᠨ ᠣᠷᠳᠣᠨ ᠤ 5 ᠵᠦᠢᠯ ᠤᠨ ᠲᠦᠷᠢᠮ | ᠲᠣᠭᠲᠠᠭᠠᠯ ᠢ ᠢᠯᠭᠠᠷᠠᠭᠤᠯᠤᠨ ᠴᠡᠭᠴᠡᠯᠡᠪᠡ᠃ | ︵ᠳᠥᠷᠪᠡ︶ ᠵᠠᠰᠠᠭ ᠵᠠᠬᠢᠷᠭᠠᠨ ᠤ ᠰᠢᠢᠳᠪᠦᠷᠢᠲᠦᠪᠣᠳᠣᠯᠭᠠ ᠲᠣᠭᠲᠠᠭᠠᠬᠤ ᠬᠢᠷᠢ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ︽ᠬᠥᠬᠡᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦᠪᠣᠳᠣᠯᠭᠠ | ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠲᠣᠭᠲᠠᠭᠠᠨ ᠨᠡᠶᠢᠲᠡᠯᠡᠬᠦ ᠶᠢᠨ ᠬᠠᠮᠲᠤ | ᠬᠥᠳᠡᠯᠦᠩᠭᠦᠶ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ᠃ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠬᠠᠤᠯᠢ ᠪᠠᠷ ᠲᠣᠭᠲᠠᠭᠠᠭᠰᠠᠨ ᠵᠢᠷᠤᠮ ᠢ | ᠭᠦᠢᠴᠡᠳᠬᠡᠬᠦ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ ᠴᠢᠨᠠᠷ ᠢ | ᠬᠢᠨᠠᠨ ᠪᠠᠶᠢᠴᠠᠭᠠᠬᠤ ᠳᠤ ᠵᠠᠪᠠᠯ ᠬᠢᠨᠠᠬᠤ ᠠᠭᠤᠯᠭ᠎ᠠ ᠪᠣᠯᠭᠠᠵᠤ᠂ ᠬᠤᠳᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠵᠦᠢᠯᠡᠰ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠪᠠ ᠬᠤᠯᠪᠣᠭᠳᠠᠯ ᠪᠦᠬᠦᠢ ᠵᠥᠪᠯᠡᠯᠴᠡᠭᠡᠷ ᠲᠤ 102 ᠬᠤᠪᠢ ᠤᠳᠠᠭ᠎ᠠ ᠬᠠᠤᠯᠢ ᠶᠣᠰᠣᠴᠢ | ᠴᠢᠨᠠᠷ ᠤᠨ ᠬᠢᠨᠠᠨ ᠬᠠᠷᠭᠤᠭᠤᠯᠤᠯᠲᠠ ᠬᠢᠪᠡ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ | ᠲᠤᠰᠢᠶᠠᠯᠲᠤ ᠬᠠᠤᠯᠢᠴᠢ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠬᠤᠳᠠ ᠳᠤ ᠤᠳᠤ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ 442 ᠨᠡᠷᠡᠰ ︵ᠭᠡᠷ︶᠂ ᠠᠯᠪᠠᠨ ᠲᠤᠰᠢᠶᠠᠯᠲᠤ ᠬᠠᠤᠯᠢᠴᠢ 118 | ᠨᠡᠷᠡᠰ ᠪᠠᠶᠢᠵᠤ᠂ ᠬᠤᠳᠠ ᠶᠢᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠠᠴᠠ ᠰᠢᠢᠳᠪᠦᠷᠢᠲᠦ | ᠪᠤᠳᠤᠯᠭ᠎ᠠ ᠶᠢᠨ ᠦᠢᠯᠡᠴᠢᠯᠡᠭᠡ 12 ᠬᠤᠪᠢ ᠤᠳᠠᠭ᠎ᠠ ᠬᠠᠩᠭᠠᠪᠠ᠃ | ︵ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠨᠠᠩ ᠴᠢᠩᠭ᠎ᠠ ᠵᠢᠷᠤᠮᠵᠢᠭᠤᠯᠤᠨ᠎ᠠ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠰᠢᠳᠬᠡᠯ ᠤᠨ ᠬᠠᠤᠯᠢ ᠶᠢ ᠴᠢᠩᠭ᠎ᠠ ᠲᠤᠭᠤᠰᠢᠯᠠᠭᠤᠯᠤᠨ | ᠬᠡᠷᠡᠭᠵᠢᠭᠦᠯᠵᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠥᠷᠨᠢᠭᠦᠯᠵᠦ᠂ 22 ᠵᠦᠢᠯ ᠤᠨ ᠭᠤᠣᠯᠳᠠᠯᠭ᠎ᠠ ᠲᠠᠢ | ᠠᠵᠢᠯ ᠢ ᠪᠡᠶᠡᠯᠡᠭᠦᠯᠵᠦ᠂ ᠵᠠᠰᠠᠭ ᠵᠠᠬᠢᠷᠭᠠᠨ ᠤ ᠰᠢᠳᠬᠡᠯ ᠤᠨ ᠬᠡᠷᠡᠭ ᠤᠨ 130 ᠭᠠᠷᠤᠶ ᠡᠪᠬᠡᠮᠡᠯ ᠢ ᠰᠣᠩᠭᠤᠨ | ᠪᠠᠶᠢᠴᠠᠭᠠᠵᠤ ᠦᠨᠡᠯᠡᠨ ᠪᠠᠶᠢᠴᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠦᠨᠳᠦᠰᠦᠨ ᠱᠠᠲᠤᠨ ᠤ 11 ᠲᠤᠷᠰᠢᠯᠲᠠ ᠶᠢᠨ ᠬᠠᠤᠯᠢ ᠪᠠᠷᠢᠬᠤ ᠭᠠᠵᠠᠷ ᠢ ᠲᠣᠭᠲᠠᠭᠠᠪᠠ᠃ ︽ᠬᠥᠬᠡᠬᠤᠲᠠ ᠶᠢᠨ ︿ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ︾ ᠢ ᠳᠠᠷᠤᠮᠠᠯᠯᠠᠨ | ᠲᠠᠷᠬᠠᠭᠠᠵᠤ᠂ ᠬᠥᠬᠡᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ | ᠨᠠᠶᠢᠷᠠᠭᠤᠯᠤᠨ ᠵᠣᠬᠢᠶᠠᠪᠠ᠃ ᠤᠶᠠᠨ ᠴᠢᠨᠠᠷᠲᠠᠶ ᠬᠠᠤᠯᠢ ᠬᠡᠷᠡᠭᠵᠢᠭᠦᠯᠦᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠥᠯᠥ ᠬᠡᠷᠡᠭᠵᠢᠭᠦᠯᠬᠦ | ᠲᠣᠳᠣᠷᠬᠠᠶ ᠬᠠᠭᠤᠳᠠᠰᠤ ︵2022 ᠳ᠋ᠤᠭᠠᠷ ᠨᠢᠭᠤᠷ︶ ᠪᠠ ᠬᠠᠤᠯᠢ ᠶᠢ ᠬᠥᠩᠭᠡᠪᠲᠦᠷ ᠵᠥᠷᠢᠴᠡᠭᠰᠡᠨ ᠦᠢᠯᠡ | ᠠᠵᠢᠯᠯᠠᠭ᠎ᠠ ᠶᠢ ᠵᠠᠰᠠᠭ ᠵᠠᠬᠢᠷᠭᠠᠨ ᠤ ᠰᠢᠳᠬᠡᠯ ᠠᠴᠠ ᠭᠡᠯᠳᠦᠷᠢᠭᠦᠯᠬᠦ ︵ᠬᠥᠩᠭᠡᠷᠡᠭᠦᠯᠬᠦ︶ ᠲᠣᠳᠣᠷᠬᠠᠶ ᠬᠠᠭᠤᠳᠠᠰᠤ ︵ | 2022 ᠳ᠋ᠤᠭᠠᠷ ᠨᠢᠭᠤᠷ︶ ᠶᠢ ᠨᠡᠶᠢᠲᠡᠯᠡᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ | ᠪᠣᠯᠪᠠᠰᠤᠷᠠᠭᠤᠯᠤᠯ ᠢ 2 ᠬᠤᠭᠤᠴᠠᠭ᠎ᠠ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ 2 | ᠲᠦᠮᠡ ᠭᠠᠷᠤᠶ ᠬᠥᠮᠦᠨ ᠳᠤ ᠪᠣᠯᠪᠠᠰᠤᠷᠠᠭᠤᠯᠵᠤ᠂ ᠰᠢᠨ᠎ᠡ ᠬᠡᠪᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠦᠨᠡᠮᠯᠡᠯ ᠢ 9000 ᠭᠠᠷᠤᠶ ᠬᠤᠪᠢ ᠣᠯᠭᠤᠪᠠ᠃ | ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠠᠩ ᠪᠦᠷᠢᠨᠰᠢᠬᠦᠯᠦᠨ᠎ᠡ | ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ | ᠬᠤᠳᠠ ᠶᠢᠨ ᠳᠠᠷᠤᠭ᠎ᠠ ᠪᠠᠷ ᠶᠡᠷᠦᠩᠬᠡᠶ ᠵᠢᠯᠤᠭᠤᠳᠤᠬᠴᠢ ᠪᠣᠯᠭᠠᠭᠰᠠᠨ᠂ ᠬᠤᠪᠢᠳᠠᠨ ᠬᠠᠮᠢᠶᠠᠷᠴᠤ ᠪᠠᠶᠢᠭ᠎ᠠ ᠬᠤᠳᠠ ᠶᠢᠨ | ᠳᠡᠳ᠋ ᠳᠠᠷᠤᠭ᠎ᠠ ᠪᠠᠷ ᠳᠡᠳ᠋ ᠶᠡᠷᠦᠩᠬᠡᠶ ᠵᠢᠯᠤᠭᠤᠳᠤᠬᠴᠢ ᠪᠣᠯᠭᠠᠭᠰᠠᠨ᠂ ᠬᠤᠳᠠ ᠶᠢᠨ ᠱᠠᠲᠤᠨ ᠤ 26 ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠢᠶᠠᠷ ᠲᠤᠬᠠᠶ ᠶᠢᠨ ᠲᠠᠯᠠᠪᠤᠷ ᠤᠨ ᠵᠢᠯᠤᠭᠤᠳᠤᠬᠴᠢ ᠪᠣᠯᠭᠠᠭᠰᠠᠨ ᠪᠠᠴᠢᠮ ᠪᠠᠶᠢᠳᠠᠯ ᠢ | ᠠᠷᠭᠠᠴᠠᠨ ᠵᠢᠯᠣᠭᠤᠳᠬᠤ ᠲᠣᠭᠲᠠᠴᠠ ᠶᠢ ᠪᠠᠶᠢᠭᠤᠯᠪᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠡᠭᠦᠯᠳᠡᠷᠵᠢᠭᠦᠯᠵᠦ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ᠪᠠ ᠠᠶᠤᠯᠭᠦᠶ | ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ ᠤᠨ ᠲᠦᠷᠦᠯ ᠤᠨ ᠲᠤᠰᠬᠠᠶ ᠵᠦᠢᠯ ᠤᠨ ᠪᠡᠯᠡᠳᠬᠡᠯ ᠲᠥᠰᠦᠯ᠂ ᠰᠠᠯᠠᠭ᠎ᠠ | ᠮᠥᠴᠢᠷ ᠤᠨ ᠪᠡᠯᠡᠳᠬᠡᠯ ᠲᠥᠰᠦᠯ ᠢ 16 ᠵᠦᠢᠯ ᠳᠤ ᠨᠠᠶᠢᠷᠠᠭᠤᠯᠤᠨ ᠵᠣᠬᠢᠶᠠᠪᠠ᠃ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠬᠠᠤ᠂ ᠠᠶᠤᠯ ᠥᠬᠡᠶ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠪᠠ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠵᠡᠷᠭᠡ 4 ᠬᠦᠷᠢᠶ᠎ᠡ ᠴᠠᠷᠠᠭ᠎ᠠ ᠶᠢᠨ 14 ᠠᠵᠢᠯ | ᠲᠥᠷᠥᠯ ᠤᠨ 226 ᠬᠥᠮᠦᠨ ᠤ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨᠲᠠᠷᠠᠭᠠᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯ ᠲᠠᠢ | ᠪᠣᠯᠭᠠᠬᠤ᠂ ᠪᠠᠴᠢᠮ ᠪᠠᠶᠢᠳᠠᠯ ᠢ ᠠᠷᠭᠠᠴᠠᠬᠤ ᠨᠡᠶᠢᠲᠡ ᠶᠢᠨ ᠠᠰᠠᠷᠠᠮᠵᠢ ᠵᠡᠷᠭᠡ 4 ᠲᠤᠰᠬᠠᠶ ᠠᠪᠤᠷᠠᠨ ᠲᠤᠰᠠᠯᠠᠬᠤ | ᠡᠩᠨᠡᠭᠡ ᠶᠢ ᠪᠠᠶᠢᠭᠤᠯᠪᠠ᠃ 68 ᠲᠣᠮᠢᠯᠠᠭᠰᠠᠨ ᠰᠠᠯᠪᠤᠷᠢ ᠨᠢ ᠬᠠᠤᠯᠢ ᠴᠠᠭᠠᠵᠠ ᠶᠢᠨ ᠭᠠᠵᠠᠷ ᠲᠠᠢ ᠬᠤᠣᠰᠯᠠᠨ | ᠬᠠᠮᠲᠤ ᠪᠠᠷ ᠪᠠᠶᠢᠭᠤᠯᠵᠤ᠂ ︽ᠬᠤᠶᠠᠷ ᠭᠠᠵᠠᠷ ᠬᠤᠯᠪᠣᠭᠠᠯᠠᠨ ᠬᠥᠳᠡᠯᠦᠯᠴᠡᠬᠦ︾ ᠠᠵᠢᠯ ᠤᠨ ᠪᠠᠶᠢᠷᠢᠰᠢᠯ ᠢ | ᠪᠦᠷᠢᠯᠳᠦᠭᠦᠯᠬᠦ ᠶᠢ ᠲᠦᠯᠬᠢᠨ ᠠᠬᠢᠭᠤᠯᠪᠠ᠃ | ︵ᠳᠣᠯᠤᠭ᠎ᠠ︶ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ ᠨᠠᠩ ᠵᠢᠷᠤᠮᠵᠢᠭᠤᠨ ᠪᠥᠭᠡᠳ ᠢᠯᠡ ᠲᠣᠳᠣ | ᠪᠣᠯᠭᠠᠨ᠎ᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶ᠎ᠠ ᠳᠤ ᠠᠵᠢᠯ ᠢᠶᠠᠨ ᠮᠡᠳᠡᠭᠦᠯᠬᠦ᠂ ᠯᠠᠪᠯᠠᠨ ᠠᠰᠠᠭᠤᠬᠤ ᠪᠠ ᠲᠤᠯᠭᠠᠨ ᠠᠰᠠᠭᠤᠬᠤ ᠶᠢ ᠬᠦᠯᠢᠶᠡᠨ ᠠᠪᠬᠤ ᠵᠡᠷᠭᠡ | ᠲᠦᠷᠢᠮ ᠢ ᠬᠢᠨᠠᠮᠠᠭᠠᠶ ᠬᠡᠷᠡᠭᠵᠢᠭᠦᠯᠵᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠳᠤ ᠠᠵᠢᠯ ᠤᠨ | ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠳᠡᠵᠦ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠳᠤ ᠬᠠᠷᠢᠭᠤᠯᠲᠠ ᠥᠭᠭᠦᠭᠰᠡᠨ 328 ᠬᠤᠪᠢ᠂ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠤ 186 ᠬᠤᠪᠢ ᠰᠠᠨᠠᠯ ᠵᠥᠪᠯᠡᠯᠭᠡ ᠶᠢ ᠭᠦᠢᠴᠡᠳᠬᠡᠨ ᠬᠠᠷᠢᠭᠤ ᠥᠭᠴᠦ᠂ ᠳᠣᠲᠣᠭᠠᠳᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠲᠤᠰᠢᠶᠠᠨ ᠥᠭᠴᠦ ᠭᠦᠢᠴᠡᠳᠬᠡᠭᠦᠯᠬᠦ᠂ ᠰᠢᠪᠠᠳᠠᠨ | ᠭᠦᠢᠴᠡᠳᠬᠡᠭᠦᠯᠬᠦ᠂ ᠵᠠᠷᠯᠠᠨ ᠮᠡᠳᠡᠭᠳᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠡᠭᠡᠳᠦ | ᠱᠠᠲᠤᠨ ᠤ ᠪᠠᠶᠢᠭᠤᠯᠭ᠎ᠠ ᠠᠴᠠ ᠲᠤᠤᠷᠠᠳᠤ ᠱᠠᠲᠤᠨ ᠤ ᠪᠠᠶᠢᠭᠤᠯᠭ᠎ᠠ ᠳᠤ ᠱᠠᠳᠤ ᠱᠠᠳᠤ ᠪᠠᠷ ᠬᠢᠨᠠᠯᠲᠠ ᠲᠠᠯᠪᠢᠬᠤ ᠶᠢ | ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠲᠦᠯᠬᠢᠨ ᠠᠬᠢᠭᠤᠯᠤᠨ᠎ᠠ᠃ ᠪᠦᠬᠦ | ᠬᠤᠳᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠷᠠᠳ ᠤᠨ ᠠᠮᠢᠳᠤᠷᠠᠯ ᠤᠨ ᠴᠢᠬᠤᠯᠠ ᠶᠡᠭᠡ | ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠨᠡᠶᠢᠲᠡᠯᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ 2289 | ᠵᠤᠷᠪᠤᠰ ᠬᠠᠤᠯᠢ ᠶᠣᠰᠣᠭᠠᠷ ᠨᠡᠶᠢᠲᠡᠯᠡᠪᠡ᠃ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠳᠤ ᠡᠯ᠎ᠡ ᠲᠥᠷᠥᠯ ᠤᠨ | ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠮᠡᠳᠡᠭᠡ ᠵᠠᠩᠭᠢ 73 ᠵᠤᠷᠪᠤᠰ ᠨᠡᠶᠢᠲᠡᠯᠡᠪᠡ᠃ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ︽ᠥᠪᠥᠷ ᠮᠣᠩᠭᠤᠯ ᠤᠨ | ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠤᠨ ᠵᠠᠭᠠᠯᠳᠤᠭᠰᠠᠨ ᠬᠡᠷᠡᠭ ᠢ 35 ᠬᠤᠪᠢ ᠰᠢᠢᠳᠪᠦᠷᠢᠯᠡᠨ | ᠳᠠᠭᠤᠰᠬᠠᠪᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ | ᠬᠦᠯᠢᠶᠡᠬᠦ ᠶᠢ ᠰᠢᠪᠠᠳᠠᠨ ᠨᠠᠶᠢᠳᠠᠪᠤᠷᠢᠵᠢᠭᠤᠯᠬᠤ ᠶᠢ ᠪᠠᠶᠢᠩᠭᠤᠵᠢᠭᠤᠯᠬᠤ ᠲᠣᠭᠲᠠᠴᠠ ᠶᠢ ᠪᠠᠶᠢᠭᠤᠯᠵᠤ᠂ ᠪᠥᠬᠦ | ᠬᠤᠲᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ | ᠬᠦᠯᠢᠶᠡᠭᠰᠡᠨ ᠨᠣᠷᠮ᠎ᠠ 100 % ᠬᠦᠷᠪᠡ᠃ | ︵ᠨᠠᠢᠮᠠ︶ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ᠃ | ᠠᠷᠠᠳ ᠤᠨ ᠡᠶᠡᠳᠡᠭᠦᠯᠭᠡ ᠶᠢ ᠭᠦᠨᠵᠡᠭᠡᠶ ᠲᠦᠯᠬᠢᠨ ᠠᠬᠢᠭᠤᠯᠵᠤ᠂ ︽ᠡᠶᠡᠳᠡᠭᠦᠯᠭᠡ ᠪᠠᠷ ᠲᠣᠭᠲᠠᠭᠤᠨ ᠪᠠᠶᠢᠳᠠᠯ ᠢ | ᠠᠬᠢᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ | ᠂ 4398 ᠵᠦᠢᠯ ᠤᠨ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠨ ᠰᠢᠢᠳᠪᠦᠷᠢᠯᠡᠵᠦ᠂ 4350 ᠵᠦᠢᠯ ᠢ | ᠡᠶᠡᠳᠡᠭᠦᠯᠦᠭᠡᠳ ᠠᠮᠵᠢᠯᠲᠠ ᠣᠯᠵᠤ᠂ ᠡᠶᠡᠳᠡᠭᠦᠯᠦᠭᠡᠳ ᠠᠮᠵᠢᠯᠲᠠ ᠣᠯᠤᠭᠰᠠᠨ ᠨᠤᠷᠮ᠎ᠠ ᠨᠢ 98.9% ᠳᠤ ᠬᠦᠷᠴᠦ | ᠂ ᠬᠤᠯᠪᠣᠭᠳᠠᠭᠰᠠᠨ ᠵᠣᠭᠤᠰᠣᠨ ᠤ ᠲᠤᠭ᠎ᠠ ᠨᠢ 12552.283 ᠲᠦᠮᠡᠨ ᠲᠥᠭᠦᠷᠢᠭ ᠲᠤ ᠬᠦᠷᠴᠡᠶ᠃ ᠢᠷᠭᠡᠨ ᠤ | ᠪᠠ ᠬᠤᠳᠠᠯᠳᠤᠭᠠᠨ ᠤ ᠬᠡᠷᠡᠭ ᠤᠨ ᠮᠠᠷᠭᠤᠯᠳᠤᠭᠠᠨ ᠢ ᠰᠢᠢᠳᠪᠦᠷᠢᠯᠡᠬᠦ ᠶᠢ ᠴᠢᠩᠭᠠᠳᠬᠠᠵᠤ᠂ ᠬᠥᠬᠡᠬᠤᠲᠠ ᠶᠢᠨ | ᠬᠥᠨᠳᠡᠯᠡᠨ ᠠᠴᠠ ᠲᠠᠰᠤᠯᠬᠤ ᠺᠣᠮᠢᠰ ᠡᠯ᠎ᠡ ᠲᠥᠷᠥᠯ ᠤᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ | ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠬᠡᠷᠡᠭ ᠢ 596 ᠬᠤᠪᠢ ᠭᠥᠯᠢᠶᠡᠨ ᠠᠪᠴᠤ ᠰᠢᠢᠳᠪᠦᠷᠢᠯᠡᠵᠦ᠂ | ᠮᠠᠷᠭᠤᠯᠳᠤᠭᠠᠨ ᠤ ᠬᠠᠷᠠᠯᠲᠠ ᠨᠢ ᠪᠠᠷᠤᠭ 13 ᠳ᠋ᠦᠩᠰᠢᠭᠤᠷ ᠲᠥᠭᠦᠷᠢᠭ ᠲᠤ ᠬᠥᠷᠪᠡ᠃ ᠵᠠᠰᠠᠭ ᠵᠠᠬᠢᠷᠭᠠᠨ ᠤ ᠳᠠᠬᠢᠨ | ᠵᠥᠪᠯᠡᠵᠦ ᠮᠠᠷᠭᠤᠯᠳᠤᠭᠠᠨ ᠢ ᠠᠷᠢᠯᠭᠠᠬᠤ ᠭᠤᠤᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ 130 | ᠬᠤᠪᠢ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠬᠡᠷᠡᠭ ᠢ ᠰᠢᠢᠳᠪᠦᠷᠢᠯᠡᠪᠡ᠃ ᠠᠷᠠᠳ ᠤᠨ ᠰᠢᠭᠦᠬᠦ ᠬᠤᠷᠢᠶ᠎ᠠ ᠲᠠᠢ | ᠢᠳᠡᠪᠬᠢᠲᠡᠶ ᠬᠠᠮᠵᠢᠯᠴᠠᠨ ᠵᠥᠷᠢᠴᠡᠯ ᠵᠢᠭᠤᠷᠠᠯᠳᠤᠭᠠᠨ ᠢ ᠦᠨᠡᠨ ᠪᠣᠳᠠᠲᠠᠶ ᠪᠠᠷ ᠠᠷᠢᠯᠭᠠᠵᠤ᠂ ᠵᠠᠰᠠᠭ ᠵᠠᠬᠢᠷᠭᠠᠨ ᠤ | ᠵᠠᠷᠭᠤ ᠶᠢᠨ ᠬᠡᠷᠡᠭ ᠢ 55 ᠬᠤᠪᠢ ᠰᠢᠢᠳᠪᠦᠷᠢᠯᠡᠪᠡ᠃ ︽1+1︾ ᠳᠤᠮᠳᠠᠳᠤ ᠤᠯᠤᠰ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠰᠠᠶᠢᠨ ᠳᠤᠷ᠎ᠠ ᠶᠢᠨ ᠠᠵᠢᠯᠯᠠᠭ᠎ᠠ ᠶᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠬᠠᠤᠯᠢᠴᠢ ᠶᠢᠨ | ᠬᠡᠷᠡᠭ ᠡᠷᠬᠢᠯᠡᠬᠦ ᠭᠠᠵᠠᠷ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ ᠠᠵᠢᠯᠯᠠᠭᠴᠢ | ᠵᠡᠷᠭᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠬᠠᠷᠢᠴᠠᠩᠭᠤᠶ ᠪᠠᠷ ᠳᠤᠲᠠᠭᠳᠠᠵᠤ ᠪᠠᠶᠢᠭ᠎ᠠ | ᠭᠠᠵᠠᠷ ᠣᠷᠣᠨ ᠳᠤ ᠰᠢᠯᠵᠢᠬᠦ ᠶᠢ ᠵᠣᠷᠢᠭᠵᠢᠭᠤᠯᠤᠨ ᠲᠡᠮᠵᠢᠵᠤ᠂ ᠪᠦᠬᠦ ᠬᠤᠳᠠ ᠶᠢᠨ ᠡᠯ᠎ᠡ ᠱᠠᠲᠤᠨ ᠤ ᠬᠠᠤᠯᠢ | ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠬᠠᠤᠯᠢ ᠴᠠᠭᠠᠵᠠ ᠶᠢᠨ ᠲᠤᠰᠠᠯᠠᠮᠵᠢ ᠶᠢᠨ 1637 ᠬᠡᠷᠡᠭ ᠢ | ᠰᠢᠢᠳᠪᠦᠷᠢᠯᠡᠵᠦ᠂ ᠲᠤᠰᠠᠯᠠᠮᠵᠢ ᠬᠥᠷᠳᠡᠭᠰᠡᠳ ᠤᠨ 1640 ᠭᠠᠷᠤᠶ ᠬᠥᠮᠦᠨ ᠢ ᠲᠤᠰᠠᠯᠠᠪᠠ᠃ | ︵ᠶᠢᠰᠦ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠪᠠᠲᠤᠯᠠᠭ᠎ᠠ ᠶᠢ ᠨᠡᠩ ᠬᠦᠴᠦᠲᠡᠶ ᠪᠣᠯᠭᠠᠨ᠎ᠠ᠃ ︽ᠬᠥᠬᠡᠬᠤᠲᠠ ᠶᠢᠨ ᠤᠶᠤᠨᠲᠤ ᠬᠤᠲᠠ ᠶᠢᠨ ᠮᠡᠳᠡᠭᠡ | ᠵᠠᠩᠭᠢᠵᠢᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠠᠪᠴᠠᠩ ᠤᠨ ᠪᠥᠲᠥᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠶᠢᠨ ᠶᠡᠭᠡ ᠲᠠᠷᠢᠬᠢ ᠶᠢ 3.0 ᠶᠢ ᠰᠢᠯᠢᠳᠡᠭᠵᠢᠭᠦᠯᠦᠨ | ᠪᠥᠲᠥᠭᠡᠨ ᠪᠠᠶᠢᠭᠤᠯᠵᠤ᠂ ᠬᠤᠲᠠ ᠶᠢᠨ ᠶᠡᠭᠡ ᠲᠠᠷᠢᠬᠢ ᠶᠢ ︽ᠣᠶᠤᠨᠴᠢᠯᠠᠭᠰᠠᠨ ᠬᠥᠨᠳᠡᠯᠡᠨ ᠭᠤᠯᠳᠤ ᠴᠢᠭᠯᠡᠯ ᠢᠶᠠᠷ | ᠵᠡᠷᠭᠡ ᠪᠠᠷ ᠳᠥᠯᠭᠢᠨ ᠠᠬᠢᠭᠤᠯᠵᠤ᠂ ᠵᠡᠷᠭᠡ ᠪᠠᠷ ᠲᠠᠰ ᠳᠡᠪᠰᠢᠭᠦᠯᠬᠦ︾ ᠳᠠᠪᠬᠤᠴᠠᠭᠤᠯᠤᠨ ᠲᠠᠰ ᠳᠡᠪᠰᠢᠭᠦᠯᠬᠦ ᠶᠢ | ᠪᠡᠶᠡᠯᠡᠭᠦᠯᠦᠨ᠎ᠡ᠃ ︽ᠴᠢᠩ ᠴᠧᠩ ᠢᠶᠠᠨ ᠬᠠᠶᠢᠷᠠᠯᠠᠬᠤ︾ APP ᠶᠢ ᠲᠡᠭᠦᠯᠳᠡᠷᠵᠢᠭᠦᠯᠵᠦ᠂ 160 ᠭᠠᠷᠤᠶ | ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠤ ᠬᠤᠯᠪᠣᠪᠠ᠃ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠰᠣᠯᠢᠯᠴᠠᠭ᠎ᠠ ᠶᠢ | ᠴᠢᠩᠭᠠᠳᠬᠠᠵᠤ᠂ ᠲᠠᠪᠴᠠᠩ ᠢ ᠪᠦᠬᠦ ᠬᠤᠳᠠ ᠶᠢᠨ 55 ᠨᠢᠭᠡᠴᠢ ᠶᠢ ᠬᠠᠮᠤᠷᠴᠤ᠂ 2040 ᠵᠦᠢᠯ ᠤᠨ ᠭᠠᠷᠴᠠᠭ ᠢ | ᠬᠦᠯᠢᠶᠡᠨ ᠠᠪᠴᠤ᠂ 1150 ᠵᠦᠢᠯ ᠤᠨ ᠡᠬᠢ ᠪᠠᠶᠠᠯᠢᠭ ᠢ ᠬᠦᠯᠢᠶᠡᠨ ᠠᠪᠴᠤ᠂ ᠲᠤᠭ᠎ᠠ ᠪᠠᠷᠢᠮᠲᠠ ᠶᠢᠨ ᠶᠡᠷᠦᠩᠬᠡᠶ | ᠬᠡᠮᠵᠢᠶ᠎ᠡ ᠶᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠷᠤᠭ 50% ᠪᠠᠷ ᠳᠡᠭᠡᠭᠰᠢᠯᠡᠭᠦᠯᠪᠡ᠃ | ᠬᠤᠲᠠ ᠶᠢᠨ ᠶᠡᠭᠡ ᠲᠠᠷᠢᠬᠢᠨ ᠤ ᠲᠣᠮᠣ ᠳ᠋ᠠᠶᠢᠲ᠋ᠠ ᠶᠢᠨ ᠲᠠᠪᠴᠠᠩ ᠤᠨ ᠲᠤᠭ᠎ᠠ ᠪᠠᠷᠢᠮᠲᠠ ᠶᠢ ᠴᠤᠭᠯᠠᠭᠤᠯᠬᠤ ᠶᠢ | ᠴᠢᠩᠭᠠᠳᠬᠠᠵᠤ᠂ ᠶᠡᠷᠦᠩᠬᠡᠶ ᠲᠤᠭ᠎ᠠ ᠪᠠᠷᠢᠮᠲᠠ ᠶᠢᠨ ᠬᠡᠮᠵᠢᠶ᠎ᠡ ᠨᠢ 31 ᠳ᠋ᠦᠩᠰᠢᠭᠤᠷ ᠵᠤᠷᠪᠤᠰ ᠲᠤ ᠬᠦᠷᠴᠦ᠂ | ᠨᠡᠶᠢᠭᠡᠮ ᠤᠨ ᠶᠡᠷᠦᠩᠬᠡᠶᠢᠯᠡᠨ ᠵᠠᠰᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠲᠠ ᠶᠢᠨ ᠵᠠᠰᠠᠯᠲᠠ᠂ | ᠠᠷᠠᠳ ᠤᠨ ᠠᠮᠢᠳᠤᠷᠠᠯ ᠤᠨ ᠦᠢᠯᠡᠴᠢᠯᠡᠭᠡ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠲᠠᠪᠤᠨ ᠶᠡᠭᠡ ᠬᠦᠷᠢᠶᠡᠨ ᠤ | ᠬᠡᠷᠡᠭᠯᠡᠭᠡᠨ ᠤ ᠵᠦᠢᠯᠡᠰ ᠢ ᠲᠤᠯᠭᠠᠭᠤᠷᠢᠯᠠᠨ᠎ᠠ᠃ ᠪᠥᠬᠦ ᠣᠷᠣᠨ ᠤ ᠠᠩᠬᠠᠳᠠᠭᠴᠢ ᠣᠯᠠᠨ ᠨᠡᠶᠢᠲᠡ ᠶᠢᠨ ᠳ᠋ᠠᠶᠢᠲ᠋ᠠ ᠶᠢᠨ | ᠨᠡᠭᠡᠭᠡᠯᠲᠡ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ | 2022 ᠣᠨ ᠳᠤ᠂ ᠬᠥᠬᠡᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ | ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠨᠠᠮ ᠤᠨ ᠲᠥᠪ ᠬᠤᠷᠢᠶ᠎ᠠ ᠪᠣᠯᠤᠨ ᠠᠷᠠᠳ ᠣᠯᠠᠨ ᠤ ᠬᠦᠰᠡᠯ | ᠡᠷᠡᠮᠡᠯᠵᠡᠯ ᠠᠴᠠ ᠪᠠᠰᠠ ᠡᠳᠦᠶ ᠲᠡᠳᠦᠶ ᠵᠥᠷᠢᠶ᠎ᠡ ᠲᠠᠢ ᠪᠠᠶᠢᠨ᠎ᠠ᠂ ᠡᠨᠡ ᠨᠢ ᠭᠤᠤᠯᠳᠠᠭᠤ᠄ ᠨᠢᠭᠡ ᠳᠤ ᠬᠤᠰᠢᠭᠤ | ᠰᠢᠶᠠᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠲᠡᠩᠴᠡᠭᠦᠷᠢ | ᠥᠬᠡᠶ ᠪᠠᠶᠢᠬᠤ ᠦᠵᠡᠭᠳᠡᠯ ᠮᠥᠨ ᠬᠦ ᠲᠣᠪᠤᠶᠢᠮ᠎ᠠ ᠪᠠᠶᠢᠨ᠎ᠠ︔ ᠬᠤᠶᠠᠷ ᠲᠤ᠂ ᠬᠠᠤᠯᠢᠵᠢᠯ ᠤᠨ ᠤᠬᠠᠭᠤᠯᠭ᠎ᠠ | ᠬᠥᠮᠦᠵᠢᠯ ᠤᠨ ᠥᠪᠡᠷᠮᠢᠴᠡ᠂ ᠣᠨᠣᠪᠴᠢ ᠶᠢᠨ ᠬᠡᠮᠵᠢᠶ᠎ᠡ ᠪᠠ ᠬᠡᠷᠡᠭᠯᠡᠭᠡᠨ ᠤ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ | ᠴᠢᠬᠤᠯᠠᠲᠠᠢ ᠪᠠᠶᠢᠨ᠎ᠠ︔ ᠭᠤᠷᠪᠠ ᠳᠤ ᠬᠠᠤᠯᠢ ᠬᠡᠷᠡᠭᠵᠢᠭᠦᠯᠬᠦ ᠡᠷᠬᠡ ᠶᠢ ᠰᠢᠶᠠᠩ ᠪᠠᠯᠭᠠᠰᠤ ︵ᠵᠡᠭᠡᠯᠢ ᠭᠤᠳᠤᠮᠵᠢ︶ | ᠳᠤ ᠪᠠᠭᠤᠯᠭᠠᠭᠰᠠᠨ ᠤ ᠲᠠᠷᠠᠭ᠎ᠠ ᠢᠯᠡᠷᠡᠭᠰᠡᠨ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠬᠦᠷᠦᠯᠴᠡᠬᠦ | ᠦᠭᠡᠢ ᠪᠠᠶᠢᠬᠤ ᠠᠰᠠᠭᠤᠳᠠᠯ ᠢ ᠪᠠᠰᠠ ᠠᠩᠬᠠᠷᠤᠨ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃ ᠳᠡᠭᠡᠷᠡᠬᠢ ᠠᠰᠠᠭᠤᠳᠠᠯ ᠪᠠ | ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠪᠢᠳᠡ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠷᠢᠨ ᠬᠢᠨᠠᠮᠠᠭᠠᠶ | ᠰᠤᠳᠤᠯᠵᠤ᠂ ᠦᠨᠡᠨ ᠬᠦ ᠰᠢᠢᠳᠪᠦᠷᠢᠯᠡᠬᠦ ᠪᠣᠯᠤᠨ᠎ᠠ᠃ | ᠭᠤᠷᠪᠠ᠂ 2023 ᠣᠨ ᠤ ᠭᠤᠣᠯ ᠳᠤᠬᠢᠷᠠᠭᠤᠯᠤᠯᠳᠠ | 2023 ᠣᠨ ᠳᠤ᠂ ᠬᠥᠬᠡᠬᠤᠲᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠬᠠᠤᠯᠢᠵᠢᠯ ᠤᠨ ᠦᠵᠡᠯ ᠰᠠᠨᠠᠭ᠎ᠠ ᠶᠢ | ᠭᠦᠨᠵᠡᠭᠡᠢ ᠣᠶᠢᠯᠠᠭᠠᠵᠤ᠂ ᠲᠤᠰ ᠭᠠᠵᠠᠷ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠮᠵᠢᠯᠲᠠ ᠪᠦᠲᠦᠮᠵᠢ ᠪᠣᠯᠤᠨ ᠠᠰᠠᠭᠤᠳᠠᠯ ᠢ ᠭᠦᠨᠵᠡᠭᠡᠢ ᠳ᠋ᠦᠩᠨᠡᠵᠦ᠂ ︽ᠬᠦᠴᠢᠷ ᠠᠰᠠᠭᠤᠳᠠᠯ︾ ᠢ ᠲᠣᠳᠣᠷᠬᠠᠢ | ᠣᠶᠢᠯᠠᠭᠠᠵᠤ᠂ ︽ᠬᠦᠴᠢᠷ ᠠᠰᠠᠭᠤᠳᠠᠯ︾ ᠢ ᠣᠨᠣᠪᠴᠢᠲᠠᠢ ᠡᠷᠢᠵᠦ᠂ ︽ᠬᠦᠴᠢᠷ ᠠᠰᠠᠭᠤᠳᠠᠯ︾ ᠢ | ᠰᠢᠯᠤᠭᠤᠳᠬᠠᠵᠤ᠂ ︽ᠲᠡᠷᠢᠭᠦᠨ ᠤ ᠠᠮᠢ ᠠᠬᠤᠢ᠂ ᠶᠠᠰᠤ ᠴᠢᠨᠠᠷ᠂ ᠵᠣᠯ ᠵᠢᠷᠭᠠᠯ᠂ ᠰᠣᠶᠣᠯ ᠤᠨ ᠲᠥᠪ︾ ᠢ | ᠪᠦᠳᠦᠬᠡᠨ ᠪᠠᠶᠢᠭᠤᠯᠬᠤ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ ᠨᠢᠭᠡ ᠳᠤ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠵᠣᠷᠢᠭ ᠰᠠᠨᠠᠭᠠᠨ ᠤ ᠮᠥᠨ ᠴᠢᠨᠠᠷ ᠢ ᠤᠨᠢᠨ ᠳᠡᠭᠡᠷ᠎ᠡ ᠨᠢ | ᠣᠶᠢᠯᠠᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠵᠢᠴᠢ ᠲᠡᠭᠦᠨ ᠤ ᠠᠮᠢᠳᠤᠯᠢᠭ | ᠦᠢᠯᠡᠳᠦᠯᠭᠡ ᠶᠢ ᠥᠷᠭᠡᠨ ᠢᠶᠠᠷ ᠤᠬᠠᠭᠤᠯᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠲᠦᠯᠬᠢᠨ ᠠᠬᠢᠭᠤᠯᠤᠨ᠎ᠠ᠃ ᠬᠤᠶᠠᠷ ᠲᠤ ᠤᠯᠠᠮ ᠨᠢᠭᠡ ᠠᠯᠬᠤᠮ | ᠥᠷᠭᠡᠨ ᠢᠶᠠᠷ ᠰᠠᠨᠠᠯ ᠬᠤᠷᠢᠶᠠᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠤ ᠤᠯᠠᠨ ᠨᠡᠶᠢᠲᠡ ᠶᠢᠨ | ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ | ᠡᠷᠴᠢᠮ ᠢ ᠴᠢᠩᠭᠠᠷᠠᠭᠤᠯᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠶᠢ ᠭᠦᠨᠵᠡᠭᠡᠶ ᠥᠷᠨᠢᠭᠦᠯᠦᠨ᠎ᠡ᠃ ᠭᠤᠷᠪᠠ ᠳᠤ᠂ ᠤᠳᠤᠷᠢᠳᠬᠤ ᠺᠠᠳ᠋ᠷ ᠤᠨ ︽ᠵᠠᠩᠭᠢᠯᠠᠭ᠎ᠠ ᠶᠢᠨ | ᠴᠥᠭᠡᠨ ᠲᠣᠭᠠᠲᠠᠨ︾ ᠢ ᠠᠳᠬᠤᠵᠤ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠤᠨ ᠬᠠᠤᠯᠢᠵᠢᠯ ᠤᠨ ᠤᠬᠠᠮᠰᠠᠷ | ᠪᠣᠯᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠦᠨ᠎ᠡ᠃ ᠲᠦᠷᠪᠡ ᠳᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠪᠠ ᠬᠢᠨᠠᠨ ᠰᠢᠯᠭᠠᠵᠤ ᠦᠨᠡᠯᠡᠬᠦ ᠶᠢ | ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠢᠨᠠᠨ | ᠰᠢᠯᠭᠠᠬᠤ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠭᠰᠠᠨ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠪᠤ ᠳᠤ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠦᠴᠦᠨ ᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠩᠨᠡᠭᠡᠨ ᠤ ᠬᠦᠴᠦᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ | ᠬᠠᠮᠲᠤ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2022 ᠣᠨ ᠤ 12 ᠰᠠᠷ᠎ᠠ ᠶᠢᠨ 12 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | |