ᠬᠥᠬᠡᠬᠤᠲᠠ ᠵᠠᠰᠠᠭ ᠲᠠᠷᠬᠠᠭᠠᠭᠰᠠᠨ ﹇2022﹈ 49 ᠳ᠋ᠦ᠋ᠭᠡᠷ ᠲᠣᠭᠠᠲᠤ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ | ᠠᠯᠪᠠᠨ ᠭᠡᠷ᠂ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠳᠤ᠄ | ︽ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2022 ᠣᠨ ᠤ 12 ᠳ᠋ᠤᠭᠠᠷ ᠰᠠᠷ᠎ᠠ ᠶᠢᠨ 25 ᠤ ᠡᠳᠦᠷ | | | | ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠥᠰᠥᠯ | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠬᠥᠲᠥᠯᠪᠦᠷᠢ ︵2021 ︱ 2035 ᠣᠨ︶︾ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠥᠲᠥᠯᠪᠦᠷᠢ ︵2021 ︱ 2035 ᠣᠨ︶﹀ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ | ︵ᠥᠪᠥᠷ ᠨᠠᠮ ᠲᠠᠷᠬᠠᠭᠠᠭᠰᠠᠨ ﹇2022﹈ 36 ᠳ᠋ᠤᠭᠠᠷ ᠲᠣᠭᠠᠲᠤ︶ ᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ︽ | ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢ ᠪᠦᠲᠦᠭᠡᠨ | ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠲᠣᠭᠲᠠᠭᠠᠬᠤ ᠲᠤᠬᠠᠢ ᠮᠡᠳᠡᠭᠳᠡᠯ︾ ︵ᠤᠯᠤᠰ | ᠮᠡᠳᠡᠯᠭᠡ ᠬᠥᠭᠵᠢᠭᠦᠯᠦᠯᠲᠡ ᠡᠷᠬᠢᠯᠲᠡ ᠥᠰᠥᠭ ﹇2022﹈ 33 ᠳ᠋ᠤᠭᠠᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢ | ᠡᠭᠦᠳᠦᠨ ᠪᠠᠶᠢᠭᠤᠯᠬᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠡᠭᠦᠳᠦᠨ ᠪᠦᠲᠦᠭᠡᠬᠦ᠂ | ᠥᠨᠳᠥᠷ ᠦᠷ᠎ᠡ ᠠᠰᠢᠭ ᠲᠠᠢ ᠬᠡᠷᠡᠭᠯᠡᠬᠦ᠂ ᠥᠨᠳᠥᠷ ᠪᠠᠷᠢᠮᠵᠢᠶ᠎ᠠ ᠪᠠᠷ ᠬᠠᠮᠠᠭᠠᠯᠠᠬᠤ᠂ ᠥᠨᠳᠥᠷ ᠬᠢᠷᠢ ᠲᠦᠪᠰᠢᠨ ᠲᠠᠢ | ᠦᠢᠯᠡᠴᠢᠯᠡᠬᠦ ᠶᠢ ᠠᠬᠢᠭᠤᠯᠤᠨ᠂ ᠮᠠᠨ ᠤ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠪᠦᠲᠦᠮᠵᠢᠲᠡᠶ ᠲᠤᠯᠭᠠᠭᠤᠷᠢᠯᠠᠬᠤ ᠶᠢᠨ ᠲᠤᠰᠠᠳᠠ᠂ ᠬᠥᠬᠡᠬᠤᠲᠠ ᠶᠢᠨ ᠪᠣᠳᠠᠲᠠᠢ ᠲᠠᠢ ᠤᠶᠠᠯᠳᠤᠭᠤᠯᠤᠨ ᠲᠣᠰ | ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ | ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠨ ᠲᠠᠪᠤᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠲᠤᠬᠠᠢ ᠰᠢᠷᠢᠰ ᠴᠢᠬᠤᠯᠠ ᠵᠢᠭᠠᠪᠤᠷᠢ ᠶᠢᠨ ᠥᠭᠦᠯᠡᠯᠲᠡ | ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠥᠯᠦᠪᠵᠢᠭᠦᠯᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠠᠵᠠ ᠲᠣᠬᠢᠶᠠᠯ ᠢ ᠢᠳᠡᠪᠬᠢᠲᠡᠢ ᠠᠳᠬᠤᠵᠤ᠂ ︽ᠠᠮᠢ ᠠᠬᠤᠢ ᠶᠢ ᠤᠷᠢᠳᠠᠪᠠᠷ | ᠪᠣᠳᠣᠯᠬᠢᠯᠠᠭᠰᠠᠨ ᠪᠣᠬᠢᠷᠳᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠪᠣᠯᠭᠠᠵᠤ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠮᠠᠨ ᠤ | ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠡᠬᠢ ᠪᠠᠶᠠᠯᠢᠭ ᠤᠨ | ᠳᠠᠪᠠᠭᠤᠯᠢᠭ ᠲᠤ ᠰᠠᠭᠤᠷᠢᠯᠠᠨ᠂ ᠪᠥᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ | ᠬᠠᠮᠢᠶᠠᠷᠬᠤ ᠪᠠ ᠦᠢᠯᠡᠴᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠪᠠ ᠬᠥᠲᠥᠯᠥᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠠᠵᠢᠯ ᠢ ᠶᠡᠷᠦᠩᠬᠡᠢ ᠳᠤᠨᠢ ᠳᠡᠭᠡᠭᠰᠢᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠲᠣ ᠦᠶ᠎ᠡ ᠶᠢᠨ ᠠᠵᠤ ᠠᠬᠤᠢ ᠶᠢᠨ ᠰᠢᠰᠲ᠋ᠧᠮᠵᠢ | ᠪᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠨᠵᠡᠭᠡᠢ ᠲᠠᠨᠢᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠨ᠂ | ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢᠨ ᠭᠦᠨᠵᠡᠭᠡᠢ | ᠠᠭᠤᠰᠤᠯᠴᠠᠯ ᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠰᠠᠯᠠᠭ᠎ᠠ ᠮᠥᠴᠢᠷ | ᠬᠠᠮᠵᠢᠯᠴᠠᠬᠤ᠂ ᠠᠵᠤ ᠠᠬᠤᠶᠢᠯᠠᠯ ᠭᠤᠣᠯ ᠴᠣᠭᠴᠠ ᠪᠣᠯᠬᠤ᠂ ᠨᠡᠶᠢᠭᠡᠮᠯᠢᠭ ᠨᠥᠬᠦᠪᠦᠷᠢᠯᠡᠬᠦ ᠦᠢᠯᠡᠳᠦᠯ ᠢ ᠭᠦᠢᠴᠡᠳ | ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ᠂ ᠬᠠᠮᠲᠤ ᠪᠠᠷ ᠪᠠᠶᠢᠭᠤᠯᠵᠤ ᠤᠯᠠᠨ | ᠲᠠᠯ᠎ᠠ ᠪᠠᠷ ᠠᠰᠢᠭ ᠬᠦᠷᠲᠡᠭᠰᠡᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠨ᠎ᠠ᠃ | ︵ᠬᠤᠶᠠᠷ︶ ᠬᠠᠮᠠᠭᠠᠯᠠᠯᠲᠠ ᠶᠢ ᠴᠢᠩᠭᠠᠳᠬᠠᠬᠤ ᠶᠢ ᠪᠠᠷᠢᠮᠲᠠᠯᠠᠨ᠎ᠠ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠬᠡᠯᠬᠢᠶ᠎ᠡ ᠶᠢᠨ ᠬᠠᠮᠠᠭᠠᠯᠠᠯᠲᠠ ᠶᠢ | ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ᠂ ᠬᠠᠤᠯᠢ ᠴᠠᠭᠠᠵᠠ ᠶᠢᠨ ᠬᠠᠮᠠᠭᠠᠯᠠᠯᠲᠠ᠂ ᠬᠥᠨᠳᠡᠯᠡᠨ ᠠᠴᠠ ᠲᠠᠰᠤᠯᠬᠤ᠂ ᠡᠶᠡᠳᠡᠭᠦᠯᠬᠦ᠂ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ᠂ ᠠᠷᠠᠳ ᠢᠷᠭᠡᠳ ᠤᠨ ᠢᠲᠡᠭᠡᠮᠵᠢ ᠵᠡᠷᠭᠡ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠴᠢᠩᠭ᠎ᠠ ᠬᠠᠮᠠᠭᠠᠯᠠᠬᠤ᠂ ᠶᠡᠬᠡᠪᠡᠷ ᠬᠠᠮᠠᠭᠠᠯᠠᠬᠤ᠂ ᠲᠦᠷᠭᠡᠨ ᠬᠠᠮᠠᠭᠠᠯᠠᠬᠤ᠂ ᠵᠡᠷᠭᠡᠪᠡᠷ | ᠬᠠᠮᠠᠭᠠᠯᠠᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠬᠠᠮᠠᠭᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠨ᠎ᠠ᠃ | ︵ᠭᠤᠷᠪᠠ︶ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠣᠯ ᠳᠠᠷᠤᠢ ᠰᠢᠨ᠎ᠡ ᠶᠢ ᠡᠭᠦᠳᠬᠦ ᠶᠢ | ᠬᠠᠮᠠᠭᠠᠯᠠᠵᠤ ᠪᠠᠶᠢᠬᠤ ᠤᠴᠢᠷ ᠭᠡᠳᠡᠭ ᠣᠶᠢᠯᠠᠭᠠᠭᠳᠠᠬᠤᠨ ᠢ ᠪᠣᠢ ᠪᠣᠯᠭᠠᠵᠤ᠂ ᠬᠤᠰᠢᠭᠤᠷᠠᠯ ᠰᠢᠨᠵᠢᠯᠡᠬᠦ ᠤᠬᠠᠭᠠᠨ | ᠮᠡᠷᠭᠡᠵᠢᠯ ᠤᠨ ᠵᠠᠩᠭᠢᠯᠠᠭ᠎ᠠ ᠶᠢᠨ ᠬᠦᠷᠢᠶ᠎ᠡ ᠪᠣᠯᠣᠨ ᠲᠤᠯᠭᠠᠭᠤᠷᠢᠯᠠᠬᠤ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ | ᠦᠢᠯᠡᠳᠦᠯ ᠢ ᠭᠦᠢᠴᠡᠳ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠬᠢ | ᠪᠠᠶᠠᠯᠢᠭ ᠤᠨ ᠬᠦᠴᠦᠨ ᠵᠦᠢᠯ ᠤᠨ ᠰᠠᠭᠠᠳ ᠦᠭᠡᠢ ᠡᠷᠭᠢᠯᠳᠦᠬᠦ ᠪᠠ ᠥᠨᠳᠥᠷ ᠦᠷ᠎ᠡ ᠪᠦᠲᠦᠮᠵᠢᠲᠡᠶ | ᠲᠣᠬᠢᠷᠠᠭᠤᠯᠬᠤ ᠶᠢ ᠠᠬᠢᠭᠤᠯᠤᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠬᠥᠳᠡᠯᠭᠡᠭᠦ | ᠬᠦᠴᠦᠨ ᠢ ᠦᠷᠭᠦᠯᠵᠢᠯᠡᠨ ᠬᠥᠭᠵᠢᠭᠡᠵᠦ᠂ ᠣᠷᠣᠨ ᠤ ᠲᠥᠪ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠭᠤᠣᠯᠯᠠᠬᠤ ᠥᠷᠢᠰᠦᠯᠳᠦᠬᠦ ᠬᠦᠴᠦᠨ ᠢ ᠪᠣᠶᠢᠵᠢᠭᠤᠯᠤᠨ ᠳᠡᠭᠡᠭᠰᠢᠯᠡᠭᠦᠯᠵᠦ᠂ ᠣᠷᠣᠨ ᠤ ᠲᠥᠪ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ ᠠᠵᠤ ᠦᠢᠯᠡᠰ ᠤᠨ ᠲᠠᠰ ᠳᠠᠪᠰᠢᠯᠲᠠ᠂ ᠪᠦᠲᠦᠴᠡ ᠶᠢᠨ | ᠰᠢᠯᠢᠳᠡᠭᠵᠢᠯᠲᠡ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠨ᠎ᠠ᠃ | ᠭᠤᠷᠪᠠ᠂ ᠡᠭᠦᠷᠭᠡ ᠬᠠᠷᠠᠯᠲᠠ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ | ᠱᠠᠭᠠᠷᠳᠠᠯᠭ᠎ᠠ ᠶᠣᠰᠣᠭᠠᠷ᠂ 2025 ᠣᠨ ᠪᠣᠯᠬᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠡᠭᠦᠳᠦᠯᠲᠡ ᠨᠡᠩ ᠢᠯᠡᠷᠬᠡᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠨᠡᠩ ᠭᠦᠢᠴᠡᠳ | ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠨᠡᠩ ᠪᠦᠷᠢᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠨᠡᠩ ᠰᠢᠯᠢᠳᠡᠭ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠦᠢᠯᠡᠴᠢᠯᠡᠭᠡ ᠨᠡᠩ ᠲᠡᠭᠦᠯᠳᠡᠷ ᠪᠣᠯᠣᠨ᠎ᠠ᠃ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠᠷ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠲᠤᠯᠭᠠᠭᠤᠷᠢᠯᠠᠬᠤ︾ ᠪᠠᠷ ᠭᠤᠣᠯ ᠰᠡᠳᠦᠪ ᠪᠣᠯᠭᠠᠵᠤ᠂ | ᠣᠷᠣᠨ ᠤ ᠲᠥᠪ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠯ ᠤᠨ ᠪᠠᠶᠢᠳᠠᠯ ᠪᠠ ᠬᠥᠭᠵᠢᠯᠲᠡ ᠶᠢᠨ ᠴᠢᠳᠠᠪᠤᠷᠢ ᠶᠢᠨ | ᠲᠠᠰ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠦᠷᠢᠨ ᠪᠦᠲᠦᠨ᠂ ᠪᠦᠷᠢᠨ ᠲᠡᠭᠦᠯᠳᠡᠷ᠂ ᠠᠵᠢᠯᠯᠠᠭᠠᠨ ᠤᠷᠤᠭᠰᠢᠲᠠᠢ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ | ᠬᠠᠮᠢᠶᠠᠷᠬᠤ ᠪᠠ ᠦᠢᠯᠡᠴᠢᠯᠡᠬᠦ ᠪᠥᠬᠦ ᠬᠡᠯᠬᠢᠶ᠎ᠡ ᠶᠢ ᠠᠯᠬᠤᠮ ᠠᠯᠬᠤᠮ ᠢᠶᠠᠷ ᠪᠠᠶᠢᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠢ ᠶᠢᠨ ᠬᠥᠭᠵᠢᠯᠲᠡ ᠶᠢ ᠲᠤᠯᠭᠠᠭᠤᠷᠢᠯᠠᠨ ᠳᠠᠭᠠᠭᠤᠯᠬᠤ | ᠴᠢᠳᠠᠪᠤᠷᠢ ᠶᠢ ᠳᠡᠭᠡᠭᠰᠢᠯᠡᠭᠦᠯᠦᠨ᠂ ᠣᠷᠣᠨ ᠤ ᠲᠥᠪ ᠤᠨ ᠭᠤᠣᠯ ᠴᠢᠳᠠᠮᠵᠢ ᠪᠠ ᠰᠢᠨ᠎ᠡ ᠶᠢ ᠡᠭᠦᠳᠬᠦ ᠬᠡᠯᠪᠡᠷᠢ ᠶᠢᠨ | ᠬᠤᠲᠠ ᠶᠢᠨ ᠪᠦᠲᠦᠭᠡᠨ ᠪᠠᠶᠢᠭᠤᠯᠤᠯᠲᠠ ᠳᠤ ᠨᠠᠩ ᠰᠠᠶᠢᠲᠤᠷ ᠦᠢᠯᠡᠴᠢᠯᠡᠨ᠎ᠡ᠃ | 2035 ᠣᠨ ᠪᠣᠯᠬᠤ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠦᠷᠢᠮ ᠤᠨ | ᠰᠢᠰᠲ᠋ᠧᠮᠵᠢ ᠶᠢ ᠨᠠᠩ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠨᠠᠩ ᠰᠢᠨᠵᠢᠯᠡᠬᠦ ᠤᠬᠠᠭᠠᠨᠴᠢ | ᠪᠣᠯᠭᠠᠵᠤ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ | ᠂ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠥᠬᠦ ᠲᠠᠯ᠎ᠠ ᠪᠠᠷ ᠪᠦᠷᠢᠯᠳᠦᠭᠦᠯᠵᠦ᠂ ᠶᠡᠷᠦᠩᠬᠡᠶᠢᠯᠡᠭᠰᠡᠨ ᠥᠷᠢᠰᠦᠯᠳᠦᠬᠦ | ᠬᠦᠴᠦᠨ ᠢ ᠶᠡᠬᠡᠪᠡᠷ ᠳᠡᠭᠡᠭᠰᠢᠯᠡᠭᠦᠯᠦᠨ᠂ ᠣᠷᠣᠨ ᠨᠤᠲᠤᠭ ᠤᠨ ᠣᠨᠴᠠᠯᠢᠭ ᠲᠠᠢ ᠪᠣᠬᠢᠷᠳᠤᠯ ᠦᠭᠡᠢ ᠬᠥᠭᠵᠢᠯᠲᠡ ᠲᠠᠢ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢ ᠦᠨᠳᠦᠰᠦᠨ ᠳᠡᠭᠡᠨ | ᠪᠠᠶᠢᠭᠤᠯᠤᠨ᠎ᠠ᠃ | ︵ᠨᠢᠭᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠳᠦᠷᠢᠮ ᠢ | ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠴᠢᠨᠠᠷ ᠰᠠᠶᠢᠲᠠᠢ ᠲᠤᠯᠭᠠᠭᠤᠷᠢᠯᠠᠨ᠎ᠠ | 1. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ | ᠲᠤᠭᠲᠠᠴᠠ ᠵᠢᠲ᠋ᠡᠭᠦᠯᠳᠡᠷᠵᠢᠭᠦᠯᠦᠨᠡ᠃ ᠬᠤᠲᠠ᠂ ᠰᠢᠶᠠᠨ ᠬᠤᠶᠠᠷ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯ ᠤᠨ | ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠵᠡᠷᠭᠡ ᠶᠢᠨ | ᠳᠦᠷᠢᠮ ᠤᠨ ᠠᠵᠢᠯᠯᠠᠭᠠᠨ ᠤ ᠵᠠᠩᠭᠢᠯᠠᠭ᠎ᠠ ᠶᠢᠨ ᠭᠤᠭᠴᠤᠭ᠎ᠠ ᠶᠢ ᠨᠠᠪᠲᠠᠷᠡᠭᠦᠯᠵᠦ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠦᠢᠯᠡᠴᠢᠯᠡᠭᠡᠨ ᠤ ᠪᠠᠶᠢᠭᠤᠯᠤᠮᠵᠢ᠂ | ᠨᠡᠶᠢᠭᠡᠮ ᠨᠡᠶᠢᠲᠡ ᠵᠡᠷᠭᠡ ᠣᠯᠠᠨ ᠡᠰᠢᠲᠦ ᠭᠤᠣᠯ ᠴᠣᠭᠴᠠ ᠳᠤ ᠦᠢᠯᠡᠴᠢᠯᠡᠨ᠎ᠡ︔ ᠰᠢᠶᠠᠨ ᠤ ᠬᠡᠪᠴᠢᠶᠡᠨ ᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ | ᠦᠷᠭᠦᠯᠵᠢᠯᠡᠨ ᠥᠷᠨᠢᠭᠦᠯᠵᠦ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ | ᠰᠢᠶᠠᠨ ᠢ ᠢᠳᠡᠪᠬᠢᠲᠡᠢ ᠬᠥᠮᠥᠵᠢᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠠᠵᠤ | ᠦᠢᠯᠡᠰ ᠤᠨ ᠬᠥᠭᠵᠢᠯᠲᠡ ᠶᠢ ᠬᠠᠷᠢᠯᠴᠠᠨ ᠤᠶᠠᠯᠳᠤᠭᠤᠯᠤᠭᠰᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ | ᠬᠥᠭᠵᠢᠯᠲᠡ ᠶᠢᠨ ᠭᠦᠢᠴᠡᠳᠬᠡᠯ ᠲᠤᠭ᠎ᠠ ᠶᠢ ᠰᠣᠳᠤᠯᠤᠨ ᠲᠣᠭᠲᠠᠭᠠᠨ᠎ᠠ᠃ | 2. ᠤᠯᠤᠰ ᠤᠨ ᠲᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ | ᠲᠥᠪ ᠢ ᠪᠠᠶᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠪᠠ | ᠡᠷᠬᠡ ᠶᠢ ᠲᠦᠷᠭᠡᠨ ᠬᠠᠮᠠᠭᠠᠯᠠᠬᠤ ᠲᠥᠪ ᠤᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠲᠦᠷᠭᠡᠳᠬᠡᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠯᠡᠴᠢᠯᠡᠨ ᠮᠡᠳᠡᠭᠦᠯᠵᠦ ᠵᠠᠭᠠᠯᠳᠤᠬᠤ ᠪᠠ ᠡᠷᠬᠡ ᠶᠢ | ᠬᠠᠮᠠᠭᠠᠯᠠᠵᠤ ᠲᠤᠰᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠷᠬᠡ ᠶᠢ ᠬᠠᠮᠠᠭᠠᠯᠠᠵᠤ ᠲᠤᠰᠠᠯᠠᠬᠤ | ᠦᠢᠯᠡᠴᠢᠯᠡᠭᠡᠨ ᠤ ᠬᠡᠪᠴᠢᠶ᠎ᠡ ᠪᠠ ᠦᠢᠯᠡᠴᠢᠯᠡᠭᠡᠨ ᠤ ᠠᠭᠤᠯᠭ᠎ᠠ ᠶᠢ ᠤᠯᠠᠮ ᠨᠢᠭᠡ ᠠᠯᠬᠤᠮ ᠥᠷᠭᠡᠳᠬᠡᠨ᠎ᠡ᠃ | ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠤᠨ | ᠲᠥᠯᠥᠪᠵᠢᠭᠦᠯᠭᠡ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ︽ᠤᠯᠤᠰ ᠤᠨ ᠲᠠᠰ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ︾ ᠢ ᠪᠠᠶᠢᠭᠤᠯᠬᠤ ᠪᠠᠷ ᠢᠳᠡᠪᠬᠢᠲᠡᠢ ᠴᠢᠷᠮᠠᠶᠢᠵᠤ | ᠂ ᠲᠦᠷᠭᠡᠨ ᠬᠢᠨᠠᠨ ᠪᠠᠶᠢᠴᠠᠭᠠᠬᠤ᠂ ᠡᠷᠬᠡ ᠶᠢ ᠲᠦᠷᠭᠡᠨ ᠨᠤᠲᠠᠯᠠᠨ ᠲᠣᠭᠲᠠᠭᠠᠬᠤ᠂ ᠡᠷᠬᠡ ᠶᠢ ᠲᠦᠷᠭᠡᠨ | ᠬᠠᠮᠠᠭᠠᠯᠠᠬᠤ ᠶᠢ ᠨᠢᠭᠡ ᠴᠤᠭᠴᠠᠵᠢᠭᠤᠯᠤᠭᠰᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠷᠬᠡ ᠶᠢ ᠬᠠᠮᠠᠭᠠᠯᠠᠵᠤ | ᠲᠤᠰᠠᠯᠠᠮᠵᠢ ᠦᠵᠡᠭᠦᠯᠬᠦ᠂ ᠬᠥᠨᠳᠡᠯᠡᠨ ᠠᠴᠠ ᠲᠠᠰᠤᠯᠬᠤ᠂ ᠡᠶᠡᠳᠡᠭᠦᠯᠬᠦ᠂ ᠬᠠᠤᠯᠢ ᠴᠠᠭᠠᠵᠠ ᠪᠠᠷ ᠬᠤᠯᠪᠤᠭᠠᠯᠠᠨ | ᠬᠥᠳᠡᠯᠦᠯᠴᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠦᠷᠭᠡᠨ ᠬᠠᠮᠵᠢᠯᠴᠠᠨ ᠬᠠᠮᠠᠭᠠᠯᠠᠬᠤ | ᠠᠵᠢᠯ ᠢ ᠥᠷᠨᠢᠭᠦᠯᠵᠦ᠂ ᠣᠷᠣᠨ ᠪᠦᠰᠡ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠳᠤ ᠳᠥᠭᠦᠮ | ᠳᠥᠲᠡ ᠥᠨᠳᠥᠷ ᠦᠷ᠎ᠡ ᠪᠦᠲᠦᠮᠵᠢᠲᠡᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ | ᠣᠷᠴᠢᠨ ᠲᠣᠭᠤᠷᠢᠨ ᠢ ᠪᠣᠶ ᠪᠣᠯᠭᠠᠨ᠎ᠠ᠃ ᠡᠷᠬᠡ ᠶᠢ ᠲᠦᠷᠭᠡᠨ ᠨᠤᠲᠠᠯᠠᠨ ᠲᠣᠭᠲᠠᠭᠠᠬᠤ ᠪᠠ ᠬᠠᠮᠵᠢᠯᠴᠠᠨ ᠡᠷᠬᠡ ᠶᠢ | ᠬᠠᠮᠠᠭᠠᠯᠠᠬᠤ ᠶᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠭᠤᠣᠯ ᠴᠣᠭᠴᠠ ᠳᠤ ︽ᠨᠢᠭᠡ ᠥᠷᠲᠡᠭᠡ ᠮᠠᠶ᠋ᠢᠭ︾ | ᠤᠨ ᠡᠷᠬᠡ ᠪᠠᠨ ᠬᠠᠮᠠᠭᠠᠯᠠᠬᠤ ᠲᠥᠰᠥᠯ ᠬᠠᠩᠭᠠᠨ᠎ᠠ᠃ | 3. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠤ ᠢᠲᠡᠭᠡᠮᠵᠢ ᠶᠢᠨ ᠰᠢᠰᠲ᠋ᠧᠮᠵᠢ | ᠶᠢᠨ ᠪᠠᠶᠢᠭᠤᠯᠤᠯᠲᠠ ᠶᠢ ᠲᠦᠷᠭᠡᠨ ᠠᠬᠢᠭᠤᠯᠤᠨ᠎ᠠ᠃ ᠠᠵᠤ ᠠᠬᠤᠶᠢᠯᠠᠯ ᠤᠨ ᠥᠪᠡᠷ ᠢ ᠪᠠᠨ ᠱᠠᠭᠠᠷᠳᠠᠬᠤ ᠪᠠ | ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠠᠤᠯᠢ ᠶᠢ ᠰᠠᠬᠢᠵᠤ ᠦᠨᠡᠨᠴᠢ | ᠢᠲᠡᠭᠡᠮᠵᠢᠲᠡᠢ ᠡᠵᠡᠩᠨᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠬᠠᠮᠠᠭᠠᠯᠠᠬᠤ ᠤᠬᠠᠮᠰᠠᠷ ᠢᠶᠠᠨ | ᠴᠢᠩᠭᠠᠳᠬᠠᠬᠤ ᠶᠢ ᠨᠢ ᠬᠥᠲᠥᠯᠥᠨ ᠵᠢᠯᠤᠭᠤᠳᠤᠨ᠎ᠠ᠃ ᠢᠲᠡᠭᠡᠯ ᠢᠶᠠᠨ ᠬᠦᠨᠳᠦ ᠨᠣᠴᠢᠲᠠᠢ ᠠᠯᠳᠠᠭᠰᠠᠨ | ᠬᠠᠷᠢᠭᠤᠴᠠᠯᠭ᠎ᠠ ᠶᠢᠨ ᠭᠤᠣᠯ ᠴᠣᠭᠴᠠ ᠶᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠪᠣᠯᠭᠠᠵᠤ᠂ ᠡᠳᠦᠷ | ᠲᠤᠲᠤᠮ ᠤᠨ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠰᠤᠭᠤᠴᠢᠨ ᠪᠠᠶᠢᠴᠠᠭᠠᠬᠤ ᠬᠠᠷᠢᠴᠠᠯ ᠪᠠ | ᠳᠠᠪᠲᠠᠮᠵᠢ ᠶᠢ ᠳᠡᠭᠡᠭᠰᠢᠯᠡᠭᠦᠯᠦᠨ᠎ᠡ᠃ ᠪᠣᠭᠤᠮᠲᠠ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ︵ᠲᠤᠰᠬᠠᠢ ᠠᠰᠢᠭ︶ ᠶᠢᠨ ᠬᠦᠷᠢᠶ᠎ᠡ ᠴᠠᠷᠠᠭ᠎ᠠ ᠳᠠᠬᠢ | ᠢᠲᠡᠭᠡᠯ ᠢᠶᠠᠨ ᠬᠦᠨᠳᠦ ᠨᠣᠴᠢᠲᠠᠢ ᠠᠯᠳᠠᠭᠰᠠᠨ ᠠᠵᠢᠯᠯᠠᠭ᠎ᠠ ᠶᠢᠨ ᠭᠤᠣᠯ ᠴᠣᠭᠴᠠ ᠶᠢᠨ ᠬᠡᠷᠡᠭᠵᠢᠭᠦᠯᠦᠭᠴᠢ ᠶᠢᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠴᠢᠩᠭ᠎ᠠ ᠨᠢᠮᠪᠠᠢ ᠬᠢᠨᠠᠨ ᠬᠠᠮᠢᠶᠠᠷᠴᠤ᠂ | ᠪᠠᠶᠢᠷᠢᠯᠠᠭᠤᠯᠤᠨ ᠡᠵᠡᠮᠳᠡᠵᠦ ᠪᠠᠶᠢᠴᠠᠭᠠᠨ ᠰᠢᠯᠭᠠᠬᠤ᠂ ᠪᠦᠷᠢᠳᠬᠡᠨ ᠬᠢᠨᠠᠯᠲᠠ ᠲᠠᠯᠪᠢᠵᠤ ᠬᠠᠷᠭᠤᠭᠤᠯᠤᠨ ᠪᠠᠶᠢᠴᠠᠭᠠᠬᠤ | ᠪᠤᠶᠤ ᠦᠷᠭᠦᠯᠵᠢᠯᠡᠨ ᠪᠠᠶᠢᠴᠠᠭᠠᠬᠤ ᠪᠠᠨ ᠴᠢᠩᠭᠠᠳᠬᠠᠨ᠎ᠠ᠃ | ︵ᠬᠤᠶᠠᠷ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢ | ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠨᠡᠩ ᠥᠨᠳᠥᠷ ᠲᠦᠪᠰᠢᠨ ᠢᠶᠠᠷ | ᠰᠢᠯᠢᠳᠡᠭᠵᠢᠭᠦᠯᠦᠨ᠎ᠡ | 4. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢ | ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ | ᠬᠠᠮᠠᠭᠠᠯᠠᠯᠲᠠ ᠶᠢᠨ ᠴᠢᠳᠠᠪᠤᠷᠢ᠂ ᠦᠷ᠎ᠡ ᠪᠦᠲᠦᠮᠵᠢ ᠪᠠ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠤᠯᠢ | ᠴᠠᠭᠠᠵᠠ ᠶᠢᠨ ᠬᠠᠮᠠᠭᠠᠯᠠᠯᠲᠠ ᠶᠢᠨ ᠬᠦᠷᠢᠶ᠎ᠡ ᠴᠠᠷᠠᠭ᠎ᠠ ᠪᠠ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠶᠢᠨ ᠵᠡᠷᠭᠡᠪᠡᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ ᠶᠢᠨ ᠳᠦᠷᠢᠮ ᠢ ᠨᠠᠶᠢᠳᠠᠪᠤᠷᠢᠵᠢᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡᠲᠦ ᠬᠥᠮᠥᠨ ᠵᠢᠴᠢ ᠤᠯᠠᠨ ᠨᠡᠶᠢᠲᠡ ᠶᠢᠨ ᠠᠰᠢᠭ ᠲᠤᠰᠠ ᠶᠢ | ᠭᠦᠢᠴᠡᠳ ᠬᠠᠮᠠᠭᠠᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠷᠤᠨ ᠰᠠᠨᠠᠭ᠎ᠠ ᠪᠠᠷ | ᠵᠠᠷᠭᠤᠯᠳᠤᠬᠤ ᠶᠢ ᠬᠠᠤᠯᠢ ᠶᠣᠰᠣᠭᠠᠷ ᠵᠠᠯᠬᠠᠭᠠᠨ ᠰᠢᠳᠭᠡᠵᠦ᠂ ᠥᠷᠭᠡᠨ ᠤᠯᠠᠨ ᠠᠷᠠᠳ ᠲᠦᠮᠡᠨ ᠪᠠ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃ ᠮᠡᠷᠭᠡᠵᠢᠯ ᠤᠨ | ᠪᠠᠶᠢᠴᠠᠭᠠᠯᠲᠠ ᠶᠢᠨ ᠲᠤᠰᠢᠶᠠᠯᠲᠠᠨ ᠤ ᠳᠦᠷᠢᠮ ᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠬᠠᠤᠯᠢ ᠴᠠᠭᠠᠵᠠ ᠶᠢᠨ ᠲᠠᠰᠤᠯᠤᠯᠲᠠ ᠶᠢᠨ | ᠪᠠᠷᠢᠮᠵᠢᠶ᠎ᠠ ᠶᠢ ᠤᠷᠭᠠᠨᠢᠭ ᠢᠶᠠᠷ ᠨᠢᠭᠡᠳᠦᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ | ᠬᠠᠯᠳᠠᠭᠰᠠᠨ ᠬᠤᠬᠢᠷᠠᠯ ᠢ ᠲᠥᠯᠥᠬᠦ ᠲᠤᠭ᠎ᠠ ᠬᠡᠮᠵᠢᠶ᠎ᠡ ᠶᠢ ᠪᠤᠳᠤᠬᠤ ᠳᠦᠷᠢᠮ ᠢ ᠨᠠᠷᠢᠯᠢᠭᠵᠢᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠪᠠᠶᠢᠴᠠᠭᠠᠨ ᠲᠣᠳᠣᠯᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠪᠠᠶᠢᠴᠠᠭᠠᠵᠤ ᠭᠡᠷᠡᠴᠢ ᠠᠪᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ | ᠬᠠᠤᠯᠢᠴᠢ ᠶᠢᠨ ᠪᠠᠶᠢᠴᠠᠭᠠᠬᠤ ᠵᠠᠷᠯᠢᠭ ᠤᠨ ᠳᠦᠷᠢᠮ ᠢ ᠬᠠᠶᠢᠨ ᠰᠦᠪᠡᠭᠴᠢᠯᠡᠵᠦ᠂ ᠪᠠᠲᠤᠯᠠᠭ᠎ᠠ ᠶᠢᠨ ᠳᠦᠷᠢᠮ ᠤᠨ | ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠰᠢᠭᠦᠨ ᠲᠠᠰᠤᠯᠠᠬᠤ ᠪᠠ ᠪᠠᠶᠢᠴᠠᠭᠠᠬᠤ ᠬᠦᠷᠢᠶᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠬᠦ ᠲᠢᠩᠬᠢᠮ ᠪᠠ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠪᠠᠶᠢᠴᠠᠭᠠᠵᠤ ᠬᠡᠷᠡᠭ ᠰᠢᠢᠳᠪᠦᠷᠢᠯᠡᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠭᠤᠣᠯᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠪᠠ ᠡᠷᠡᠭᠦᠦ ᠶᠢᠨ | ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠭ᠎ᠠ ᠬᠢᠭᠡᠳ ᠬᠠᠤᠯᠢ ᠴᠠᠭᠠᠵᠠ ᠶᠢᠨ ᠪᠠᠶᠢᠭᠤᠯᠭ᠎ᠠ ᠬᠡᠷᠡᠭ ᠤᠨ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠲᠠᠪᠴᠠᠩ ᠢ ᠪᠠᠶᠢᠭᠤᠯᠤᠨ᠎ᠠ᠃ ︽ᠨᠢᠭᠡ ᠥᠷᠲᠡᠭᠡ ᠮᠠᠶ᠋ᠢᠭ︾ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠲᠠᠪᠴᠠᠩ ᠢ ᠪᠠᠶᠢᠭᠤᠯᠤᠨ᠎ᠠ᠃ ︽ᠵᠠᠷᠭᠤ ᠪᠠ ᠡᠶᠡᠳᠡᠭᠦᠯᠭᠡ | ︾ ᠶᠢ ᠵᠣᠯᠭᠠᠭᠤᠯᠬᠤ ᠲᠣᠭᠲᠠᠴᠠ ᠶᠢ ᠭᠦᠨᠵᠡᠭᠡᠶᠢᠷᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠵᠢᠭᠤᠷᠠᠯᠳᠤᠭᠠᠨ ᠢ ᠵᠠᠰᠠᠭ ᠵᠠᠬᠢᠷᠭᠠᠨ ᠢᠶᠠᠷ ᠡᠶᠡᠳᠡᠭᠦᠯᠬᠦ ᠬᠡᠯᠡᠯᠴᠡᠭᠡᠷ ᠢ ᠬᠠᠤᠯᠢ ᠴᠠᠭᠠᠵᠠ ᠪᠠᠷ ᠨᠤᠲᠠᠯᠠᠬᠤ | ᠲᠣᠭᠲᠠᠴᠠ ᠶᠢ ᠬᠠᠶᠢᠨ ᠰᠦᠪᠡᠭᠴᠢᠯᠡᠵᠦ᠂ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠠᠷᠭᠤ ᠶᠢᠨ ᠬᠡᠷᠡᠭ ᠢ | ᠰᠢᠭᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠶᠢ ᠵᠢᠯᠣᠭᠤᠳᠤᠨ ᠠᠯᠪᠠᠨ | ᠭᠡᠷᠡᠴᠢᠯᠡᠭᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠠᠯᠪᠠᠨ ᠭᠡᠷᠡᠴᠢᠯᠡᠭᠡ ᠶᠢᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠯᠪᠠᠨ ᠭᠡᠷᠡᠴᠢᠯᠡᠭᠡ ᠶᠢᠨ ᠳᠠᠪᠠᠭᠤᠯᠢᠭ ᠪᠠ ᠡᠭᠦᠷᠭᠡ | ᠲᠤᠰᠢᠶᠠᠯ ᠢ ᠪᠠᠳᠠᠷᠠᠭᠤᠯᠤᠨ᠎ᠠ᠃ | 5. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢ | ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠢ ᠮᠡᠷᠭᠡᠵᠢᠯ ᠤᠨ᠂ ᠠᠵᠢᠯ ᠮᠡᠷᠭᠡᠵᠢᠯ ᠤᠨ ᠪᠠ | ᠲᠣᠨᠤᠭ ᠲᠥᠬᠦᠭᠡᠷᠦᠮᠵᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠎ᠡ᠃ | ᠬᠤᠲᠠ ᠲᠣᠭᠤᠷᠢᠭ ᠬᠤᠯᠪᠤᠭᠠᠯᠠᠨ ᠬᠦᠳᠡᠯᠦᠯᠴᠡᠬᠦ᠂ ᠣᠯᠠᠨ ᠰᠠᠯᠠᠭ᠎ᠠ ᠮᠥᠴᠢᠷ ᠬᠠᠤᠯᠢ ᠬᠡᠷᠡᠭᠵᠢᠭᠦᠯᠦᠨ ᠬᠠᠮᠵᠢᠯᠴᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠳᠤ ᠬᠤᠷᠣᠨ ᠰᠠᠨᠠᠭ᠎ᠠ ᠢᠶᠠᠷ ᠬᠠᠯᠳᠠᠬᠤ᠂ ᠳᠠᠬᠢᠨ ᠳᠠᠪᠲᠠᠨ ᠬᠠᠯᠳᠠᠬᠤ ᠦᠶᠯᠡ ᠠᠵᠢᠯᠯᠠᠭ᠎ᠠ ᠳᠤ ᠵᠠᠰᠠᠭ | ᠵᠠᠬᠢᠷᠭᠠᠨ ᠤ ᠰᠢᠢᠳᠬᠡᠯ ᠣᠯᠭᠤᠬᠤ ᠬᠠᠤᠯᠢ ᠬᠡᠷᠡᠭᠵᠢᠭᠦᠯᠦᠯᠲᠡ ᠶᠢᠨ ᠡᠷᠴᠢᠮ ᠢ ᠴᠢᠩᠭᠠᠷᠠᠭᠤᠯᠤᠨ᠎ᠠ᠃ ᠲᠠᠸᠠᠷ ᠤᠨ | ᠲᠡᠮᠳᠡᠭ ᠤᠨ ᠡᠷᠬᠡ᠂ ᠲᠤᠰᠬᠠᠢ ᠠᠰᠢᠭ ᠤᠨ ᠡᠷᠬᠡ᠂ ᠭᠠᠵᠠᠷ ᠵᠦᠢ ᠶᠢᠨ ᠢᠯᠡᠷᠬᠡᠶᠢᠯᠡᠯ᠂ ᠤᠷᠭᠤᠮᠠᠯ ᠤᠨ ᠰᠢᠨ᠎ᠡ | ᠲᠥᠷᠥᠯ ᠵᠦᠢᠯ ᠤᠨ ᠡᠷᠬᠡ᠂ ᠵᠣᠬᠢᠶᠠᠯ ᠪᠦᠲᠦᠭᠡᠯ ᠤᠨ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ | ᠴᠢᠩᠭᠠᠷᠠᠭᠤᠯᠤᠨ᠎ᠠ᠃ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠭᠤᠭᠴᠤᠭ᠎ᠠ ᠶᠢᠨ ᠲᠣᠭᠤᠷᠢᠨ ᠳᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠥᠷᠨᠢᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠤᠳᠠᠯ ᠬᠠᠭᠤᠷᠮᠠᠭ ᠢᠶᠠᠷ ᠦᠢᠯᠡᠳᠦᠭᠰᠡᠨ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠦᠨᠡᠨᠬᠦ ᠴᠢᠩᠭᠠᠷᠠᠭᠤᠯᠤᠨ᠎ᠠ᠃ ᠰᠢᠨ᠎ᠡ ᠡᠭᠦᠳᠦᠯᠲᠡ ᠶᠢ | ᠬᠠᠮᠠᠭᠠᠯᠠᠬᠤ ᠪᠠᠷ ᠵᠣᠷᠢᠯᠭ᠎ᠠ ᠪᠠᠨ ᠪᠣᠯᠭᠠᠭᠰᠠᠨ ᠦᠭᠡᠢ ᠲᠤᠰᠬᠠᠢ ᠠᠰᠢᠭ ᠭᠤᠶᠤᠴᠢᠯᠠᠬᠤ ᠬᠡᠪ ᠤᠨ ᠪᠤᠰᠤ ᠦᠶᠯᠡ | ᠠᠵᠢᠯᠯᠠᠭ᠎ᠠ᠂ ᠬᠡᠷᠡᠭᠯᠡᠬᠦ ᠪᠠᠷ ᠵᠣᠷᠢᠯᠭ᠎ᠠ ᠪᠠᠨ ᠪᠣᠯᠭᠠᠭᠰᠠᠨ ᠦᠭᠡᠢ ᠲᠠᠸᠠᠷ ᠤᠨ ᠲᠡᠮᠳᠡᠭ ᠢ ᠬᠤᠷᠣᠨ ᠰᠠᠨᠠᠭ᠎ᠠ ᠪᠠᠷ | ᠵᠠᠪᠳᠤᠨ ᠳᠠᠩᠰᠠᠯᠠᠭᠤᠯᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠤᠳᠠᠯᠳᠤᠭᠠᠨ ᠤ | ᠨᠢᠭᠤᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠦᠷᠢᠶᠡᠨ ᠳᠠᠬᠢ ᠭᠠᠭᠴᠠᠭᠠᠷ ᠡᠵᠡᠮᠰᠢᠯ ᠪᠠ ᠳᠤᠷ᠎ᠠ ᠪᠠᠷ ᠢᠶᠠᠨ ᠬᠡᠷᠡᠭᠯᠡᠬᠦ ᠶᠢ ᠬᠠᠤᠯᠢ ᠶᠣᠰᠣᠭᠠᠷ ᠬᠤᠷᠢᠭᠯᠠᠨ᠎ᠠ᠃ | ᠵᠥᠭᠡᠯᠡᠨ ᠲᠣᠨᠤᠭ ᠤᠨ ᠵᠢᠩᠬᠢᠨᠢ ᠬᠡᠪᠯᠡᠯ ᠬᠡᠷᠡᠭᠯᠡᠬᠦ ᠶᠢ ᠰᠢᠮᠳᠠᠭᠤᠯᠤᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ | ᠤᠷᠭᠤᠮᠠᠯ ᠤᠨ ᠰᠢᠨ᠎ᠡ ᠲᠥᠷᠥᠯ ᠵᠦᠢᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠲᠠᠰᠤᠷᠠᠯᠲᠠ ᠦᠭᠡᠢ | ᠥᠷᠨᠢᠭᠦᠯᠦᠨ᠎ᠡ᠃ | ᠪᠣᠭᠤᠮᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠷᠬᠡ ᠳᠤ ᠬᠠᠯᠳᠠᠭᠰᠠᠨ ᠬᠠᠤᠯᠢ ᠪᠤᠰᠤ ᠦᠢᠯᠡ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠨ᠎ᠠ᠃ | 6. ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠳᠦᠷᠢᠮ ᠢ | ᠪᠦᠷᠢᠨᠰᠢᠭᠦᠯᠦᠨ᠂ ᠠᠵᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ | ᠲᠤᠰᠢᠶᠠᠯᠲᠤ ᠬᠠᠤᠯᠢᠴᠢ ᠪᠠ ᠲᠤᠰᠬᠠᠢ ᠮᠡᠷᠭᠡᠵᠢᠯᠲᠡᠨ ᠤ ᠦᠢᠯᠡᠳᠦᠯ ᠢ ᠪᠠᠳᠠᠷᠠᠭᠤᠯᠵᠤ᠂ ᠲᠤᠰᠬᠠᠢ ᠠᠰᠢᠭ ᠤᠨ | ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠷᠠᠳ ᠤᠨ ᠡᠶᠡᠳᠡᠭᠦᠯᠭᠡ᠂ ᠵᠠᠰᠠᠭ | ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ᠬᠤᠯᠪᠣᠯᠳᠤᠨ ᠬᠥᠭᠵᠢᠬᠦ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠡᠶᠡᠳᠡᠭᠦᠯᠬᠦ | ᠲᠣᠭᠲᠠᠴᠠ ᠪᠠ ᠠᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠡᠶᠡᠳᠡᠭᠦᠯᠭᠡ ᠶᠢᠨ | ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠷᠠᠳ ᠤᠨ ᠡᠶᠡᠳᠡᠭᠦᠯᠭᠡ ᠶᠢ ᠭᠦᠨᠵᠡᠭᠡᠶᠢᠷᠡᠭᠦᠯᠵᠦ᠂ ᠲᠡᠰ | ᠬᠤᠪᠢᠶᠠᠨ ᠲᠦᠷᠦᠯ ᠬᠤᠪᠢᠶᠠᠨ ᠣᠷᠭᠠᠨᠢᠭ ᠢᠶᠠᠷ ᠵᠣᠯᠭᠠᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠡᠶᠡᠳᠡᠭᠦᠯᠬᠦ ᠶᠢ ᠢᠵᠢ ᠪᠦᠷᠢᠳᠦᠭᠦᠯᠦᠨ | ᠪᠠᠲᠤᠯᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠠᠵᠢᠯ ᠲᠦᠷᠦᠯ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠠᠷᠠᠳ ᠤᠨ ᠡᠶᠡᠳᠡᠭᠦᠯᠬᠦ ᠵᠣᠬᠢᠶᠠᠨ | ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ᠂ ᠨᠡᠶᠢᠭᠡᠮ ᠤᠨ ᠦᠨᠡᠮᠰᠢᠯ ᠪᠠ ᠨᠥᠯᠥᠭᠡᠯᠡᠬᠦ ᠬᠦᠴᠦᠨ ᠢ ᠥᠷᠭᠡᠳᠬᠡᠨ᠎ᠡ᠃ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠨᠳᠡᠯᠡᠨ ᠠᠴᠠ ᠲᠠᠰᠤᠯᠬᠤ ᠠᠵᠢᠯ ᠤᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ︽ᠡᠶᠡᠳᠡᠭᠦᠯᠵᠦ ᠲᠠᠰᠤᠯᠬᠤ︾ ᠶᠢ ᠵᠣᠯᠭᠠᠭᠤᠯᠬᠤ ᠶᠢ ᠰᠦᠪᠡᠭᠴᠢᠯᠡᠨ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ | ᠠᠷᠭ᠎ᠠ ᠮᠠᠶ᠋ᠢᠭ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ | 7. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠨᠡᠶᠢᠭᠡᠮ ᠤᠨ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ | ᠲᠤᠷᠰᠢᠯᠭ᠎ᠠ ᠰᠣᠯᠢᠯᠴᠠᠬᠤ᠂ ᠨᠡᠶᠢᠲᠡᠯᠢᠭ ᠬᠡᠷᠡᠭ ᠢ ᠤᠬᠠᠭᠤᠯᠬᠤ ᠡᠷᠴᠢᠮ ᠢ ᠴᠢᠩᠭᠠᠳᠬᠠᠵᠤ᠂ ᠨᠡᠶᠢᠭᠡᠮ ᠤᠨ | ᠠᠩᠬᠠᠷᠤᠯ ᠳᠤ ᠬᠠᠷᠢᠭᠤ ᠦᠭᠴᠦ᠂ ᠬᠠᠤᠯᠢ ᠠᠴᠠ ᠵᠦᠷᠢᠴᠡᠭᠦ ᠦᠶᠯᠡ ᠠᠵᠢᠯᠯᠠᠭ᠎ᠠ ᠳᠤ ᠰᠦᠷ ᠦᠵᠡᠭᠦᠯᠦᠨ᠂ | ᠰᠢᠨ᠎ᠡ ᠶᠢ ᠡᠭᠦᠳᠬᠦ ᠭᠤᠣᠯ ᠴᠣᠭᠴᠠ ᠨᠢ ᠬᠥᠳᠡᠯᠭᠡᠭᠦ ᠬᠦᠴᠦᠨ ᠲᠠᠢ᠂ ᠵᠠᠬ᠎ᠠ ᠳᠡᠯᠭᠡᠭᠦᠷ ᠤᠨ ᠭᠤᠣᠯ ᠴᠣᠭᠴᠠ ᠨᠢ | ᠠᠮᠢᠵᠢᠷᠠᠯ ᠤᠨ ᠬᠦᠴᠦᠨ ᠲᠠᠢ᠂ ᠵᠠᠬ᠎ᠠ ᠳᠡᠯᠭᠡᠭᠦᠷ ᠤᠨ ᠠᠵᠢᠯᠯᠠᠭᠠᠨ ᠨᠢ ᠡᠮᠬᠢ ᠵᠢᠷᠤᠮ ᠲᠠᠢ ᠰᠠᠶᠢᠨ ᠰᠠᠶᠢᠬᠠᠨ | ᠬᠥᠭᠵᠢᠯᠲᠡ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠪᠣᠶ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ 83% ᠠᠴᠠ | ᠳᠡᠭᠡᠭᠰᠢ ᠬᠦᠷᠭᠡᠨ᠎ᠡ᠃ | ︵ᠭᠤᠷᠪᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠣᠭᠲᠠᠴᠠ ᠶᠢ | ᠰᠢᠯᠢᠳᠡᠭᠵᠢᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠥᠷᠲᠡᠭ ᠢ ᠨᠠᠩ ᠥᠨᠳᠥᠷ ᠦᠷ᠎ᠡ ᠠᠰᠢᠭ ᠲᠠᠢ | ᠪᠡᠶᠡᠯᠡᠭᠦᠯᠦᠨ᠎ᠡ᠃ | 8. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠎ᠡ᠃ ᠪᠥᠬᠦ ᠬᠤᠲᠠ ᠶᠢᠨ ᠡᠭᠦᠳᠦᠯᠲᠡ ᠶᠢᠨ ᠲᠤᠰᠬᠠᠢ ᠠᠰᠢᠭ᠂ | ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ | ᠠᠬᠤᠶᠢᠯᠠᠯ ᠤᠨ ᠲᠤᠰᠬᠠᠢ ᠠᠰᠢᠭ᠂ ᠲᠠᠸᠠᠷ ᠤᠨ ᠲᠡᠮᠳᠡᠭ ᠢ ᠴᠢᠨᠠᠷ ᠰᠠᠶᠢᠲᠠᠢ ᠡᠭᠦᠳᠦᠨ ᠪᠦᠲᠦᠭᠡᠬᠦ ᠠᠵᠢᠯ ᠢ | ᠭᠤᠣᠯᠳᠠᠯᠭ᠎ᠠ ᠲᠠᠢ ᠳᠡᠮᠵᠢᠵᠦ᠂ 2025 ᠣᠨ ᠪᠣᠯᠬᠤ ᠳᠤ᠂ ᠲᠤᠰᠬᠠᠢ ᠠᠰᠢᠭ ᠤᠨ ᠡᠷᠬᠡ ᠣᠯᠭᠤᠭᠰᠠᠨ ᠶᠡᠷᠦᠩᠬᠡᠢ | ᠬᠡᠮᠵᠢᠶ᠎ᠡ ᠶᠢ 25000 ᠬᠤᠪᠢ ᠳᠤ ᠬᠦᠷᠭᠡᠵᠦ᠂ ᠲᠦᠮᠡᠨ ᠬᠥᠮᠥᠨ ᠪᠦᠷᠢ ᠳᠤ ᠨᠣᠭᠳᠠᠬᠤ ᠥᠨᠳᠥᠷ ᠥᠷᠲᠡᠭᠲᠦ | ᠡᠭᠦᠳᠦᠯᠲᠡ ᠶᠢᠨ ᠲᠤᠰᠬᠠᠢ ᠠᠰᠢᠭ ᠤᠨ ᠬᠡᠮᠵᠢᠶ᠎ᠡ ᠶᠢ 7.6 ᠬᠤᠪᠢ ᠠᠴᠠ ᠳᠠᠪᠠᠭᠤᠯᠤᠨ᠎ᠠ︔ ᠲᠠᠸᠠᠷ ᠤᠨ | ᠲᠡᠮᠳᠡᠭ ᠤᠨ ᠳᠠᠩᠰᠠᠯᠠᠭᠤᠯᠤᠭᠰᠠᠨ ᠬᠡᠮᠵᠢᠶ᠎ᠡ ᠶᠢ 70000 ᠬᠤᠪᠢ ᠠᠴᠠ ᠳᠠᠪᠠᠭᠤᠯᠵᠤ᠂ ᠭᠠᠵᠠᠷ ᠵᠦᠢ ᠶᠢᠨ | ᠢᠯᠡᠷᠬᠡᠶᠢᠯᠡᠯ ᠤᠨ ᠲᠤᠭ᠎ᠠ ᠬᠡᠮᠵᠢᠶ᠎ᠡ 37 ᠬᠤᠪᠢ ᠳᠤ ᠬᠦᠷᠭᠡᠨ᠎ᠡ︔ ᠵᠣᠬᠢᠶᠠᠯ ᠪᠦᠲᠦᠭᠡᠯ ᠤᠨ ᠵᠣᠬᠢᠶᠠᠭᠴᠢ ᠶᠢᠨ | ᠡᠷᠬᠡ ᠶᠢᠨ ᠳᠠᠩᠰᠠᠯᠠᠯᠲᠠ ᠶᠢᠨ ᠲᠤᠭ᠎ᠠ ᠯᠠᠪᠳᠠᠭᠤᠨ ᠨᠡᠮᠡᠭᠳᠡᠨ᠎ᠡ᠃ | 9. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠥᠨᠳᠥᠷ ᠥᠷᠲᠡᠭ ᠲᠠᠢ ᠡᠭᠦᠳᠬᠦ ᠶᠢ | ᠠᠬᠢᠭᠤᠯᠤᠨ᠎ᠠ᠃ ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠬᠤ ᠲᠥᠰᠥᠯ ᠢ ᠲᠣᠭᠲᠠᠭᠠᠨ᠂ ᠥᠨᠳᠥᠷ | ᠥᠷᠲᠡᠭ ᠲᠠᠢ ᠭᠤᠣᠯᠯᠠᠬᠤ ᠲᠤᠰᠬᠠᠢ ᠠᠰᠢᠭ ᠤᠨ ᠡᠷᠬᠡ ᠶᠢ ᠶᠡᠬᠡᠪᠡᠷ ᠪᠣᠶᠢᠵᠢᠭᠤᠯᠵᠤ᠂ ᠠᠵᠤ ᠠᠬᠤᠶᠢᠯᠠᠯ᠂ ᠶᠡᠭᠡ | ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠪᠣᠯᠣᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢᠨ | ᠬᠠᠮᠲᠤᠷᠠᠯᠴᠠᠭ᠎ᠠ ᠶᠢ ᠠᠬᠢᠭᠤᠯᠵᠤ᠂ ᠠᠮᠢᠳᠤ ᠪᠣᠳᠠᠰ ᠤᠨ ᠡᠮ ᠡᠮᠨᠡᠯᠭᠡ᠂ ᠬᠢᠮᠡᠯ ᠣᠶᠤᠨ᠂ ᠡᠭᠦᠯᠡᠨ ᠪᠣᠳᠣᠯᠲᠠ᠂ | ᠲᠣᠮᠣ ᠳ᠋ᠠᠶᠢᠲ᠋ᠠ᠂ ᠴᠠᠭᠠᠨ ᠢᠳᠡᠭᠡᠨ᠂ ᠮᠡᠳᠡᠭᠡ ᠵᠠᠩᠭᠢ ᠶᠢᠨ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ | ᠡᠪᠡᠰᠦᠨ ᠦᠷ᠎ᠡ ᠶᠢᠨ ᠦᠢᠯᠡᠰ᠂ ᠠᠮᠢ ᠠᠬᠤᠢ ᠶᠢᠨ ᠵᠠᠰᠠᠯᠲᠠ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ | ᠲᠣᠭᠤᠷᠢᠨ ᠳᠤ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ | ᠲᠥᠪ ᠢ 3 ᠠᠴᠠ ᠳᠡᠭᠡᠭᠰᠢ ᠶᠢ ᠪᠠᠶᠢᠭᠤᠯᠵᠤ᠂ ᠬᠡᠪᠴᠢᠶ᠎ᠡ ᠪᠠᠷ ᠨᠡᠯᠢᠶᠡᠳ ᠶᠡᠭᠡ᠂ ᠪᠠᠶᠢᠷᠢᠰᠢᠯ ᠢᠶᠠᠷ ᠵᠦᠢ ᠵᠣᠬᠢᠰᠲᠠᠢ᠂ | ᠠᠵᠤ ᠦᠢᠯᠡᠰ ᠤᠨ ᠬᠥᠭᠵᠢᠯᠲᠡ ᠪᠠ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠳᠤ ᠲᠤᠯᠭᠠᠭᠤᠷᠢᠯᠠᠨ ᠪᠠᠲᠤᠯᠠᠬᠤ | ᠦᠢᠯᠡᠳᠦᠯ ᠲᠠᠢ 3 ᠥᠨᠳᠥᠷ ᠥᠷᠲᠡᠭᠲᠦ ᠲᠤᠰᠬᠠᠢ ᠠᠰᠢᠭ ᠤᠨ ᠬᠤᠷᠰᠢᠯ ᠢ ᠪᠦᠷᠢᠯᠳᠦᠭᠦᠯᠦᠨ᠎ᠡ︔ ᠥᠨᠳᠥᠷ | ᠥᠷᠲᠡᠭᠲᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠥᠪᠯᠡᠷᠡᠭᠰᠡᠨ ᠬᠡᠯᠪᠡᠷᠢ ᠶᠢᠨ 5 ᠠᠵᠤ | ᠠᠬᠤᠶᠢᠯᠠᠯ ᠢ ᠪᠣᠶᠢᠵᠢᠭᠤᠯᠤᠨ᠎ᠠ︔ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ | ᠵᠢᠷᠤᠮᠵᠢᠯ︾ ᠤᠨ ᠤᠯᠤᠰ ᠤᠨ ᠪᠠᠷᠢᠮᠵᠢᠶ᠎ᠠ ᠶᠢ ᠦᠩᠭᠡᠷᠡᠭᠰᠡᠨ ᠠᠵᠤ ᠠᠬᠤᠶᠢᠯᠠᠯ ᠢ 140 ᠬᠦᠷᠭᠡᠨ᠎ᠡ︔ ᠲᠤᠰᠬᠠᠢ | ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠠᠶᠢᠳᠠᠨ ᠬᠠᠮᠢᠶᠠᠷᠤᠭᠤᠯᠬᠤ | ᠦᠢᠯᠡᠴᠢᠯᠡᠭᠡ ᠶᠢ ᠨᠡᠶᠢᠲᠡ 500 ᠭᠠᠷᠤᠢ ᠵᠢᠵᠢᠭ ᠪᠢᠴᠢᠯ ᠠᠵᠤ ᠠᠬᠤᠶᠢᠯᠠᠯ ᠳᠤ ᠪᠦᠷᠬᠦᠭᠦᠯᠦᠨ᠎ᠡ᠃ | 10. ᠤᠷᠭᠤᠮᠠᠯ ᠤᠨ ᠰᠢᠨ᠎ᠡ ᠡᠭᠦᠯᠳᠡᠷ ᠢ ᠲᠦᠷᠭᠡᠳᠬᠡᠨ ᠪᠣᠶᠢᠵᠢᠭᠤᠯᠤᠨ᠎ᠠ᠃ ᠤᠷᠭᠤᠮᠠᠯ ᠤᠨ ᠰᠢᠨ᠎ᠡ | ᠡᠭᠦᠯᠳᠡᠷ ᠤᠨ ᠲᠠᠯ᠎ᠠ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠬᠤᠪᠢᠶᠠᠷᠢᠯᠠᠯ ᠨᠢ ᠵᠦᠢ ᠵᠣᠬᠢᠰᠲᠠᠢ᠂ | ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠤᠭᠰᠠᠨ᠂ ᠡᠬᠢ ᠪᠠᠶᠠᠯᠢᠭ ᠲᠥᠪᠯᠡᠷᠡᠭᠰᠡᠨ᠂ ᠠᠵᠢᠯᠯᠠᠭᠠᠨ ᠨᠢ | ᠥᠨᠳᠥᠷ ᠪᠦᠲᠦᠮᠵᠢᠲᠡᠶ ᠡᠭᠦᠯᠳᠡᠷ ᠪᠣᠶᠢᠵᠢᠭᠤᠯᠬᠤ ᠰᠢᠨ᠎ᠡ ᠲᠣᠭᠲᠠᠴᠠ ᠶᠢ ᠪᠤᠢ ᠪᠣᠯᠭᠠᠵᠤ᠂ ᠨᠢᠭᠡ ᠪᠦᠯᠦᠭ ᠥᠨᠳᠥᠷ | ᠤᠨᠠᠯᠲᠠ ᠲᠠᠢ᠂ ᠴᠢᠨᠠᠷ ᠰᠠᠶᠢᠲᠠᠢ᠂ ᠤᠯᠠᠨ ᠵᠦᠢᠯ ᠢ ᠳᠠᠭᠠᠭᠠᠬᠤ ᠴᠢᠳᠠᠪᠤᠷᠢ ᠲᠠᠢ᠂ ᠮᠧᠬᠠᠨᠢᠭᠵᠢᠭᠰᠠᠨ ᠠᠵᠢᠯ ᠂ | ᠪᠡᠯᠡᠳᠬᠡᠮᠵᠢ ᠳᠤ ᠲᠠᠷᠢᠵᠤ ᠪᠣᠶᠢᠵᠢᠭᠤᠯᠬᠤ ᠳᠤ ᠵᠣᠬᠢᠴᠠᠬᠤ ᠤᠷᠭᠤᠮᠠᠯ ᠤᠨ ᠰᠢᠨ᠎ᠡ ᠡᠭᠦᠯᠳᠡᠷ ᠢ ᠪᠣᠶᠢᠵᠢᠭᠤᠯᠤᠨ᠎ᠠ︔ | ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠡᠷᠴᠢᠮᠵᠢᠭᠰᠡᠨ᠂ ᠮᠧᠬᠠᠨᠢᠭᠵᠢᠭᠰᠠᠨ ᠳᠠᠪᠠᠭᠤᠯᠢᠭ ᠲᠠᠷᠢᠮᠠᠯ ᠤᠨ ᠰᠢᠨ᠎ᠡ | ᠡᠭᠦᠯᠳᠡᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 2 ᠪᠠᠶᠢᠭᠤᠯᠵᠤ᠂ ᠭᠤᠣᠯ ᠲᠠᠷᠢᠮᠠᠯ ᠤᠨ ᠰᠠᠶᠢᠨ | ᠡᠭᠦᠯᠳᠡᠷ ᠤᠨ ᠪᠦᠷᠬᠦᠴᠡ ᠶᠢᠨ ᠨᠣᠷᠮ᠎ᠠ 98% ᠠᠴᠠ ᠳᠡᠭᠡᠭᠰᠢ ᠪᠠᠶᠢᠬᠤ ᠶᠢ ᠪᠠᠲᠤᠯᠠᠵᠤ᠂ ᠡᠭᠦᠯᠳᠡᠷ ᠪᠣᠶᠢᠵᠢᠭᠤᠯᠬᠤ | ᠴᠢᠳᠠᠪᠤᠷᠢ ᠪᠠᠷ ᠴᠢᠩᠭ᠎ᠠ᠂ ᠦᠢᠯᠡᠳᠪᠦᠷᠢᠯᠡᠵᠦ ᠡᠳ᠋ᠰᠢᠭᠦᠯᠬᠦ ᠮᠡᠷᠭᠡᠵᠢᠯ ᠢᠶᠠᠷ ᠲᠡᠷᠢᠭᠦᠨ ᠤ᠂ ᠵᠠᠬ᠎ᠠ ᠳᠡᠯᠭᠡᠭᠦᠷ ᠤᠨ | ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠪᠦᠷᠢᠨ ᠲᠡᠭᠦᠯᠳᠡᠷ᠂ ᠮᠡᠷᠭᠡᠵᠢᠯ ᠤᠨ ᠦᠢᠯᠡᠴᠢᠯᠡᠭᠡ ᠪᠠᠷ ᠰᠠᠶᠢᠨ ︽ | ᠪᠣᠶᠢᠵᠢᠭᠤᠯᠵᠤ ᠦᠷᠡᠵᠢᠭᠦᠯᠵᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ︾ ᠣᠲᠣ ᠦᠶ᠎ᠡ ᠶᠢᠨ ᠦᠷ᠎ᠡ ᠶᠢᠨ | ᠦᠢᠯᠡᠰ ᠢ 2 ᠪᠣᠶᠢᠵᠢᠭᠤᠯᠵᠤ᠂ ᠬᠥᠬᠡᠬᠤᠲᠠ ᠶᠢᠨ ᠥᠪᠡᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠲᠠᠢ ᠡᠭᠦᠯᠳᠡᠷ ᠤᠨ ᠵᠠᠬ᠎ᠠ ᠳᠡᠯᠭᠡᠭᠦᠷ ᠳ᠋ᠤ᠋ᠡᠵᠡᠯᠡᠬᠦ ᠨᠣᠷᠮ᠎ᠠ ᠶᠢ 35% ᠠᠴᠠ ᠳᠡᠭᠡᠭᠰᠢ ᠬᠦᠷᠭᠡᠨ᠎ᠡ︔ ᠬᠤᠲᠠ᠂ | ᠰᠢᠶᠠᠨ ᠬᠤᠶᠠᠷ ᠱᠠᠲᠤᠨ ᠤ ᠡᠭᠦᠷᠭᠡ ᠬᠠᠷᠢᠭᠤᠴᠠᠯᠭ᠎ᠠ ᠨᠢ ᠲᠣᠳᠣᠷᠬᠠᠢ᠂ ᠠᠷᠭ᠎ᠠ ᠬᠡᠮᠵᠢᠶ᠎ᠡ ᠨᠢ ᠲᠡᠷᠢᠭᠦᠨ ᠤ ᠪᠥᠭᠡᠳ | ᠬᠢᠨᠠᠯᠲᠠ ᠬᠠᠮᠢᠶᠠᠷᠤᠯᠲᠠ ᠨᠢ ᠬᠦᠴᠦᠲᠡᠢ ᠦᠷ᠎ᠡ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ | 11. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠨ ᠪᠦᠰᠡ ᠶᠢᠨ ᠵᠣᠬᠢᠰᠲᠠᠢ | ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ ᠣᠨᠴᠠᠯᠢᠭᠲᠤ ᠲᠠᠷᠢᠶᠠᠯᠠᠩ ᠤᠨ ᠬᠤᠰᠢᠭᠤ ᠰᠢᠶᠠᠨ ᠢ ᠭᠤᠣᠯᠳᠠᠯᠭ᠎ᠠ ᠲᠠᠢ | ᠰᠣᠩᠭᠤᠵᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠣᠷᠣᠨ ᠪᠦᠰᠡ ᠶᠢ ᠪᠠᠶᠢᠷᠢᠰᠢᠭᠤᠯᠤᠨ᠎ᠠ᠃ | ᠰᠢᠶᠠᠨ ᠤ ᠬᠡᠪᠴᠢᠶᠡᠨ ᠤ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ᠂ ᠭᠠᠵᠠᠷ | ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ ᠤ ᠣᠷᠣᠨ ᠪᠦᠰᠡ ᠶᠢ ᠭᠤᠣᠯᠳᠠᠯᠭ᠎ᠠ ᠲᠠᠢ ᠪᠠᠶᠢᠷᠢᠰᠢᠭᠤᠯᠵᠤ᠂ ᠡᠯ᠎ᠡ | ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠬᠢ ᠪᠠᠶᠠᠯᠢᠭ ᠤᠨ ᠲᠠᠷᠬᠠᠯᠲᠠ ᠶᠢᠨ | ᠪᠠᠶᠢᠳᠠᠯ ᠢ ᠲᠣᠳᠣᠷᠬᠠᠢ ᠣᠶᠢᠯᠠᠭᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠬᠢ ᠪᠠᠶᠠᠯᠢᠭ ᠤᠨ | ᠡᠭᠦᠳᠦᠯᠲᠡ ᠪᠠ ᠠᠵᠤ ᠦᠢᠯᠡᠰ ᠤᠨ ᠡᠬᠢ ᠪᠠᠶᠠᠯᠢᠭ ᠤᠨ ᠵᠣᠬᠢᠴᠠᠯ ᠢ ᠵᠠᠳᠠᠯᠵᠤ᠂ ᠡᠭᠦᠨ ᠯᠦᠭᠡ ᠬᠠᠷᠠᠭᠠᠯᠵᠠᠭᠰᠠᠨ | ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ ᠭᠠᠷᠴᠠᠭ ᠢ ᠵᠣᠬᠢᠶᠠᠵᠤ᠂ ᠰᠢᠶᠠᠨ ᠤ ᠬᠡᠪᠴᠢᠶᠡᠨ ᠤ | ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠠᠩ ᠰᠢᠨᠵᠢᠯᠡᠬᠦ ᠤᠬᠠᠭᠠᠨᠴᠢ᠂ ᠠᠵᠤ ᠦᠢᠯᠡᠰ ᠤᠨ ᠪᠦᠲᠦᠴᠡ ᠶᠢ ᠨᠠᠩ | ᠵᠦᠢ ᠵᠣᠬᠢᠰᠲᠠᠢ ᠪᠣᠯᠭᠠᠨ᠂ ᠡᠭᠦᠳᠦᠯᠲᠡ ᠶᠢᠨ ᠡᠬᠢ ᠪᠠᠶᠠᠯᠢᠭ ᠢ ᠠᠵᠤ ᠦᠢᠯᠡᠰ ᠤᠨ ᠬᠥᠭᠵᠢᠯᠲᠡ ᠶᠢᠨ | ᠵᠠᠩᠭᠢᠯᠠᠭ᠎ᠠ ᠶᠢᠨ ᠮᠡᠷᠭᠡᠵᠢᠯ ᠤᠨ ᠬᠦᠷᠢᠶ᠎ᠡ ᠳᠠᠰᠢ ᠲᠥᠪᠯᠡᠷᠡᠭᠦᠯᠵᠦ᠂ ᠰᠢᠶᠠᠨ ᠤ ᠬᠡᠪᠴᠢᠶᠡᠨ ᠤ ᠠᠵᠤ ᠦᠢᠯᠡᠰ ᠢ | ᠨᠡᠯᠢᠶᠡᠳ ᠴᠢᠩᠭ᠎ᠠ ᠥᠷᠢᠰᠦᠯᠳᠦᠭᠡᠨ ᠤ ᠳᠠᠪᠠᠭᠤᠯᠢᠭ ᠲᠠᠢ ᠪᠣᠯᠭᠠᠨ᠂ ᠤᠯᠠᠮᠵᠢᠯᠠᠯᠲᠤ ᠲᠠᠷᠢᠶᠠᠯᠠᠩ ᠢ ᠣᠲᠣ | ᠦᠶ᠎ᠡ ᠶᠢᠨ ᠲᠠᠷᠢᠶᠠᠯᠠᠩ ᠳᠠᠰᠢ ᠬᠤᠪᠢᠷᠠᠭᠠᠵᠤ᠂ ᠣᠷᠣᠨ ᠪᠦᠰᠡ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | 12. ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠣᠶᠢᠵᠢᠭᠤᠯᠬᠤ ᠳᠦᠷᠢᠮ ᠢ | ᠪᠠᠶᠢᠭᠤᠯᠤᠨ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠠᠴᠠ ᠲᠦᠷᠦᠭᠦᠯᠡᠵᠦ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭ ᠢ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ ᠬᠠᠮᠲᠤ ᠶᠢᠨ ᠲᠠᠸᠠᠷ ᠤᠨ ᠲᠡᠮᠳᠡᠭ᠂ ᠭᠠᠵᠠᠷ ᠵᠦᠢ ᠶᠢᠨ | ᠢᠯᠡᠷᠬᠡᠶᠢᠯᠡᠯ ᠤᠨ ᠭᠡᠷᠡᠴᠢᠯᠡᠯ ᠲᠠᠢ ᠲᠠᠸᠠᠷ ᠤᠨ ᠲᠡᠮᠳᠡᠭ ᠢ ᠳᠠᠩᠰᠠᠯᠠᠭᠤᠯᠤᠨ᠂ ᠭᠠᠵᠠᠷ ᠵᠦᠢ ᠶᠢᠨ ᠢᠯᠡᠷᠬᠡᠶᠢᠯᠡᠯ ᠲᠠᠢ | ᠲᠠᠷᠢᠶᠠᠯᠠᠩ ᠤᠨ ᠪᠦᠲᠦᠭᠡᠭᠳᠡᠬᠦᠨ ᠢ ᠳᠡᠩᠰᠡᠯᠡᠨ ᠬᠠᠮᠠᠭᠠᠯᠠᠬᠤ ᠪᠠᠷ ᠭᠤᠶᠤᠴᠢᠯᠠᠵᠤ᠂ ᠭᠠᠵᠠᠷ ᠵᠦᠢ ᠶᠢᠨ | ᠢᠯᠡᠷᠬᠡᠶᠢᠯᠡᠯ ᠤᠨ ᠲᠤᠰᠬᠠᠢ ᠲᠡᠮᠳᠡᠭ ᠢ ᠬᠡᠷᠡᠭᠯᠡᠬᠦ ᠶᠢ ᠵᠢᠯᠤᠭᠤᠳᠤᠨ᠂ ᠪᠣᠬᠢᠷᠳᠤᠯ ᠦᠭᠡᠢ ᠣᠷᠭᠠᠨᠢᠭ ᠴᠢᠨᠠᠷ ᠰᠠᠶᠢᠲᠠᠢ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠬᠢᠯᠭᠡᠬᠦ ᠶᠢ ᠵᠣᠷᠢᠭᠵᠢᠭᠤᠯᠬᠤ ᠶᠢᠨ ᠬᠠᠮᠲᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠥᠬᠦ ᠶᠠᠪᠤᠴᠠ ᠶᠢ ᠡᠵᠡᠮᠳᠡᠬᠦ ᠪᠠᠷ ᠳᠠᠮᠵᠢᠭᠤᠯᠤᠨ ᠭᠠᠵᠠᠷ | ᠵᠦᠢ ᠶᠢᠨ ᠢᠯᠡᠷᠬᠡᠶᠢᠯᠡᠯ ᠲᠠᠢ ᠪᠣᠬᠢᠷᠳᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠲᠥᠷᠥᠯ ᠲᠡᠮᠳᠡᠭᠲᠦ ᠶᠢᠨ ᠭᠡᠷᠡᠴᠢᠯᠡᠯ ᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠣᠶᠢᠵᠢᠭᠤᠯᠬᠤ ᠳᠤ ᠲᠠᠰᠤᠷᠠᠯᠲᠠ ᠦᠭᠡᠢ | ᠴᠢᠨᠠᠷ ᠰᠠᠶᠢᠲᠠᠢ ᠪᠦᠲᠦᠭᠡᠭᠳᠡᠬᠦᠨ ᠤ ᠲᠤᠯᠭᠠᠭᠤᠷᠢᠯᠠᠯ ᠬᠠᠩᠭᠠᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠵᠢᠷᠤᠮᠵᠢᠭᠰᠠᠨ | ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠣᠳᠣᠯᠭᠠᠨ ᠤ ᠬᠦᠷᠢᠶᠡᠯᠡᠩ | ᠭᠠᠵᠠᠷ ᠣᠷᠣᠯᠴᠠᠭᠰᠠᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠂ ᠲᠥᠷᠥᠯ ᠲᠡᠮᠳᠡᠭᠲᠦ ᠶᠢᠨ ᠡᠷᠬᠡ ᠰᠦᠷᠲᠦ | ᠴᠢᠨᠠᠷ ᠪᠠ ᠲᠥᠪ ᠭᠤᠥᠯᠴᠢ ᠴᠢᠨᠠᠷ ᠢ ᠬᠠᠮᠠᠭᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠪᠠᠨ ᠨᠡᠯᠢᠶᠡᠳ | ᠨᠡᠷ᠎ᠡ ᠠᠯᠳᠠᠷ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢ 10 ᠠᠴᠠ ᠳᠡᠭᠡᠭᠰᠢ ᠶᠢ᠂ ᠤᠯᠤᠰ ᠤᠨ ᠳᠣᠲᠣᠭᠠᠳᠤ ᠭᠠᠳᠠᠭᠠᠳᠤ ᠳᠤ | ᠨᠡᠯᠢᠶᠡᠳ ᠨᠡᠷ᠎ᠡ ᠠᠯᠳᠠᠷ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ 2 ᠠᠴᠠ ᠳᠡᠭᠡᠭᠰᠢ ᠶᠢ ᠪᠣᠶᠢᠵᠢᠭᠤᠯᠤᠨ ᠪᠣᠶ ᠪᠣᠯᠭᠠᠵᠤ᠂ ᠭᠠᠵᠠᠷ | ᠵᠦᠢ ᠶᠢᠨ ᠢᠯᠡᠷᠬᠡᠶᠢᠯᠡᠯ ᠲᠠᠢ ᠲᠠᠷᠢᠶᠠᠯᠠᠩ ᠤᠨ ᠪᠦᠲᠦᠭᠡᠭᠳᠡᠬᠦᠨ ᠢ 5 ᠳᠠᠩᠰᠠᠯᠠᠭᠤᠯᠤᠭᠰᠠᠨ ᠰᠠᠭᠤᠷᠢᠨ ᠳᠡᠭᠡᠷ᠎ᠡ ᠵᠢᠯ | ᠪᠦᠷᠢ 1 ᠨᠡᠮᠡᠭᠳᠡᠭᠦᠯᠵᠦ᠂ ᠪᠣᠬᠢᠷᠳᠤᠯ ᠦᠭᠡᠢ ᠢᠳᠡᠭᠡᠨ ᠤ ᠠᠵᠤ ᠠᠬᠤᠶᠢᠯᠠᠯ ᠬᠢᠭᠡᠳ ᠪᠦᠲᠦᠭᠡᠭᠳᠡᠬᠦᠨ ᠤ ᠲᠤᠭ᠎ᠠ | ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 3% ᠨᠡᠮᠡᠭᠳᠡᠭᠦᠯᠦᠨ᠎ᠡ᠃ | 13. ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠵᠢᠭᠰᠠᠨ ᠦᠢᠯᠡᠳᠪᠦᠷᠢᠯᠡᠯ ᠢ | ᠠᠬᠢᠭᠤᠯᠤᠨ᠎ᠠ᠃ ᠦᠢᠯᠡᠳᠪᠦᠷᠢᠯᠡᠯ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠬᠢᠭᠡᠳ ᠪᠦᠲᠦᠭᠡᠭᠳᠡᠬᠦᠨ ᠤ ᠶᠠᠰᠤ | ᠴᠢᠨᠠᠷ ᠢ ᠪᠥᠬᠦ ᠶᠠᠪᠤᠴᠠ ᠳᠤ ᠡᠵᠡᠮᠳᠡᠬᠦ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ | ᠪᠠᠶᠢᠭᠠᠯᠢ ᠶᠢᠨ ᠡᠬᠢ ᠪᠠᠶᠠᠯᠢᠭ ᠢᠶᠠᠷ ᠡᠯᠪᠡᠭ ᠪᠠᠶᠠᠯᠢᠭ᠂ ᠳᠠᠪᠠᠭᠤᠯᠢᠭ ᠣᠨᠴᠠᠯᠢᠭ ᠲᠠᠢ᠂ ᠣᠷᠣᠨ ᠪᠦᠰᠡ ᠶᠢᠨ ᠠᠵᠤ | ᠦᠢᠯᠡᠰ ᠤᠨ ᠬᠡᠯᠬᠢᠶ᠎ᠡ ᠪᠠᠷ ᠪᠦᠷᠢᠨ ᠪᠦᠲᠦᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠣᠲᠣ ᠦᠶ᠎ᠡ ᠶᠢᠨ ᠲᠠᠷᠢᠶᠠᠯᠠᠩ ᠤᠨ ᠪᠥᠬᠦ ᠠᠵᠤ | ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠪᠡᠶᠡᠯᠡᠭᠦᠯᠬᠦ ᠶᠢ ᠠᠬᠢᠭᠤᠯᠤᠨ᠎ᠠ᠃ ᠬᠠᠮᠢᠶ᠎ᠠ | ᠪᠦᠬᠦᠢ ᠰᠠᠯᠠᠭ᠎ᠠ ᠮᠥᠴᠢᠷ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠤᠨ ᠲᠥᠯᠥᠭᠡᠯᠡᠬᠦ ᠴᠢᠨᠠᠷᠲᠠᠢ᠂ ᠨᠡᠶᠢᠲᠡᠯᠢᠭ | ᠴᠢᠨᠠᠷᠲᠠᠢ ᠪᠠ ᠳᠡᠯᠭᠡᠷᠡᠭᠦᠯᠵᠦ ᠪᠣᠯᠬᠤᠶᠢᠴᠠ ᠪᠠᠷᠢᠮᠵᠢᠶᠠᠵᠢᠭᠰᠠᠨ᠂ ᠡᠷᠴᠢᠮᠵᠢᠭᠰᠡᠨ ᠬᠡᠮᠵᠢᠶ᠎ᠡ ᠪᠠᠷ ᠥᠨᠳᠥᠷ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠳᠤ ᠴᠢᠭᠯᠡᠭᠦᠯᠦᠨ ᠳᠠᠷᠢᠵᠤ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ᠂ ᠳᠠᠷᠢᠵᠤ ᠲᠡᠵᠢᠭᠡᠨ | ᠦᠷᠡᠵᠢᠭᠦᠯᠬᠦ ᠬᠠᠮᠢᠶᠠᠷᠤᠯᠲᠠ᠂ ᠪᠦᠲᠦᠭᠡᠭᠳᠡᠬᠦᠨ ᠢ ᠵᠡᠷᠭᠡ ᠲᠠᠰ ᠬᠤᠪᠢᠶᠠᠬᠤ᠂ ᠡᠳ᠋ᠰᠢᠭᠦᠯᠦᠨ ᠪᠣᠭᠤᠳᠠᠯᠯᠠᠬᠤ᠂ ᠶᠠᠰᠤ | ᠴᠢᠨᠠᠷ ᠤᠨ ᠠᠶᠤᠯᠭᠦᠢ ᠶᠢᠨ ᠬᠡᠮᠵᠢᠶ᠎ᠡ ᠬᠢᠵᠠᠭᠠᠷᠯᠠᠯ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠷᠭ᠎ᠠ᠂ | ᠬᠠᠳᠠᠭᠠᠯᠠᠵᠤ ᠲᠡᠭᠡᠭᠡᠪᠦᠷᠢᠯᠡᠬᠦ ᠵᠡᠷᠭᠡ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ | ᠲᠣᠭᠲᠠᠭᠠᠬᠤ ᠶᠢ ᠳᠡᠮᠵᠢᠨ ᠵᠣᠷᠢᠭᠵᠢᠭᠤᠯᠤᠨ᠎ᠠ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠢ ᠳᠡᠭᠡᠭᠰᠢᠯᠡᠭᠦᠯᠬᠦ | ᠠᠵᠢᠯᠯᠠᠭ᠎ᠠ ᠲᠠᠢ ᠤᠶᠠᠯᠳᠤᠭᠤᠯᠤᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠠ ᠠᠶᠤᠯᠭᠦᠢ ᠶᠢ ᠲᠠᠰᠤᠷᠠᠯᠲᠠ ᠦᠭᠡᠢ | ᠳᠡᠭᠡᠭᠰᠢᠯᠡᠬᠦ ᠶᠢ ᠪᠠᠲᠤᠯᠠᠨ᠎ᠠ᠃ | 14. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠠᠪᠴᠠᠩ ᠢ | ᠲᠡᠭᠦᠯᠳᠡᠷᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠠᠪᠴᠠᠩ ᠢ | ᠵᠠᠰᠠᠭ ᠤᠨ ᠣᠷᠳᠣᠨ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ᠰᠢᠨ᠎ᠡ ᠶᠢ ᠡᠭᠦᠳᠬᠦ | ᠭᠤᠣᠯ ᠴᠣᠭᠴᠠ ᠬᠠᠮᠲᠤᠪᠠᠷ ᠣᠷᠣᠯᠴᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠡᠵᠡᠩᠨᠡᠯᠲᠡ ᠶᠢᠨ ᠠᠴᠢᠶᠠᠯᠠᠪᠤᠷᠢ ᠪᠣᠯᠭᠠᠨ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠮᠠᠶ᠋ᠢᠭ ᠤᠨ ᠦᠢᠯᠡᠴᠢᠯᠡᠭᠡ | ᠬᠢᠭᠡᠳ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠶᠣᠰᠣᠭᠠᠷ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠨᠥᠬᠦᠪᠦᠷᠢᠯᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠡᠵᠡᠩᠨᠡᠯᠲᠡ ᠶᠢᠨ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠲᠤᠰᠬᠠᠢ ᠠᠰᠢᠭ ᠤᠨ ᠮᠡᠷᠭᠡᠵᠢᠯ ᠤᠨ | ᠠᠷᠠᠯᠵᠢᠶᠠᠨ ᠤ ᠲᠤᠭ᠎ᠠ᠂ ᠲᠤᠰᠬᠠᠢ ᠠᠰᠢᠭ ᠤᠨ ᠮᠡᠷᠭᠡᠵᠢᠯ ᠤᠨ ᠠᠵᠤ ᠦᠢᠯᠡᠰᠵᠢᠭᠰᠡᠨ ᠦᠢᠯᠡᠳᠬᠦᠨ ᠤ ᠥᠷᠲᠡᠭ ᠢ | ᠲᠦᠷᠭᠡᠨ ᠨᠡᠮᠡᠭᠳᠡᠭᠦᠯᠦᠨ᠎ᠡ︔ ᠪᠦᠬᠦ ᠲᠠᠯ᠎ᠠ ᠶᠢ ᠬᠠᠮᠤᠷᠤᠭᠰᠠᠨ᠂ ᠦᠢᠯᠡᠴᠢᠯᠡᠭᠡ ᠨᠢ ᠵᠢᠷᠤᠮᠵᠢᠯ ᠲᠠᠢ᠂ ᠣᠶᠤᠨᠴᠢ | ᠥᠨᠳᠥᠷ ᠪᠦᠲᠦᠮᠵᠢᠲᠡᠢ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ︔ ᠤᠯᠠᠨ | ᠨᠡᠶᠢᠲᠡ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠣᠣᠷᠴᠢᠯᠠᠬᠤ ᠪᠠᠶᠢᠭᠤᠯᠤᠯᠲᠠ ᠶᠢ | ᠴᠢᠩᠭᠠᠳᠬᠠᠨ᠎ᠠ︔ ᠲᠤᠭ᠎ᠠ ᠪᠠᠷᠢᠮᠲᠠ ᠨᠢ ᠪᠠᠷᠢᠮᠵᠢᠶ᠎ᠠ ᠳᠤ ᠨᠡᠶᠢᠴᠡᠭᠰᠡᠨ᠂ ᠡᠬᠢ ᠪᠠᠶᠠᠯᠢᠭ ᠢ ᠨᠡᠶᠢᠳᠬᠡᠭᠰᠡᠨ᠂ | ᠠᠰᠢᠭᠯᠠᠬᠤ ᠦᠷ᠎ᠡ ᠪᠦᠲᠦᠮᠵᠢ ᠥᠨᠳᠥᠷ ᠮᠡᠳᠡᠭᠡ ᠵᠠᠩᠭᠢ ᠶᠢᠨ ᠦᠢᠯᠡᠴᠢᠯᠡᠭᠡᠨ ᠤ ᠵᠠᠭᠪᠤᠷ ᠢ ᠪᠠᠶᠢᠭᠤᠯᠤᠨ᠎ᠠ᠃ | 15. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ | ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ | ᠪᠡᠯᠡ ᠲᠣᠬᠢᠷᠠᠭᠤᠯᠬᠤ ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ᠦᠢᠯᠡᠴᠢᠯᠡᠭᠡ ᠶᠢ ᠲᠦᠭᠡᠮᠡᠯᠵᠢᠭᠦᠯᠵᠦ ᠬᠡᠪᠴᠢᠶᠡᠵᠢᠭᠦᠯᠦᠨ᠎ᠡ | ︔ ᠬᠥᠬᠡᠬᠤᠲᠠ ᠶᠢᠨ ᠲᠠᠸᠠᠷ ᠤᠨ ᠲᠡᠮᠳᠡᠭ ᠤᠨ ᠴᠣᠩᠬᠤᠨ ᠳᠤ ᠳᠠᠨᠵᠢᠯᠠᠨ ᠲᠡᠮᠳᠡᠭᠯᠡᠬᠦ ᠳᠤ ᠲᠦᠰᠢᠭᠯᠡᠨ᠂ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠲᠠᠸᠠᠷ ᠤᠨ ᠲᠡᠮᠳᠡᠭ ᠤᠨ ᠡᠷᠬᠡ ᠪᠠᠨ ᠳᠠᠨᠵᠢᠯᠠᠨ ᠲᠡᠮᠳᠡᠭᠯᠡᠬᠦ ᠪᠥᠬᠦ ᠲᠠᠯ᠎ᠠ ᠶᠢᠨ | ᠦᠢᠯᠡᠴᠢᠯᠡᠭᠡ ᠬᠠᠩᠭᠠᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠡᠯᠡ ᠲᠣᠬᠢᠷᠠᠭᠤᠯᠭ᠎ᠠ ᠶᠢᠨ | ᠲᠦᠭᠰᠢᠭᠦᠷᠢ ᠶᠢ ᠨᠥᠬᠦᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠩᠬᠢ᠂ ᠳᠠᠭᠠᠭᠠᠯᠲᠠ | ᠪᠠ ᠳᠠᠭᠠᠳᠬᠠᠯ ᠤᠨ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠰᠢᠭᠦᠷᠢ ᠶᠢ ᠰᠢᠢᠳᠪᠦᠷᠢᠯᠡᠬᠦ ᠣᠯᠠᠨ ᠡᠰᠢᠵᠢᠭᠰᠡᠨ | ᠲᠣᠭᠲᠠᠴᠠ ᠶᠢ ᠪᠠᠶᠢᠭᠤᠯᠵᠤ᠂ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡᠨ ᠤ ᠦᠢᠯᠡᠳᠬᠦᠨ ᠪᠠ | ᠦᠢᠯᠡᠴᠢᠯᠡᠭᠡ ᠳᠤ ᠰᠢᠨ᠎ᠡ ᠶᠢ ᠡᠭᠦᠳᠴᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠡᠮᠡᠯ | ᠬᠠᠷᠠᠭᠠᠯᠵᠠᠯ ᠤᠨ ᠮᠥᠩᠭᠦᠨ ᠭᠦᠢᠯᠭᠡᠭᠡᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠵᠢᠵᠢᠭ ᠪᠢᠴᠢᠯ | ᠠᠵᠤ ᠠᠬᠤᠶᠢᠯᠠᠯ ᠢ ᠳᠡᠮᠵᠢᠬᠦ ᠶᠢ ᠲᠦᠯᠬᠢᠨ ᠠᠬᠢᠭᠤᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠢ ᠭᠦᠨᠵᠡᠭᠡᠶᠢᠷᠡᠭᠦᠯᠦᠨ ᠥᠷᠭᠡᠳᠬᠡᠵᠦ᠂ ᠵᠠᠰᠠᠭ ᠪᠠᠩᠬᠢ ᠶᠢᠨ | ᠬᠠᠮᠲᠤᠷᠠᠯᠴᠠᠭ᠎ᠠ ᠶᠢ ᠴᠢᠩᠭᠠᠳᠬᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠥᠩᠭᠦᠨ | ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠳᠡᠮᠵᠢᠵᠦ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠢᠮᠠᠭ ᠳᠠᠨᠵᠢᠯᠠᠭ᠎ᠠ ᠪᠠ ᠳᠠᠭᠠᠳᠬᠠᠯ ᠢ ᠵᠣᠷᠢᠭᠵᠢᠭᠤᠯᠤᠨ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠲᠡᠮᠳᠡᠭᠲᠦ ᠪᠣᠯᠭᠠᠬᠤ ᠲᠤᠷᠰᠢᠯᠲᠠ ᠶᠢ ᠰᠦᠪᠡᠭᠴᠢᠯᠡᠨ ᠬᠢᠵᠦ᠂ | ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠤᠭᠰᠠᠨ ᠵᠣᠭᠤᠰ ᠤᠨ ᠲᠤᠭ᠎ᠠ ᠶᠢᠨ ᠵᠢᠯ ᠤᠨ | ᠳᠤᠮᠳᠠᠴᠢ ᠨᠡᠮᠡᠭᠳᠡᠯ ᠢ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢᠨ ᠨᠡᠮᠡᠭᠳᠡᠯ ᠲᠠᠢ ᠬᠠᠷᠢᠯᠴᠠᠨ ᠵᠣᠬᠢᠴᠠᠩᠭᠤᠢ | ᠪᠣᠯᠭᠠᠨ᠎ᠠ᠃ | 16. ᠵᠠᠰᠠᠭ ᠠᠵᠤ ᠠᠬᠤᠶᠢᠯᠠᠯ ᠰᠤᠷᠭᠠᠭᠤᠯᠢ ᠰᠣᠳᠤᠯᠭᠠᠨ ᠤ ᠪᠠᠶᠢᠭᠤᠯᠤᠮᠵᠢ ᠶᠢᠨ ᠬᠠᠮᠲᠤᠷᠠᠨ ᠤᠯᠠᠷᠢᠭᠤᠯᠬᠤ | ᠶᠢ ᠢᠳᠡᠪᠬᠢᠲᠡᠢ ᠠᠬᠢᠭᠤᠯᠤᠨ᠎ᠠ᠃ ᠣᠷᠣᠨ ᠨᠤᠲᠤᠭ ᠪᠠ ᠶᠡᠭᠡ ᠳᠡᠭᠡᠳᠦ ᠰᠤᠷᠭᠠᠭᠤᠯᠢ ᠶᠢᠨ ᠲᠤᠰ ᠲᠤᠰ ᠤᠨ | ᠳᠠᠪᠠᠭᠤᠯᠢᠭ ᠢᠶᠠᠨ ᠨᠡᠶᠢᠳᠬᠡᠵᠦ ᠬᠠᠮᠲᠤᠷᠠᠨ ᠠᠵᠢᠯᠯᠠᠵᠤ ᠰᠣᠯᠢᠯᠴᠠᠬᠤ ᠲᠠᠪᠴᠠᠩ ᠪᠠᠶᠢᠭᠤᠯᠬᠤ ᠶᠢ ᠲᠦᠯᠬᠢᠨ | ᠠᠬᠢᠭᠤᠯᠵᠤ᠂ ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠰᠤᠳᠤᠯᠭᠠᠨ ᠤ ᠪᠠᠶᠢᠭᠤᠯᠤᠮᠵᠢ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠣᠭᠤᠷᠢᠨ ᠳᠤ᠂ ᠬᠤᠷᠢᠨᠭᠡᠷ ᠰᠢᠨ᠎ᠡ ᠲᠣᠭᠤᠷᠢᠭ ᠵᠡᠷᠭᠡ | ᠲᠠᠪᠴᠠᠩ ᠤᠨ ᠳᠠᠪᠠᠭᠤᠯᠢᠭ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠪᠣᠯᠣᠨ | ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠶᠢᠨ ᠣᠶᠤᠨ ᠤ ᠡᠬᠢ | ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠠᠩᠭᠠᠯᠭ᠎ᠠ᠂ ᠬᠡᠷᠡᠭᠴᠡᠭᠡ᠂ ᠵᠠᠭᠤᠴᠢ᠂ ᠬᠥᠷᠥᠩᠭᠡ ᠵᠡᠷᠭᠡ ᠶᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ | ᠮᠡᠷᠭᠡᠵᠢᠯ ᠤᠨ ᠤᠯᠠᠷᠢᠭᠤᠯᠤᠯᠲᠠ ᠶᠢᠨ ᠲᠠᠪᠴᠠᠩ ᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ | ᠮᠡᠷᠭᠡᠵᠢᠯ ᠤᠨ ᠰᠢᠯᠵᠢᠭᠦᠯᠦᠯᠲᠡ᠂ ᠲᠥᠷᠥᠯ ᠵᠦᠢᠯ ᠤᠨ ᠪᠡᠯᠡ ᠲᠣᠬᠢᠷᠠᠭᠤᠯᠭ᠎ᠠ᠂ ᠠᠵᠤ ᠦᠢᠯᠡᠰ ᠤᠨ | ᠨᠡᠪᠴᠢᠭᠦᠯᠦᠯᠲᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠪᠥᠬᠦ | ᠥᠷᠲᠡᠭ ᠤᠨ ᠬᠡᠯᠬᠢᠶᠡᠨ ᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠳᠡᠭᠡᠭᠰᠢᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠲᠠᠰᠤᠷᠠᠯᠲᠠ | ᠦᠭᠡᠢ ᠪᠣᠶᠢᠵᠢᠭᠤᠯᠤᠨ᠎ᠠ᠃ ᠬᠤᠷᠢᠨᠭᠡᠷ ᠰᠢᠨ᠎ᠡ ᠲᠣᠭᠤᠷᠢᠭ ᠵᠡᠷᠭᠡ ᠭᠠᠵᠠᠷ ᠣᠷᠣᠨ ᠳᠤ ᠥᠪᠥᠷ ᠮᠣᠩᠭᠤᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ | ᠲᠣᠭᠤᠷᠢᠭ᠂ ᠶᠡᠭᠡ ᠳᠡᠭᠡᠳᠦ ᠰᠤᠷᠭᠠᠭᠤᠯᠢ ᠶᠢᠨ ᠬᠠᠮᠵᠢᠯᠴᠠᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠠ ᠶᠡᠭᠡ | ᠳᠡᠭᠡᠳᠦ ᠰᠤᠷᠭᠠᠭᠤᠯᠢ ᠶᠢᠨ ᠦᠢᠯᠡᠰ ᠴᠣᠭᠴᠠᠯᠠᠬᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠶᠢᠨ ᠠᠷᠭ᠎ᠠ | ᠵᠠᠮ ᠢ ᠥᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡ ᠶᠢ | ᠣᠨᠣᠪᠴᠢᠲᠠᠢ ᠵᠣᠯᠭᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠦᠷ᠎ᠡ ᠪᠦᠲᠦᠭᠡᠯ ᠢ ᠤᠯᠠᠷᠢᠭᠤᠯᠬᠤ | ᠴᠢᠳᠠᠪᠤᠷᠢ ᠶᠢ ᠳᠡᠭᠡᠭᠰᠢᠯᠡᠭᠦᠯᠦᠨ᠂ ᠨᠠᠩ ᠣᠯᠠᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠥᠨᠳᠥᠷ | ᠥᠷᠲᠡᠭᠲᠦ ᠲᠤᠰᠬᠠᠢ ᠠᠰᠢᠭ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠬᠤ ᠶᠢ | ᠠᠬᠢᠭᠤᠯᠤᠨ᠎ᠠ᠃ | 17. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠢ ᠤᠯᠠᠷᠢᠭᠤᠯᠤᠨ | ᠡᠵᠡᠩᠨᠡᠬᠦ ᠶᠢ ᠲᠦᠯᠬᠢᠨ ᠠᠬᠢᠭᠤᠯᠤᠨ᠎ᠠ᠃ ᠭᠤᠶᠤᠴᠢᠯᠠᠬᠤ + ᠡᠵᠡᠩᠨᠡᠬᠦ ᠵᠠᠭᠪᠤᠷ ᠢ ᠬᠡᠷᠡᠭᠯᠡᠨ᠂ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠬᠠᠮᠲᠤᠷᠠᠨ | ᠵᠠᠬᠢᠶᠠᠯᠠᠭ᠎ᠠ ᠪᠠᠷ ᠰᠤᠳᠤᠯᠤᠨ ᠨᠡᠭᠡᠭᠡᠬᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠥᠨᠳᠥᠷ ᠥᠷᠲᠡᠭᠲᠦ | ᠭᠤᠣᠯᠯᠠᠬᠤ ᠲᠤᠰᠬᠠᠢ ᠠᠰᠢᠭ ᠢ ᠬᠤᠷᠢᠶᠠᠨ ᠨᠥᠭᠡᠴᠡᠯᠡᠬᠦ ᠶᠢ ᠳᠡᠮᠵᠢᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠤᠯᠪᠣᠭ᠎ᠠ ᠶᠢ ᠪᠠᠶᠢᠭᠤᠯᠤᠨ᠂ ᠠᠵᠤ ᠦᠢᠯᠡᠰ ᠤᠨ ᠲᠤᠰᠬᠠᠢ ᠠᠰᠢᠭ ᠤᠨ ᠴᠥᠭᠦᠷᠥᠮ ᠢ ᠪᠣᠶ | ᠪᠣᠯᠭᠠᠵᠤ᠂ ᠬᠥᠬᠡᠬᠤᠲᠠ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ | ᠪᠠ ᠲᠠᠰ ᠳᠡᠪᠰᠢᠭᠦᠯᠬᠦ ᠶᠢ ᠲᠤᠯᠭᠠᠭᠤᠷᠢᠯᠠᠨ᠎ᠠ︔ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠠᠰᠢᠭ ᠤᠨ | ᠡᠵᠡᠩᠨᠡᠯᠲᠡ ᠶᠢᠨ ᠠᠯᠪᠠᠨ ᠭᠡᠷ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ | ᠦᠢᠯᠡᠴᠢᠯᠡᠭᠡᠨ ᠤ ᠪᠠᠶᠢᠭᠤᠯᠤᠮᠵᠢ ᠪᠣᠶᠢᠵᠢᠭᠤᠯᠬᠤ ᠶᠢ ᠴᠢᠩᠭᠠᠳᠬᠠᠵᠤ᠂ 3 ᠠᠴᠠ ᠳᠡᠭᠡᠭᠰᠢ ᠲᠤᠰᠬᠠᠢ ᠮᠡᠷᠭᠡᠵᠢᠯ ᠤᠨ᠂ | ᠶᠡᠷᠦᠩᠬᠡᠶᠢᠯᠡᠭᠰᠡᠨ ᠴᠢᠨᠠᠷᠲᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ | ᠪᠠᠶᠢᠭᠤᠯᠤᠮᠵᠢ ᠶᠢ ᠪᠣᠶᠢᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠷ᠎ᠡ ᠪᠦᠲᠦᠭᠡᠯ ᠢ | ᠤᠯᠠᠷᠢᠭᠤᠯᠤᠨ ᠡᠵᠡᠩᠨᠡᠬᠦ ᠶᠢ ᠪᠦᠲᠦᠮᠵᠢᠲᠡᠢ ᠠᠬᠢᠭᠤᠯᠤᠨ᠎ᠠ᠃ | 18. ᠪᠠᠷᠢᠮᠵᠢᠶᠠᠵᠢᠭᠤᠯᠬᠤ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠷᠢᠯᠴᠠᠨ | ᠬᠥᠭᠵᠢᠭᠦᠯᠬᠦ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠᠷ | ᠪᠠᠷᠢᠮᠵᠢᠶ᠎ᠠ ᠪᠣᠯᠭᠠᠭᠰᠠᠨ ᠦᠨᠡᠯᠡᠯᠲᠡ ᠶᠢᠨ ᠲᠣᠭᠲᠠᠴᠠ ᠪᠠ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ᠪᠠᠷᠢᠮᠵᠢᠶ᠎ᠠ ᠶᠢᠨ ᠴᠢᠬᠤᠯᠠ ᠪᠦᠬᠦᠢ ᠲᠤᠰᠬᠠᠢ ᠠᠰᠢᠭ ᠤᠨ ᠳᠦᠷᠢᠮ ᠢ ᠨᠠᠶᠢᠳᠠᠪᠤᠷᠢᠵᠢᠭᠤᠯᠵᠤ᠂ ᠪᠠᠷᠢᠮᠵᠢᠶ᠎ᠠ | ᠲᠣᠭᠲᠠᠭᠠᠬᠤ ᠶᠠᠪᠤᠴᠠ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ | ᠴᠢᠩᠭᠠᠳᠬᠠᠨ᠂ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠠᠵᠤ ᠦᠶᠢᠯᠡᠰᠵᠢᠭᠦᠯᠦᠨ ᠬᠡᠷᠡᠭᠯᠡᠬᠦ ᠶᠢ ᠠᠬᠢᠭᠤᠯᠤᠨ᠎ᠠ | ᠃ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠵᠡᠷᠭᠡ ᠭᠤᠣᠯᠳᠠᠯᠭ᠎ᠠ ᠲᠠᠢ ᠠᠵᠤ ᠦᠢᠯᠡᠰ ᠪᠣᠯᠣᠨ | ᠳᠠᠪᠠᠭᠤᠯᠢᠭ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠠᠩᠬᠠᠨ ᠤ ᠡᠭᠦᠳᠦᠯᠲᠡ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ᠂ ᠨᠢᠭᠡ ᠪᠦᠯᠦᠭ ᠵᠠᠩᠭᠢᠯᠠᠭ᠎ᠠ ᠶᠢᠨ ᠰᠢᠪᠲᠤᠯᠤᠯᠲᠠ ᠶᠢᠨ ᠮᠡᠷᠭᠡᠵᠢᠯ ᠪᠣᠯᠣᠨ ᠨᠢᠭᠡ | ᠪᠦᠯᠦᠭ ᠭᠤᠣᠯᠯᠠᠬᠤ ᠡᠷᠬᠡ ᠲᠠᠢ ᠤᠯᠠᠨ ᠤᠯᠤᠰ ᠤᠨ ᠪᠠᠷᠢᠮᠵᠢᠶ᠎ᠠ ᠶᠢ ᠣᠯᠣᠨ᠎ᠠ᠃ | ︵ᠳᠥᠷᠪᠡ︶ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠰᠢᠨ᠎ᠡ ᠶᠢ ᠡᠭᠦᠳᠬᠦ ᠭᠤᠣᠯ ᠴᠣᠭᠴᠠ ᠶᠢᠨ ᠬᠡᠷᠡᠭᠴᠡᠭᠡ ᠶᠢ ᠨᠡᠩ ᠥᠨᠳᠥᠷ ᠪᠠᠷᠢᠮᠵᠢᠶ᠎ᠠ ᠪᠠᠷ ᠬᠠᠩᠭᠠᠨ᠎ᠠ | 19. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ | ᠣᠷᠣᠨ ᠢ ᠪᠦᠲᠦᠭᠡᠨ ᠪᠠᠶᠢᠭᠤᠯᠤᠨ᠎ᠠ᠃ ᠳᠡᠭᠡᠳᠦ ᠳᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠦᠢᠯᠡᠴᠢᠯᠡᠭᠡᠨ ᠤ ᠪᠠᠶᠢᠭᠤᠯᠤᠮᠵᠢ ᠶᠢ ᠪᠥᠭᠡᠮᠨᠡᠷᠡᠭᠦᠯᠵᠦ᠂ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠵᠦ᠂ ᠪᠥᠬᠦ | ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠂ ᠲᠤᠰᠬᠠᠢ ᠠᠰᠢᠭ᠂ ᠲᠠᠸᠠᠷ ᠤᠨ ᠲᠡᠮᠳᠡᠭ᠂ ᠬᠡᠪᠯᠡᠯ ᠤᠨ ᠡᠷᠬᠡ᠂ ᠤᠷᠭᠤᠮᠠᠯ ᠤᠨ ᠰᠢᠨ᠎ᠡ ᠡᠭᠦᠯᠳᠡᠷ | ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠲᠥᠷᠥᠯ ᠵᠦᠢᠯ ᠢ ᠪᠦᠷᠢᠯᠳᠦᠭᠦᠯᠵᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠲᠠᠯ᠎ᠠ ᠶᠢᠨ ᠦᠢᠯᠡᠴᠢᠯᠡᠭᠡᠨ ᠤ ᠬᠡᠯᠬᠢᠶ᠎ᠡ ᠶᠢ ᠡᠭᠦᠳᠦᠨ | ᠪᠠᠶᠢᠭᠤᠯᠵᠤ᠂ ᠬᠠᠮᠠᠭᠠᠯᠠᠵᠤ᠂ ᠬᠡᠷᠡᠭᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠠᠷᠠᠭᠤᠨ ᠣᠷᠣᠨ ᠳᠤ ᠦᠢᠯᠡᠴᠢᠯᠡᠨ ︽ | ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠢ ᠨᠥᠯᠥᠭᠡᠯᠡᠭᠰᠡᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠦᠢᠯᠡᠰ ᠪᠥᠭᠡᠮᠨᠡᠷᠡᠭᠰᠡᠨ ᠣᠷᠣᠨ ᠢ ᠪᠠᠶᠢᠭᠤᠯᠤᠨ᠎ᠠ᠃ | ᠲᠤᠰᠬᠠᠢ ᠠᠰᠢᠭ ᠢ ᠤᠯᠠᠷᠢᠭᠤᠯᠬᠤ᠂ ᠲᠠᠸᠠᠷ ᠤᠨ ᠲᠡᠮᠳᠡᠭ ᠲᠥᠷᠥᠯ ᠲᠡᠮᠳᠡᠭᠲᠦ᠂ ᠬᠡᠪᠯᠡᠯ ᠤᠨ ᠡᠷᠬᠡ ᠶᠢ ᠳᠠᠩᠰᠠᠯᠠᠬᠤ | ᠦᠷ᠎ᠡ ᠪᠦᠲᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠦᠨᠡᠨᠬᠦ ᠳᠡᠭᠡᠭᠰᠢᠯᠡᠭᠦᠯᠦᠨ ᠴᠢᠩᠭᠠᠳᠬᠠᠵᠤ᠂ | ᠬᠡᠪᠯᠡᠯ ᠤᠨ ᠡᠷᠬᠡ ᠶᠢᠨ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠣᠰ ᠬᠤᠲᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠬᠡᠯᠪᠡᠷᠢ ᠪᠠᠶᠢᠳᠠᠯ ᠤᠨ ᠬᠥᠭᠵᠢᠯᠲᠡ ᠶᠢ | ᠤᠯᠠᠮ ᠨᠢᠭᠡ ᠠᠯᠬᠤᠮ ᠠᠬᠢᠭᠤᠯᠵᠤ᠂ ᠣᠷᠣᠯᠠᠨ ᠭᠦᠢᠴᠡᠳᠬᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠬᠤ᠂ ᠮᠡᠳᠡᠭᠡ | ᠵᠠᠩᠭᠢ ᠶᠢ ᠠᠰᠢᠭᠯᠠᠬᠤ᠂ ᠪᠠᠶᠢᠯᠳᠤᠬᠤ ᠪᠣᠳᠣᠯᠭ᠎ᠠ ᠶᠢᠨ ᠵᠠᠳᠠᠯᠤᠯᠲᠠ ᠬᠢᠬᠦ᠂ ᠳᠠᠬᠢᠨ ᠰᠢᠭᠦᠬᠦ ᠵᠠᠷᠭᠤ᠂ ᠳᠡᠯᠭᠡᠨ | ᠦᠵᠡᠭᠦᠯᠵᠦ ᠠᠷᠠᠯᠵᠢᠶᠠᠯᠠᠬᠤ᠂ ᠥᠮᠴᠢᠯᠡᠬᠦ ᠡᠷᠬᠡ ᠶᠢᠨ ᠮᠥᠩᠭᠦᠨ ᠭᠦᠢᠯᠭᠡᠭᠡ᠂ ᠤᠬᠠᠭᠤᠯᠭ᠎ᠠ ᠪᠣᠯᠪᠠᠰᠤᠷᠠᠭᠤᠯᠤᠯ | ᠵᠡᠷᠭᠡ ᠭᠤᠭᠴᠤᠭ᠎ᠠ ᠶᠢ ᠬᠠᠮᠤᠷᠤᠭᠰᠠᠨ ᠦᠢᠯᠡᠴᠢᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ | 20. ᠲᠠᠸᠠᠷ ᠤᠨ ᠲᠡᠮᠳᠡᠭ ᠤᠨ ᠳᠠᠩᠰᠠᠯᠠᠯᠲᠠ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠥᠬᠡᠬᠤᠲᠠ ᠶᠢᠨ ᠲᠠᠸᠠᠷ ᠤᠨ ᠲᠡᠮᠳᠡᠭ ᠢ ᠭᠥᠯᠢᠶᠡᠨ ᠠᠪᠴᠤ ᠰᠢᠢᠳᠪᠦᠷᠢᠯᠡᠬᠦ ᠴᠣᠩᠬᠤᠨ ᠳᠤ ᠲᠦᠰᠢᠭᠯᠡᠨ᠂ | ᠲᠠᠸᠠᠷ ᠤᠨ ᠲᠡᠮᠳᠡᠭ ᠢ ᠳᠠᠩᠰᠠᠯᠠᠬᠤ᠂ ᠬᠤᠪᠢᠷᠠᠭᠤᠯᠬᠤ᠂ ᠬᠤᠳᠠᠯᠳᠤᠬᠤ᠂ ᠦᠷᠭᠦᠯᠵᠢᠯᠡᠨ ᠬᠡᠷᠡᠭᠯᠡᠬᠦ᠂ | ᠵᠥᠪᠰᠢᠶᠡᠷᠡᠯ ᠢ ᠳᠠᠩᠰᠠᠯᠠᠬᠤ᠂ ᠮᠠᠳ᠋ᠷᠢᠳ᠋ ᠤᠨ ᠲᠠᠸᠠᠷ ᠤᠨ ᠲᠡᠮᠳᠡᠭ ᠢ ᠳᠠᠩᠰᠠᠯᠠᠭᠤᠯᠬᠤ ᠪᠠᠷ ᠭᠤᠶᠤᠴᠢᠯᠠᠬᠤ ᠪᠥᠬᠦ | ᠬᠡᠯᠬᠢᠶᠡᠨ ᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠲᠠᠸᠠᠷ ᠤᠨ ᠲᠡᠮᠳᠡᠭ ᠢ ᠳᠠᠩᠰᠠᠯᠠᠬᠤ᠂ ᠮᠠᠳ᠋ᠷᠢᠳ᠋ ᠤᠨ | ᠲᠠᠸᠠᠷ ᠤᠨ ᠲᠡᠮᠳᠡᠭ ᠢ ᠳᠠᠩᠰᠠᠯᠠᠬᠤ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠨᠢᠭᠡ ᠴᠣᠭᠴᠠᠵᠢᠭᠤᠯᠤᠭᠰᠠᠨ | ᠬᠠᠮᠵᠢᠯᠴᠠᠭᠰᠠᠨ ᠦᠢᠯᠡᠴᠢᠯᠡᠭᠡ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠠᠸᠠᠷ ᠤᠨ | ᠲᠡᠮᠳᠡᠭ ᠢ ᠳᠠᠩᠰᠠᠯᠠᠬᠤ ᠪᠥᠬᠦ ᠲᠠᠯ᠎ᠠ ᠶᠢᠨ ︽ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ︾ ᠬᠠᠩᠭᠠᠨ᠎ᠠ᠃ | 21. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠯᠠᠨ ᠨᠡᠶᠢᠳᠡ ᠶᠢᠨ ᠦᠢᠯᠡᠴᠢᠯᠡᠭᠡᠨ ᠤ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠶᠢ ᠨᠢᠭᠡ | ᠴᠣᠭᠴᠠᠵᠢᠭᠤᠯᠤᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠠᠮᠢ ᠨᠠᠰᠤᠨ ᠤ ᠦᠶᠡᠯᠡᠯ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ︔ ︽ᠨᠢᠭᠡ ᠪᠦᠰᠡ ᠨᠢᠭᠡ ᠵᠠᠮ︾ ᠳᠠᠭᠠᠤ ᠶᠢᠨ | ᠬᠠᠮᠢᠶ᠎ᠠ ᠪᠦᠬᠦᠢ ᠤᠯᠤᠰ ᠪᠠ ᠭᠠᠵᠠᠷ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠭ᠎ᠠ | ᠪᠠᠷᠢᠮᠲᠠ ᠶᠢᠨ ᠡᠬᠢ ᠪᠠᠶᠠᠯᠢᠭ ᠢ ᠴᠤᠭᠯᠠᠭᠤᠯᠬᠤ᠂ ᠨᠡᠶᠢᠳᠬᠡᠬᠦ᠂ ᠬᠠᠳᠠᠭᠠᠯᠠᠬᠤ ᠪᠠ ᠬᠥᠲᠥᠯᠪᠦᠷᠢᠯᠡᠬᠦ ᠠᠵᠢᠯ ᠢ | ᠪᠡᠶᠡᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠮᠣ ᠳ᠋ᠠᠶᠢᠲ᠋ᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ︔ ᠪᠥᠬᠦ ᠨᠡᠶᠢᠭᠡᠮ ᠳᠤ ᠬᠠᠨᠳᠤᠭᠤᠯᠤᠨ ᠰᠠᠭᠤᠷᠢ ᠲᠤᠭ᠎ᠠ ᠪᠠᠷᠢᠮᠲᠠ ᠶᠢ | ᠰᠦᠢᠳᠬᠡᠯ ᠬᠤᠷᠢᠶᠠᠬᠤ ᠦᠭᠡᠢ ᠬᠠᠩᠭᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠬᠠᠨᠳᠤᠭᠤᠯᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠨᠠᠷᠢᠯᠢᠭ ᠣᠨᠣᠪᠴᠢᠲᠠᠢ ᠬᠦᠷᠭᠡᠬᠦ | ᠦᠢᠯᠡᠴᠢᠯᠡᠭᠡ ᠥᠷᠨᠢᠭᠦᠯᠦᠨ᠎ᠡ᠃ | 22. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠭ᠎ᠠ ᠪᠠᠷᠢᠮᠲᠠ ᠶᠢ ᠠᠰᠢᠭᠯᠠᠬᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠦᠷᠢᠶ᠎ᠡ ᠴᠠᠷᠠᠭ᠎ᠠ ᠶᠢ ᠨᠠᠷᠢᠨ ᠬᠤᠪᠢᠶᠠᠭᠰᠠᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠰᠡᠳᠦᠪᠲᠦ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠵᠠᠬ᠎ᠠ | ᠳᠡᠯᠭᠡᠭᠦᠷᠴᠢᠯᠡᠨ ᠨᠡᠭᠡᠭᠡᠨ ᠬᠥᠭᠵᠢᠭᠦᠯᠬᠦ ᠪᠠ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠭ᠎ᠠ ᠪᠠᠷᠢᠮᠲᠠ᠂ ᠬᠠᠤᠯᠢ ᠴᠠᠭᠠᠵᠠ ᠶᠢᠨ | ᠮᠡᠳᠡᠭᠡ ᠵᠠᠩᠭᠢ᠂ ᠵᠠᠬ᠎ᠠ ᠳᠡᠯᠭᠡᠭᠦᠷ ᠤᠨ ᠬᠥᠳᠡᠯᠦᠩᠭᠦᠢ ᠪᠠᠶᠢᠳᠠᠯ ᠵᠡᠷᠭᠡ ᠲᠤᠭ᠎ᠠ ᠪᠠᠷᠢᠮᠲᠠ ᠶᠢᠨ ᠡᠬᠢ ᠪᠠᠶᠠᠯᠢᠭ ᠢ | ᠨᠡᠶᠢᠳᠬᠡᠵᠦ᠂ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠶᠢᠯᠲᠠ᠂ | ᠵᠠᠳᠠᠯᠤᠯᠲᠠ᠂ ᠰᠡᠷᠡᠮᠵᠢᠯᠡᠭᠦᠯᠦᠯ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ | ᠬᠠᠩᠭᠠᠨ᠎ᠠ︔ ᠵᠠᠰᠠᠭ ᠤᠨ ᠣᠷᠳᠣᠨ ᠬᠤᠳᠠᠯᠳᠤᠨ ᠠᠪᠴᠤ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠬᠡᠯᠪᠡᠷᠢ ᠪᠠᠷ᠂ ᠭᠤᠣᠯ ᠬᠥᠭᠵᠢᠭᠰᠡᠨ ᠵᠠᠬ᠎ᠠ ᠳᠡᠯᠭᠡᠭᠦᠷ ᠤᠨ ᠲᠤᠰᠬᠠᠢ ᠠᠰᠢᠭ ᠤᠨ ᠳ᠋ᠠᠶᠢᠲ᠋ᠠ ᠬᠥᠮᠥᠷᠭᠡ ᠪᠠ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ | ᠬᠤᠳᠠᠯᠳᠤᠨ ᠠᠪᠴᠤ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠬᠥᠭᠵᠢᠯᠲᠡ ᠳᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠬᠠᠶᠢᠬᠤ ᠲᠠᠪᠴᠠᠩ ᠪᠠ ᠲᠤᠯᠭᠠᠭᠤᠷᠢᠯᠠᠬᠤ | ᠦᠢᠯᠡᠴᠢᠯᠡᠭᠡ ᠬᠠᠩᠭᠠᠨ᠎ᠠ᠃ | ︵ᠲᠠᠪᠤ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠤᠯ ᠢᠷᠭᠡᠨᠰᠢᠯ ᠤᠨ ᠣᠷᠴᠢᠨ | ᠲᠣᠭᠤᠷᠢᠨ ᠢ ᠪᠣᠶ ᠪᠣᠯᠭᠠᠵᠤ᠂ ᠴᠢᠳᠠᠪᠤᠷᠢᠲᠠᠨ ᠬᠥᠮᠥᠵᠢᠭᠦᠯᠬᠦ ᠥᠨᠳᠦᠷᠯᠢᠭ ᠢ ᠨᠠᠩ ᠥᠨᠳᠥᠷ ᠶᠠᠰᠤ | ᠴᠢᠨᠠᠷᠲᠠᠢ ᠡᠭᠦᠳᠦᠨ ᠪᠠᠶᠢᠭᠤᠯᠤᠨ᠎ᠠ | 23. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠤᠬᠠᠭᠤᠯᠭ᠎ᠠ ᠶᠢ | ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠠᠴᠢᠶᠠᠯᠠᠪᠤᠷᠢ ᠶᠢᠨ | ᠰᠢᠨ᠎ᠡ ᠶᠢ ᠡᠭᠦᠳᠴᠦ᠂ ᠪᠦᠬᠦ ᠨᠡᠶᠢᠭᠡᠮ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠮᠰᠠᠷ ᠢ | ᠴᠢᠩᠭᠠᠳᠬᠠᠨ᠎ᠠ︔ ᠲᠧᠯᠸᠢᠰ ᠬᠤᠷᠢᠶ᠎ᠠ᠂ ᠭᠤᠣᠯ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠳᠡᠭᠡᠷ᠎ᠡ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢ ᠴᠢᠩᠭᠠᠳᠬᠠᠵᠤ᠂ ᠰᠦᠯᠵᠢᠶ᠎ᠡ᠂ ᠪᠢᠴᠢᠯ | ᠪᠦᠷᠭᠡ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠮᠡᠳᠡᠭᠡ ᠵᠠᠩᠭᠢ ᠶᠢ ᠥᠷᠭᠡᠨ ᠢᠶᠠᠷ ᠳᠠᠮᠵᠢᠭᠤᠯᠤᠨ ᠬᠦᠷᠭᠡᠵᠦ᠂ ᠪᠦᠬᠦ ᠤᠯᠤᠰ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ᠂ ᠳᠤᠮᠳᠠᠳᠤ ᠤᠯᠤᠰ ᠤᠨ | ᠲᠤᠰᠬᠠᠢ ᠠᠰᠢᠭ ᠤᠨ ᠭᠠᠷᠠᠭ ᠵᠡᠷᠭᠡ ᠠᠵᠢᠯᠯᠠᠭ᠎ᠠ ᠶᠢ ᠠᠰᠢᠭᠯᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ︔ ︽ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠥᠭᠵᠢᠯᠲᠡ ᠬᠢᠭᠡᠳ ᠬᠠᠮᠠᠭᠠᠯᠠᠯᠲᠠ︾ ᠶᠢᠨ ᠮᠡᠳᠡᠭᠦᠯᠦᠯᠲᠡ ᠶᠢ ᠨᠠᠶᠢᠷᠠᠭᠤᠯᠤᠨ ᠨᠡᠶᠢᠲᠡᠯᠡᠵᠦ᠂ | ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ ᠲᠠᠢ ᠲᠣᠮᠣ ᠬᠡᠯᠪᠡᠷᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠠᠵᠢᠯᠯᠠᠭ᠎ᠠ ᠡᠷᠭᠢᠯᠡᠬᠦ ᠶᠢ ᠳᠡᠮᠵᠢᠨ᠎ᠡ︔ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠥᠬᠦ ᠣᠷᠣᠨ ᠳᠤ ᠬᠠᠨᠳᠤᠭᠤᠯᠤᠭᠰᠠᠨ ᠥᠨᠳᠥᠷ | ᠥᠷᠲᠡᠭᠲᠦ ᠲᠤᠰᠬᠠᠢ ᠠᠰᠢᠭ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ ᠢ ᠡᠷᠭᠢᠯᠡᠨ᠂ | ᠥᠨᠳᠥᠷ ᠥᠷᠲᠡᠭᠲᠦ ᠲᠤᠰᠬᠠᠢ ᠠᠰᠢᠭ ᠢ ᠪᠣᠶᠢᠵᠢᠭᠤᠯᠬᠤ ᠲᠤᠷᠰᠢᠯᠭ᠎ᠠ ᠪᠠᠨ ᠰᠣᠯᠢᠯᠴᠠᠵᠤ᠂ ᠲᠡᠷᠢᠭᠦᠨ ᠤ | ᠮᠡᠷᠭᠡᠵᠢᠯ ᠲᠠᠢ᠂ ᠵᠠᠬ᠎ᠠ ᠳᠡᠯᠭᠡᠭᠦᠷ ᠤᠨ ᠳᠠᠯᠳᠠ ᠬᠦᠴᠦᠨ ᠢᠶᠠᠷ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠥᠷᠥᠯ ᠵᠦᠢᠯ ᠢ ᠠᠭᠤᠳᠠᠯᠤᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠪᠠᠷᠠᠭᠠᠯᠬᠢᠯᠠᠯ ᠤᠨ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠦᠢᠯᠡᠰ ᠤᠨ ᠲᠦᠷᠭᠡᠨ ᠬᠥᠭᠵᠢᠬᠦ ᠳᠤ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠬᠠᠩᠭᠠᠨ᠎ᠠ︔ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠯᠭᠡ ᠶᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠠᠵᠢᠯᠯᠠᠭ᠎ᠠ ᠳᠤ ᠣᠷᠣᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠦᠨᠳᠦᠳᠬᠡᠵᠦ | ᠬᠠᠮᠠᠭᠠᠯᠠᠳᠠᠭ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ | 24. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠲᠤᠰᠬᠠᠢ ᠠᠰᠢᠭ ᠤᠨ ᠪᠣᠳᠠᠲᠠᠢ ᠠᠵᠢᠯ ᠤᠨ ᠴᠢᠳᠠᠪᠤᠷᠢᠲᠠᠨ ᠢ | ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠡᠵᠡᠩᠨᠡᠯᠲᠡ ᠶᠢᠨ ᠬᠡᠯᠪᠡᠷᠢ ᠶᠢᠨ᠂ ᠬᠠᠮᠢᠶᠠᠷᠤᠯᠲᠠ ᠶᠢᠨ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠦᠨ᠎ᠡ︔ ᠶᠡᠭᠡ | ᠳᠡᠭᠡᠳᠦ ᠵᠡᠷᠭᠡ ᠶᠢᠨ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨᠵᠢᠯᠡᠭᠡᠨ ᠤ | ᠬᠢᠴᠢᠶᠡᠯ ᠲᠥᠷᠥᠯ ᠤᠨ ᠪᠠᠶᠢᠭᠤᠯᠤᠯᠲᠠ ᠪᠠ ᠰᠤᠷᠤᠯᠭ᠎ᠠ ᠶᠢᠨ ᠨᠠᠮᠲᠠᠷ ᠤᠨ ᠬᠥᠮᠦᠵᠢᠯ ᠢᠶᠠᠨ ᠴᠢᠩᠭᠠᠳᠬᠠᠬᠤ ᠶᠢ | ᠳᠡᠮᠵᠢᠵᠦ᠂ ᠵᠠᠯᠠᠭᠤᠴᠤᠳ ᠪᠠᠭᠠᠴᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠡᠳᠡᠯᠭᠡ ᠶᠢ | ᠲᠦᠭᠡᠮᠡᠯᠵᠢᠭᠦᠯᠬᠦ ᠪᠠ ᠰᠤᠷᠭᠠᠨ ᠬᠥᠮᠥᠵᠢᠭᠦᠯᠬᠦ ᠠᠵᠢᠯ ᠢ ᠥᠷᠨᠢᠭᠦᠯᠦᠨ᠎ᠡ᠃ ᠨᠠᠮ ᠵᠠᠰᠠᠭ ᠤᠨ ᠤᠳᠤᠷᠢᠳᠬᠤ | ᠺᠠᠳ᠋ᠷᠴᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠳᠦᠰᠦᠨ | ᠮᠡᠳᠡᠯᠭᠡ ᠶᠢ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠪᠣᠯᠪᠠᠰᠤᠷᠠᠭᠤᠯᠤᠯ ᠤᠨ | ᠠᠭᠤᠯᠭ᠎ᠠ ᠳᠤ ᠣᠷᠣᠭᠤᠯᠵᠤ᠂ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | 25. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ | ᠴᠢᠩᠭᠠᠳᠬᠠᠨ᠎ᠠ᠃ ︽ᠨᠢᠭᠡ ᠪᠦᠰᠡ ᠨᠢᠭᠡ ᠵᠠᠮ︾ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠣᠶᠤᠨ ᠤ ᠬᠥᠮᠥᠷᠭᠡ ᠶᠢ ᠪᠠᠶᠢᠭᠤᠯᠤᠨ᠎ᠠ︔ ᠶᠡᠭᠡ ᠳᠡᠭᠡᠳᠦ ᠰᠤᠷᠭᠠᠭᠤᠯᠢ ᠳᠤ ᠲᠦᠰᠢᠭᠯᠡᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠡᠭᠡᠳᠦ ᠰᠤᠷᠭᠠᠭᠤᠯᠢ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠰᠤᠳᠤᠯᠭᠠᠨ ᠤ ᠬᠦᠷᠢᠶᠡᠯᠡᠩ ᠢ 1—2 ᠢ ᠪᠠᠶᠢᠭᠤᠯᠵᠤ᠂ ᠳᠤᠮᠳᠠᠳᠤ ᠮᠣᠩᠭᠤᠯ ᠣᠷᠣᠰ ᠤᠨ ᠣᠯᠠᠨ | ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠮᠣᠩᠭᠤᠯ᠂ ᠣᠷᠣᠰ ᠤᠨ ᠶᠡᠭᠡ ᠳᠡᠭᠡᠳᠦ ᠰᠤᠷᠭᠠᠭᠤᠯᠢ᠂ | ᠰᠤᠳᠤᠯᠭᠠᠨ ᠤ ᠪᠠᠶᠢᠭᠤᠯᠤᠮᠵᠢ ᠲᠠᠢ ᠬᠠᠮᠲᠤᠷᠠᠨ᠂ ᠣᠨᠣᠯ ᠪᠠ ᠦᠢᠯᠡᠳᠦᠯᠭᠡ ᠶᠢᠨ ᠰᠤᠳᠤᠯᠭᠠᠨ᠂ ᠰᠤᠷᠭᠠᠨ | ᠬᠥᠮᠦᠵᠢᠯ ᠤᠨ ᠪᠣᠯᠪᠠᠰᠤᠷᠠᠭᠤᠯᠤᠯ᠂ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠵᠡᠷᠭᠡ ᠶᠢ ᠥᠷᠨᠢᠭᠦᠯᠵᠦ᠂ ︽ᠨᠢᠭᠡ | ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠳᠤ ᠳᠠᠶᠠᠭᠠᠷᠴᠢᠯᠠᠭᠰᠠᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠶᠡᠷᠦᠩᠬᠡᠶᠢᠯᠡᠭᠰᠡᠨ ᠴᠢᠳᠠᠪᠤᠷᠢᠲᠠᠨ ᠢ ᠬᠥᠮᠥᠵᠢᠭᠦᠯᠦᠨ᠎ᠡ︔ ᠠᠵᠤ | ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠳᠡᠭᠡᠳᠦ ᠲᠠᠰ ᠳᠠᠪᠬᠤᠷᠭ᠎ᠠ ᠶᠢᠨ | ᠬᠠᠮ ᠬᠡᠯᠪᠡᠷᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠢᠳᠡᠪᠬᠢᠲᠡᠢ ᠪᠠᠷ ᠣᠷᠣᠭᠤᠯᠤᠨ ᠠᠪᠴᠢᠷᠠᠬᠤ ᠶᠢ ᠳᠡᠮᠵᠢᠵᠦ᠂ ᠴᠢᠳᠠᠪᠤᠷᠢᠲᠠᠨ ᠤ ᠡᠷᠦᠬᠡ ᠠᠮᠠ | ᠣᠷᠣᠬᠤ᠂ ᠡᠮᠴᠢᠯᠡᠭᠡᠨ ᠤ ᠦᠢᠯᠡᠴᠢᠯᠡᠭᠡ᠂ ᠦᠷ᠎ᠡ ᠬᠡᠦᠬᠡᠳ ᠤᠨ ᠰᠤᠷᠭᠠᠨ ᠬᠥᠮᠦᠵᠢᠯ᠂ ᠣᠷᠣᠨ ᠰᠠᠭᠤᠴᠠ ᠶᠢᠨ | ᠪᠠᠲᠤᠯᠠᠭ᠎ᠠ ᠵᠡᠷᠭᠡ ᠲᠠᠯ᠎ᠠ ᠶᠢᠨ ᠨᠠᠷᠢᠯᠢᠭ ᠣᠨᠣᠪᠴᠢᠲᠠᠢ᠂ ᠪᠥᠬᠦ ᠲᠠᠯ᠎ᠠ ᠶᠢᠨ ᠳᠡᠮᠵᠢᠯᠭᠡ ᠶᠢ ᠦᠨᠡᠨᠬᠦ ᠴᠢᠩᠭᠠᠳᠬᠠᠨ᠎ᠠ᠃ | ︵ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠨᠠᠩ ᠥᠨᠳᠥᠷ ᠲᠠᠰ ᠳᠠᠪᠬᠤᠷᠭ᠎ᠠ ᠪᠠᠷ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠳᠤ | ᠬᠦᠴᠦᠨ ᠨᠡᠮᠡᠷᠢᠯᠡᠨ᠎ᠡ | 26. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ᠃ ᠤᠮᠠᠷᠠᠲᠤ ᠣᠷᠣᠨ᠂ ᠪᠠᠷᠠᠭᠤᠨ ᠣᠷᠣᠨ ᠤ ᠬᠤᠲᠠ ᠪᠠ ᠳᠡᠳ᠋ ᠮᠤᠵᠢ ᠶᠢᠨ ᠱᠠᠲᠤᠨ ᠤ | ᠬᠤᠲᠠ ᠯᠤᠭ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠮᠲᠤᠷᠠᠯᠴᠠᠭᠠᠨ ᠤ | ᠲᠣᠭᠲᠠᠴᠠ ᠶᠢ ᠪᠠᠶᠢᠭᠤᠯᠵᠤ᠂ ᠳᠠᠶᠠᠭᠠᠷᠴᠢᠯᠠᠭᠰᠠᠨ ᠨᠡᠭᠡᠭᠡᠯᠲᠡ ᠲᠠᠢ ᠰᠢᠨ᠎ᠡ ᠶᠢ ᠡᠭᠦᠳᠬᠦ ᠰᠢᠰᠲ᠋ᠧᠮᠵᠢ ᠶᠢ | ᠪᠠᠶᠢᠭᠤᠯᠤᠨ᠎ᠠ︔ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠭᠠᠵᠠᠷ ᠣᠷᠣᠨ ᠯᠤᠭ᠎ᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠠᠷᠢᠯᠴᠠᠨ ᠰᠤᠷᠪᠤᠯᠵᠢᠯᠠᠨ ᠰᠣᠯᠢᠯᠴᠠᠬᠤ᠂ | ᠬᠤᠷᠠᠯ ᠢᠶᠠᠷ ᠰᠤᠳᠤᠯᠤᠨ ᠶᠠᠷᠢᠯᠴᠠᠬᠤ ᠵᠡᠷᠭᠡ ᠬᠡᠯᠪᠡᠷᠢ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠳᠠᠶᠠᠭᠠᠷᠴᠢᠯᠠᠭᠰᠠᠨ ᠰᠣᠯᠢᠯᠴᠠᠭ᠎ᠠ ᠬᠠᠮᠳᠤᠷᠠᠯᠴᠠᠭᠠᠨ ᠤ ᠲᠠᠪᠴᠠᠩ ᠢ ᠪᠠᠶᠢᠭᠤᠯᠤᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠲᠤᠷᠠᠭᠰᠠᠨ | ᠬᠤᠷᠠᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠮᠥᠷᠳᠡᠵᠦ ᠦᠨᠡᠯᠡᠨ ᠵᠢᠱᠢᠵᠦ ᠬᠢᠨᠠᠨ ᠰᠢᠯᠭᠠᠬᠤ ᠲᠣᠭᠲᠠᠴᠠ ᠶᠢ | ᠪᠠᠶᠢᠭᠤᠯᠵᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠲᠣᠳᠣᠷᠬᠠᠢ ᠪᠠᠭᠤᠯᠭᠠᠵᠤ᠂ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ ᠡᠮᠬᠢ ᠵᠢᠷᠤᠮ ᠲᠠᠢ ᠥᠷᠨᠢᠭᠦᠯᠵᠦ ᠴᠠᠭ ᠲᠤᠬᠠᠢ ᠳᠤᠨᠢ ᠪᠡᠶᠡᠯᠡᠭᠦᠯᠬᠦ ᠶᠢ | ᠦᠨᠡᠨᠬᠦ ᠪᠠᠲᠤᠯᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠬᠤᠰᠢᠭᠤ ᠰᠢᠶᠠᠨ | ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠪᠠ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠬᠦ ᠰᠢᠰᠲ᠋ᠧᠮᠵᠢ ᠳᠤ ᠣᠷᠣᠭᠤᠯᠵᠤ᠂ ᠬᠢᠨᠠᠨ ᠰᠢᠯᠭᠠᠭᠰᠠᠨ | ᠦᠷ᠎ᠡ ᠳ᠋ᠦᠩ ᠢ ᠤᠳᠤᠷᠢᠳᠬᠤ ᠪᠠᠭ ᠪᠠ ᠤᠳᠤᠷᠢᠳᠬᠤ ᠺᠠᠳ᠋ᠷ ᠢ ᠶᠡᠷᠦᠩᠬᠡᠶᠢᠯᠡᠨ ᠦᠨᠡᠯᠡᠨ ᠰᠢᠯᠭᠠᠬᠤ ᠴᠢᠬᠤᠯᠠ | ᠦᠨᠳᠦᠰᠦᠯᠡᠯ ᠪᠣᠯᠭᠠᠨ᠎ᠠ᠃ | ︵ᠬᠤᠶᠠᠷ︶ ᠪᠡᠯᠡ ᠮᠦᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ | ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ | ᠣᠷᠣᠨ ᠤ ᠪᠡᠯᠡ ᠮᠥᠩᠭᠦ ᠶᠢᠨ ᠠᠷᠭ᠎ᠠ ᠵᠠᠮ ᠤᠨ ᠲᠤᠯᠭᠠᠭᠤᠷᠢᠯᠠᠯ ᠢ ᠢᠳᠡᠪᠬᠢᠲᠡᠢ ᠲᠡᠮᠡᠴᠡᠨ ᠣᠯᠵᠤ᠂ ᠱᠠᠩᠨᠠᠯ ᠤᠨ | ᠪᠡᠯᠡ ᠮᠥᠩᠭᠦ ᠶᠢ ᠪᠣᠳᠠᠲᠠᠢ ᠣᠯᠭᠤᠬᠤ ᠶᠢ ᠦᠨᠡᠨᠬᠦ ᠪᠠᠲᠤᠯᠠᠨ᠎ᠠ᠃ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠲᠥᠰᠥᠪ ᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠪᠡᠯᠡ ᠮᠥᠩᠭᠦ ᠶᠢ ᠲᠤᠬᠠᠢ ᠶᠢᠨ ᠵᠢᠯ ᠤᠨ ᠰᠠᠯᠠᠭ᠎ᠠ ᠮᠥᠴᠢᠷ ᠤᠨ | ᠲᠥᠰᠥᠪ ᠲᠤ ᠵᠢᠭᠰᠠᠭᠠᠨ ᠣᠷᠣᠭᠤᠯᠵᠤ᠂ ᠲᠥᠪ ᠤᠨ ᠡᠳ᠋ ᠤᠨ ᠵᠠᠰᠠᠭ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠡᠷᠡᠭ ᠶᠠᠪᠤᠳᠠᠯ ᠤᠨ ᠵᠠᠷᠤᠯᠭ᠎ᠠ ᠶᠢᠨ ᠲᠥᠰᠥᠪ ᠶᠣᠰᠣᠭᠠᠷ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ ᠬᠠᠤᠯᠢ ᠶᠣᠰᠣᠭᠠᠷ | ᠪᠡᠯᠡ ᠲᠣᠬᠢᠷᠠᠭᠤᠯᠭ᠎ᠠ ᠶᠢ ᠥᠷᠭᠡᠳᠬᠡᠨ᠂ ᠵᠠᠬ᠎ᠠ ᠳᠡᠯᠭᠡᠭᠦᠷ ᠤᠨ ᠠᠵᠢᠯᠯᠠᠭᠠᠨ ᠤ ᠰᠢᠨ᠎ᠡ ᠶᠢ ᠡᠭᠦᠳᠴᠦ᠂ ᠨᠡᠶᠢᠭᠡᠮ ᠤᠨ | ᠪᠡᠯᠡ ᠮᠥᠩᠭᠦ ᠶᠢᠨ ᠣᠷᠣᠭᠤᠯᠤᠯᠲᠠ ᠶᠢ ᠬᠥᠲᠥᠯᠥᠨ ᠵᠢᠯᠤᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠥᠭᠵᠢᠯᠲᠡ ᠶᠢᠨ ᠪᠡᠯᠡ ᠮᠥᠩᠭᠦ ᠴᠤᠭᠯᠠᠭᠤᠯᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃ | ︵ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢ ᠴᠢᠩᠭᠠᠳᠬᠠᠨ᠎ᠠ | ᠤᠯᠤᠰ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠂ | ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠡᠳ᠋ ᠪᠠᠷᠠᠭᠠᠨ ᠤ ᠰᠦᠯᠵᠢᠶ᠎ᠡ᠂ ᠵᠠᠩᠭᠢ ᠶᠢᠨ ᠴᠥᠷᠬᠡᠯᠡᠭᠡ ᠵᠡᠷᠭᠡ | ᠮᠡᠷᠭᠡᠵᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠳᠤᠮᠳᠠᠬᠢ ᠡᠷᠬᠡ ᠳᠤ | ᠬᠠᠯᠳᠠᠵᠤ ᠬᠠᠭᠤᠷᠮᠠᠭᠯᠠᠨ ᠦᠶᠯᠡᠳᠬᠦ ᠶᠢ ᠡᠬᠢ ᠡᠭᠦᠰᠦᠯ ᠠᠴᠠ ᠨᠢ ᠮᠥᠷᠳᠡᠬᠦ᠂ ᠲᠤᠬᠠᠢ ᠶᠢᠨ ᠴᠠᠭ ᠲᠤᠨᠢ ᠬᠢᠨᠠᠨ | ᠬᠡᠮᠵᠢᠬᠦ᠂ ᠰᠦᠯᠵᠢᠶᠡᠨ ᠳᠡᠭᠡᠷ᠎ᠡ ᠢᠯᠭᠠᠨ ᠲᠠᠨᠢᠬᠤ᠂ ᠰᠦᠯᠵᠢᠶᠡᠨ ᠳᠡᠭᠡᠷᠡᠬᠢ ᠭᠡᠷᠡᠴᠢ ᠪᠠᠷᠢᠮᠲᠠ ᠶᠢ ᠬᠠᠮᠠᠭᠠᠯᠠᠨ | ᠬᠠᠳᠠᠭᠠᠯᠠᠬᠤ᠂ ᠡᠯᠧᠺᠲᠷᠣᠨ ᠭᠡᠷᠡᠴᠢ ᠪᠣᠳᠠᠰ ᠣᠯᠬᠤ ᠵᠡᠷᠭᠡ ᠴᠢᠳᠠᠮᠵᠢ ᠶᠢ ᠭᠦᠢᠴᠡᠳ ᠬᠡᠷᠡᠭᠯᠡᠨ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠠᠵᠢᠯᠯᠠᠭ᠎ᠠ ᠶᠢ ᠬᠢᠨᠠᠨ ᠲᠣᠭᠲᠠᠭᠠᠬᠤ᠂ ᠬᠤᠬᠢᠷᠠᠯ ᠢ ᠦᠨᠡᠯᠡᠨ | ᠵᠢᠱᠢᠬᠦ᠂ ᠣᠨᠣᠪᠴᠢᠲᠠᠢ ᠪᠠᠷ ᠴᠣᠬᠢᠯᠲᠠ ᠥᠭᠬᠦ ᠴᠢᠳᠠᠪᠤᠷᠢ ᠶᠢ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠬᠠᠤᠯᠢ ᠴᠠᠭᠠᠵᠠ ᠶᠢᠨ ᠲᠣᠨᠣᠭᠯᠠᠯ ᠢ | ᠣᠳᠣᠬᠢᠴᠢᠯᠠᠬᠤ᠂ ᠣᠶᠣᠨᠴᠢᠯᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠳᠥᠷᠪᠡ︶ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ | ᠡᠩᠨᠡᠭᠡ ᠶᠢ ᠴᠢᠨᠠᠷ ᠰᠠᠶᠢᠲᠠᠢ ᠪᠤᠵᠠᠭᠠᠶᠢᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠪᠤᠶᠤ ᠣᠯᠠᠨ ᠤᠯᠤᠰ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ | ᠵᠡᠷᠭᠡ ᠣᠶᠤᠨ ᠤ ᠬᠥᠮᠥᠷᠭᠡ ᠶᠢᠨ ᠪᠠᠶᠢᠭᠤᠯᠤᠮᠵᠢ ᠶᠢ ᠰᠦᠪᠡᠭᠴᠢᠯᠡᠨ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠭᠡᠳ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ | ᠰᠤᠷᠤᠯᠴᠠᠵᠤ ᠰᠣᠯᠢᠯᠴᠠᠬᠤ ᠲᠣᠭᠲᠠᠴᠠ ᠶᠢ ᠪᠠᠶᠢᠭᠤᠯᠤᠨ᠂ ᠰᠢᠨ᠎ᠡ ᠴᠠᠭ ᠦᠶ᠎ᠡ ᠳᠤ ᠲᠣᠬᠢᠷᠠᠭᠰᠠᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠴᠢᠳᠠᠯ ᠲᠠᠢ ᠺᠠᠳ᠋ᠷᠴᠤᠳ ᠤᠨ ᠡᠩᠨᠡᠭᠡ ᠶᠢ ᠪᠠᠶᠢᠭᠤᠯᠤᠨ᠎ᠠ᠃ | | |