ᠬᠥᠬᠡᠬᠤᠲᠠ ᠵᠠᠰᠠᠭ ᠲᠠᠷᠬᠠᠭᠠᠭᠰᠠᠨ ﹇2022﹈ 47 ᠳ᠋ᠤᠭᠠᠷ ᠲᠣᠭᠠᠲᠤ | 2022 ᠣᠨ ᠤ 12 ᠳ᠋ᠤᠭᠠᠷ ᠰᠠᠷ᠎ᠠ ᠶᠢᠨ 9 ᠤ ᠡᠳᠦᠷ | | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | ᠡᠳᠦᠭᠡ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ | ᠵᠢᠯ ᠤᠨ ᠡᠨᠧᠷᠭᠢ ᠠᠷᠪᠢᠯᠠᠬᠤ ᠲᠥᠯᠥᠪᠵᠢᠭᠦᠯᠭᠡ﹀ ᠶᠢ ᠨᠠᠶᠢᠳᠠᠪᠤᠷᠢᠵᠢᠭᠤᠯᠬᠤ ᠠᠵᠢᠯ ᠤᠨ ᠲᠥᠰᠦᠯ︾ ᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠰᠠᠶᠢᠲᠤᠷ ᠠᠳᠬᠤᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠡᠨᠧᠷᠭᠢ ᠠᠷᠪᠢᠯᠠᠬᠤ ᠲᠥᠯᠥᠪᠵᠢᠭᠦᠯᠭᠡ︾ ᠶᠢ ᠨᠠᠶᠢᠳᠠᠪᠤᠷᠢᠵᠢᠭᠤᠯᠬᠤ ᠠᠵᠢᠯ ᠤᠨ ᠲᠥᠰᠦᠯ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠡᠨᠧᠷᠭᠢ ᠠᠷᠪᠢᠯᠠᠬᠤ ᠲᠥᠯᠥᠪᠵᠢᠭᠦᠯᠭᠡ︾ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ | ᠬᠤᠳᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠨᠧᠷᠭᠢ ᠶᠢᠨ ᠬᠤᠷᠤᠭᠳᠠᠯ ᠤᠨ | ᠬᠤᠣᠰ ᠡᠵᠡᠮᠳᠡᠯ ᠤᠨ ᠬᠠᠷᠠᠯᠲᠠ ᠶᠢᠨ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠶᠢᠨ ᠲᠤᠰᠠᠲᠠ᠂ ᠲᠤᠰ ᠬᠡᠷᠡᠭᠵᠢᠭᠦᠯᠬᠦ | ᠲᠥᠰᠦᠯ ᠢ ᠲᠣᠭᠲᠠᠭᠠᠪᠠ᠃ | | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ | ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ | ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠬᠤᠲᠠ ᠶᠢᠨ ᠠᠷᠪᠠᠨ ᠭᠤᠷᠪᠠᠳᠤᠭᠠᠷ | ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ᠭᠤᠷᠪᠠᠨ ᠬᠤᠲᠠ︾ ᠶᠢ | ᠡᠭᠦᠳᠦᠨ ᠪᠦᠲᠦᠭᠡᠬᠦ ᠪᠠᠷ ᠴᠢᠷᠮᠠᠶᠢᠬᠤ᠂ ︽ᠳᠥᠷᠪᠡᠨ ᠣᠷᠣᠨ ᠪᠦᠰᠡ ᠶᠢᠨ ᠲᠥᠪ︾ ᠢ ᠪᠠᠶᠢᠭᠤᠯᠬᠤ᠂ ︽ᠳᠥᠷᠪᠡᠨ | ᠶᠡᠭᠡ ᠠᠵᠤ ᠠᠬᠤᠶ ᠶᠢᠨ ᠲᠣᠭᠤᠷᠢᠭ︾ ᠲᠤ ᠠᠭᠤᠰᠤᠯᠴᠠᠬᠤ ᠶᠢ ᠠᠬᠢᠭᠤᠯᠬᠤ᠂ ︽ᠲᠠᠪᠤᠨ ᠲᠣᠬᠢᠷᠠᠮᠵᠢᠲᠠᠶ ᠬᠤᠲᠠ︾ | ᠶᠢ ᠪᠦᠲᠦᠭᠡᠨ ᠪᠠᠶᠢᠭᠤᠯᠬᠤ᠂ ︽ᠵᠢᠷᠭᠤᠭᠠᠨ ᠲᠤᠮᠤ ᠠᠵᠤ ᠦᠢᠯᠡᠰ ᠤᠨ ᠪᠦᠭᠡᠮᠨᠡᠷᠡᠯ︾ ᠢ ᠪᠤᠶᠢᠵᠢᠭᠤᠯᠬᠤ | ᠬᠠᠷᠠᠯᠲᠠ ᠶᠢᠨ ᠲᠤᠭᠤᠷᠢᠨ ᠳᠤ᠂ ᠠᠮᠢ ᠠᠬᠤᠶ ᠶᠢ ᠤᠷᠢᠳᠠᠪᠠᠷ ᠪᠤᠳᠤᠯᠬᠢᠯᠠᠭᠰᠠᠨ᠂ ᠪᠣᠬᠢᠷᠲᠤᠯ ᠥᠬᠡᠶ | ᠬᠦᠭᠵᠢᠯᠲᠡ ᠶᠢᠨ ᠤᠶᠢᠯᠠᠭᠠᠭᠳᠠᠬᠤᠨ ᠢ ᠪᠠᠲᠤ ᠴᠤᠭᠴᠠᠯᠠᠵᠤ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ | ᠰᠤᠷᠪᠤᠯᠵᠢ ᠶᠢᠨ ᠪᠦᠲᠦᠴᠡ ᠶᠢ ᠢᠳᠡᠪᠬᠢᠲᠡᠶ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ︽ᠬᠤᠶᠠᠷ ᠶᠡᠬᠡᠲᠡᠢ︾ | ᠲᠦᠷᠦᠯ ᠵᠦᠢᠯ ᠢ ᠰᠤᠬᠤᠷ ᠪᠠᠯᠠᠢ ᠪᠠᠷ ᠬᠦᠭᠵᠢᠭᠦᠯᠬᠦ ᠶᠢ ᠡᠷᠡᠰ ᠬᠤᠷᠢᠭᠯᠠᠨ ᠵᠤᠭᠰᠤᠭᠠᠵᠤ᠂ ᠠᠵᠤ ᠦᠢᠯᠡᠳᠪᠦᠷᠢ᠂ | ᠡᠨᠧᠷᠭᠢ᠂ ᠪᠠᠷᠢᠯᠭ᠎ᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ᠂ ᠣᠯᠠᠨ ᠨᠡᠶᠢᠲᠡ ᠶᠢᠨ ᠪᠠᠶᠢᠭᠤᠯᠤᠮᠵᠢ᠂ | ᠠᠷᠠᠯᠵᠢᠶ᠎ᠡ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠡᠨᠧᠷᠭᠢ ᠶᠢ | ᠠᠷᠪᠢᠯᠠᠨ ᠬᠤᠷᠣᠭᠳᠠᠯ ᠢ ᠪᠠᠭᠠᠰᠬᠠᠬᠤ ᠶᠢ ᠪᠦᠬᠦ ᠲᠠᠯ᠎ᠠ ᠪᠠᠷ ᠳᠦᠯᠬᠢᠨ ᠠᠬᠢᠭᠤᠯᠵᠤ᠂ ᠡᠨᠧᠷᠭᠢ ᠠᠷᠪᠢᠯᠠᠬᠤ | ᠭᠤᠣᠯᠳᠠᠯᠭ᠎ᠠ ᠲᠠᠢ ᠪᠠᠷᠢᠯᠭ᠎ᠠ ᠶᠢ ᠶᠡᠬᠡᠪᠡᠷ ᠬᠡᠷᠡᠭᠵᠢᠭᠦᠯᠵᠦ᠂ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢᠨ | ᠬᠢᠵᠠᠭᠠᠷᠯᠠᠯ ᠢ ᠴᠢᠩᠳᠠᠯᠠᠨ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠵᠦᠢ ᠵᠣᠬᠢᠰᠲᠠᠶ | ᠬᠢᠵᠠᠭᠠᠷᠯᠠᠵᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠴᠤ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ | ᠪᠤᠯᠭᠠᠵᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠤᠯᠭᠠᠭᠰᠠᠨ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ | ᠣᠷᠣᠯᠴᠠᠭᠰᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠲᠦᠯᠬᠢᠨ ᠠᠬᠢᠭᠤᠯᠬᠤ | ᠰᠢᠰᠲ᠋ᠧᠮ ᠢ ᠲᠡᠭᠦᠯᠳᠡᠷᠵᠢᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠡᠨᠧᠷᠭᠢ ᠶᠢᠨ ᠬᠤᠷᠤᠭᠳᠠᠯ ᠤᠨ ᠬᠤᠣᠰ ᠡᠵᠡᠮᠳᠡᠯ ᠤᠨ ᠬᠠᠷᠠᠯᠲᠠ ᠶᠢ ᠪᠡᠶᠡᠯᠡᠭᠦᠯᠵᠦ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠰᠠᠭᠠᠷᠮᠠᠭᠵᠢᠭᠤᠯᠬᠤ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠳᠤ ᠪᠠᠲᠤ ᠪᠠᠬᠢ ᠰᠠᠭᠤᠷᠢ | ᠲᠠᠯᠪᠢᠨ᠎ᠠ᠃ | | ᠬᠤᠶᠠᠷ᠂ ᠦᠨᠳᠦᠰᠦᠨ ᠵᠠᠷᠴᠢᠮ | ᠠᠮᠢ ᠠᠬᠤᠶ ᠶᠢ ᠤᠷᠢᠳᠠᠪᠠᠷ ᠪᠤᠳᠤᠯᠬᠢᠯᠠᠭᠰᠠᠨ᠂ ᠪᠣᠬᠢᠷᠲᠤᠯ ᠦᠭᠡᠢ ᠬᠦᠭᠵᠢᠯᠲᠡ ᠶᠢ ᠪᠠᠷᠢᠮᠲᠠᠯᠠᠨ᠎ᠠ᠃ ᠠᠮᠢ | ᠠᠬᠤᠢ ᠶᠢᠨ ᠣᠷᠴᠢᠨ ᠲᠣᠭᠤᠷᠢᠨ ᠤ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠤᠢ ᠪᠣᠯᠭᠠᠵᠤ᠂ ︽ | ᠭᠤᠷᠪᠠᠨ ᠱᠤᠭᠤᠮ ᠨᠢᠭᠡ ᠬᠠᠭᠤᠳᠠᠰᠤ︾ ᠶᠢᠨ ᠱᠠᠭᠠᠷᠳᠠᠯᠭ᠎ᠠ ᠶᠣᠰᠣᠭᠠᠷ᠂ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ | ᠬᠠᠷᠠᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠬᠢ | ᠪᠠᠶᠠᠯᠢᠭ ᠢ ᠪᠥᠬᠦ ᠲᠠᠯ᠎ᠠ ᠪᠠᠷ ᠠᠷᠪᠢᠯᠠᠵᠤ ᠡᠷᠴᠢᠮᠵᠢᠭᠦᠯᠦᠨ ᠮᠠᠨ ᠤ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠤᠷᠬᠢᠯ ᠳᠤ ᠬᠦᠷᠭᠡᠬᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠬᠥᠭᠵᠢᠯᠲᠡ ᠶᠢᠨ ᠶᠡᠭᠡ | ᠲᠠᠯ᠎ᠠ ᠳᠤ ᠠᠭᠤᠰᠤᠯᠳᠤᠭᠤᠯᠵᠤ᠂ ᠪᠣᠬᠢᠷᠲᠤᠯ ᠥᠬᠡᠶ ᠠᠷᠢᠭᠤᠨ ᠴᠡᠪᠡᠷ ᠦᠢᠯᠡᠳᠪᠦᠷᠢᠯᠡᠯ᠂ ᠤᠯᠠᠮᠵᠢᠯᠠᠯᠲᠤ ᠦᠢᠯᠡᠳᠬᠦ | ᠦᠢᠯᠡᠰ ᠤᠨ ᠪᠣᠬᠢᠷᠲᠤᠯ ᠥᠬᠡᠶ ᠥᠭᠡᠷᠡᠴᠢᠯᠡᠯᠲᠡ ᠶᠢ ᠳᠥᠯᠭᠢᠨ ᠠᠬᠢᠭᠤᠯᠵᠤ᠂ ︽ᠬᠤᠶᠠᠷ ᠶᠡᠬᠡᠲᠡᠢ︾ ᠲᠦᠷᠦᠯ | ᠵᠦᠢᠯ ᠢ ᠰᠤᠬᠤᠷ ᠪᠠᠯᠠᠢ ᠪᠠᠷ ᠬᠦᠭᠵᠢᠭᠦᠯᠬᠦ ᠶᠢ ᠡᠷᠡᠰ ᠬᠤᠷᠢᠭᠯᠠᠨ ᠵᠤᠭᠰᠤᠭᠠᠵᠤ᠂ ᠡᠬᠢ ᠡᠭᠦᠰᠦᠯ ᠠᠴᠠ ᠨᠢ | ᠪᠠᠭᠠᠰᠬᠠᠵᠤ᠂ ᠡᠨᠧᠷᠭᠢ ᠠᠷᠪᠢᠯᠠᠬᠤ᠂ ᠬᠤᠷᠣᠭᠳᠠᠯ ᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠦᠷ᠎ᠡ ᠠᠰᠢᠭ ᠢ | ᠨᠡᠮᠡᠭᠳᠡᠭᠦᠯᠬᠦ ᠶᠢ ᠵᠤᠬᠢᠴᠠᠯᠳᠤᠭᠤᠯᠤᠨ ᠠᠬᠢᠭᠤᠯᠤᠨ᠎ᠠ᠃ | ᠡᠨᠧᠷᠭᠢ ᠶᠢᠨ ᠠᠰᠢᠭᠯᠠᠮᠵᠢ ᠶᠢ ᠪᠠᠷᠢᠮᠵᠢᠶ᠎ᠠ ᠳᠤ ᠬᠦᠷᠭᠡᠬᠦ ᠪᠠ ᠡᠨᠧᠷᠭᠢ ᠶᠢᠨ ᠵᠦᠢ ᠵᠣᠬᠢᠰᠲᠠᠶ ᠬᠡᠷᠡᠭᠯᠡᠯᠲᠡ ᠶᠢ | ᠪᠠᠲᠤᠯᠠᠬᠤ ᠶᠢ ᠪᠠᠷᠢᠮᠲᠠᠯᠠᠨ᠎ᠠ᠃ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠢᠵᠠᠭᠠᠷᠯᠠᠯ ᠢ ᠴᠢᠩᠳᠠᠯᠠᠵᠤ᠂ | ᠭᠤᠤᠯᠳᠠᠯᠭ᠎ᠠ ᠲᠠᠢ ᠬᠦᠷᠢᠶᠡᠨ ᠤ ᠡᠨᠧᠷᠭᠢ ᠶᠢᠨ ᠠᠰᠢᠭᠯᠠᠮᠵᠢ ᠶᠢ ᠪᠠᠷᠢᠮᠵᠢᠶ᠎ᠠ ᠳᠤ ᠬᠠᠷᠭᠤᠭᠤᠯᠤᠨ᠂ ᠡᠨᠧᠷᠭᠢ᠂ | ᠪᠣᠯᠣᠳ ᠲᠡᠮᠦᠷ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠠᠵᠤ | ᠦᠢᠯᠡᠳᠪᠦᠷᠢ ᠵᠡᠷᠭᠡ ᠠᠵᠢᠯ ᠲᠦᠷᠦᠯ ᠤᠨ ᠠᠰᠢᠭᠯᠠᠮᠵᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ ᠶᠢ ᠪᠡᠶᠡᠯᠡᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠬᠡᠷᠡᠭᠯᠡᠬᠦ ᠶᠡᠷᠦᠩᠬᠡᠢ ᠬᠡᠮᠵᠢᠶ᠎ᠡ ᠶᠢ ᠵᠦᠢ | ᠵᠣᠬᠢᠰᠲᠠᠶ ᠬᠢᠵᠠᠭᠠᠷᠯᠠᠵᠤ᠂ ᠠᠵᠤ ᠠᠬᠤᠶ ᠶᠢᠨ ᠬᠥᠭᠵᠢᠯᠲᠡ ᠪᠣᠯᠤᠨ ᠡᠨᠧᠷᠭᠢ ᠶᠢᠨ ᠬᠤᠷᠣᠭᠳᠠᠯ ᠤᠨ ᠬᠤᠣᠰ | ᠡᠵᠡᠮᠳᠡᠯ ᠢ ᠨᠢᠭᠡᠳᠦᠯᠲᠡᠶ ᠲᠥᠯᠥᠪᠵᠢᠭᠦᠯᠵᠦ᠂ ᠬᠠᠷᠢᠮᠠᠬᠠᠶ ᠴᠢᠨᠠᠷᠲᠠᠶ ᠬᠠᠮᠢᠶᠠᠷᠤᠯᠲᠠ ᠶᠢ ᠵᠦᠢ ᠵᠣᠬᠢᠰᠲᠠᠶ | ᠨᠡᠮᠡᠭᠳᠡᠭᠦᠯᠦᠨ᠂ ᠠᠵᠤ ᠠᠬᠤᠶ ᠨᠡᠶᠢᠭᠡᠮ ᠤᠨ ᠬᠦᠭᠵᠢᠯᠲᠡ ᠪᠠ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠤᠨ | ᠡᠨᠧᠷᠭᠢ ᠬᠡᠷᠡᠭᠯᠡᠬᠦ ᠵᠦᠢ ᠵᠣᠬᠢᠰᠲᠠᠶ ᠬᠡᠷᠡᠭᠴᠡᠭᠡ ᠶᠢ ᠪᠠᠲᠤᠯᠠᠨ᠎ᠠ᠃ | ᠬᠠᠷᠠᠯᠲᠠ ᠲᠠᠢ ᠪᠠᠷ ᠬᠠᠮᠢᠶᠠᠷᠬᠤ ᠪᠠ ᠰᠢᠯᠭᠠᠨ ᠬᠢᠨᠠᠭᠰᠠᠨ ᠦᠷ᠎ᠡ ᠳ᠋ᠦᠩ ᠢ ᠬᠡᠷᠡᠭᠯᠡᠬᠦ ᠶᠢ ᠪᠠᠷᠢᠮᠲᠠᠯᠠᠨ᠎ᠠ᠃ | ᠡᠨᠧᠷᠭᠢ ᠶᠢᠨ ᠬᠤᠷᠤᠭᠳᠠᠯ ᠢ ᠬᠤᠤᠰ ᠡᠵᠡᠮᠳᠡᠬᠦ ᠬᠠᠷᠠᠯᠲᠠ ᠶᠢᠨ ᠲᠤᠬᠢᠷᠠᠭᠤᠯᠤᠯᠲᠠ ᠶᠢ ᠰᠢᠯᠢᠳᠡᠭᠵᠢᠭᠦᠯᠵᠦ᠂ | ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠶᠢ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ᠂ | ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠵᠢᠱᠢᠯᠲᠡ ᠶᠢᠨ ᠴᠢᠨᠠᠷᠲᠠᠶ ᠭᠦᠢᠴᠡᠳᠭᠡᠯ ᠲᠤᠭ᠎ᠠ | ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢᠨ | ᠬᠠᠷᠠᠯᠲᠠ ᠶᠢ ᠦᠨᠳᠦᠰᠦᠯᠡᠨ᠂ ᠡᠯ᠎ᠡ ᠬᠤᠰᠢᠭᠤ ᠰᠢᠶᠠᠨ ᠲᠣᠭᠤᠷᠢᠭ ᠤᠨ ᠡᠭᠦᠷᠭᠡ ᠬᠠᠷᠠᠯᠲᠠ ᠶᠢ ᠵᠦᠶ ᠵᠣᠬᠢᠰᠲᠠᠶ | ᠬᠤᠪᠢᠶᠠᠷᠢᠯᠠᠨ ᠪᠠᠭᠤᠯᠭᠠᠨ᠎ᠠ᠃ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠵᠢᠴᠢ | ᠦᠷ᠎ᠡ ᠳ᠋ᠦᠩ ᠤᠨ ᠬᠡᠷᠡᠭᠯᠡᠯᠲᠡ ᠶᠢ ᠴᠢᠩᠳᠠᠯᠠᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ᠡᠨᠧᠷᠭᠢ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠧᠷᠭᠢ ᠶᠢᠨ ᠪᠦᠲᠦᠴᠡ ᠶᠢ | ᠰᠢᠯᠢᠳᠡᠭᠵᠢᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠤᠭᠰᠠᠨ ᠭᠠᠵᠠᠷ ᠣᠷᠣᠨ ᠢ ᠬᠥᠬᠢᠭᠦᠯᠦᠨ | ᠵᠣᠷᠢᠭᠵᠢᠭᠤᠯᠵᠤ᠂ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠬᠦ ᠬᠠᠷᠠᠯᠲᠠ ᠶᠢ ᠰᠠᠶᠢᠲᠤᠷ ᠪᠡᠶᠡᠯᠡᠭᠦᠯᠦᠭᠰᠡᠨ | ᠥᠬᠡᠶ ᠭᠠᠵᠠᠷ ᠣᠷᠣᠨ ᠳᠤ ᠲᠣᠭᠲᠠᠭᠠᠯ ᠶᠣᠰᠣᠭᠠᠷ ᠰᠢᠢᠳᠭᠡᠯ ᠦᠭᠭᠦᠨ᠎ᠡ᠃ | ᠰᠢᠰᠲ᠋ᠧᠮ ᠲᠠᠢ ᠠᠬᠢᠭᠤᠯᠬᠤ ᠪᠠ ᠭᠤᠣᠯᠳᠠᠯᠭ᠎ᠠ ᠲᠠᠢ ᠬᠦᠷᠢᠶᠡᠨ ᠳᠤ ᠰᠢᠪᠲᠤᠯᠤᠯᠲᠠ ᠭᠠᠷᠭᠠᠬᠤ ᠶᠢ | ᠪᠠᠷᠢᠮᠲᠠᠯᠠᠨ᠎ᠠ᠃ ᠪᠦᠬᠦ ᠠᠷᠠᠳ ᠤᠨ ᠡᠨᠧᠷᠭᠢ ᠠᠷᠪᠢᠯᠠᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠨᠡᠶᠢᠭᠡᠮ ᠤᠨ | ᠡᠯ᠎ᠡ ᠡᠲᠡᠭᠡᠳ ᠢ ᠳᠠᠶᠢᠴᠢᠯᠠᠨ ᠡᠨᠧᠷᠭᠢ ᠠᠷᠪᠢᠯᠠᠬᠤ ᠳᠤ ᠤᠷᠤᠯᠴᠠᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ᠂ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠨ᠎ᠠ᠃ ᠡᠨᠧᠷᠭᠢ ᠶᠢᠨ | ᠰᠤᠷᠪᠤᠯᠵᠢ᠂ ᠠᠵᠤ ᠦᠢᠯᠡᠳᠪᠦᠷᠢ᠂ ᠪᠠᠷᠢᠯᠭ᠎ᠠ᠂ ᠤᠯᠠᠨ ᠨᠡᠶᠢᠲᠡ ᠶᠢᠨ ᠪᠠᠶᠢᠭᠤᠯᠤᠮᠵᠢ᠂ ᠵᠠᠮ ᠲᠡᠭᠡᠭᠡᠪᠦᠷᠢ᠂ | ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠲᠠᠷᠢᠶᠠᠯᠠᠩ ᠬᠥᠳᠡᠭᠡ ᠲᠣᠰᠬᠤᠨ ᠵᠡᠷᠭᠡ ᠭᠤᠣᠯᠳᠠᠯᠭ᠎ᠠ ᠲᠠᠢ | ᠬᠦᠷᠢᠶ᠎ᠡ ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢ | ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢ ᠠᠰᠢᠭᠯᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠲᠣᠭᠲᠠᠴᠠ ᠪᠠᠶᠢᠭᠤᠯᠤᠯ ᠢ ᠦᠭᠡᠷᠡᠴᠢᠯᠡᠬᠦ ᠶᠢ | ᠪᠠᠷᠢᠮᠲᠠᠯᠠᠨ᠎ᠠ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠬᠡᠷᠡᠭᠵᠢᠭᠦᠯᠵᠦ᠂ | ᠬᠦᠭᠵᠢᠯᠲᠡ ᠶᠢ ᠠᠬᠢᠭᠤᠯᠬᠤ ᠠᠷᠭ᠎ᠠ ᠬᠡᠯᠪᠡᠷᠢ ᠨᠢ ᠬᠦᠴᠦᠨ ᠵᠦᠢᠯ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠡᠶᠢᠰᠢ ᠬᠤᠪᠢᠷᠠᠭᠤᠯᠵᠤ᠂ ᠠᠭᠤᠯᠬᠤᠨ ᠤ ᠥᠷᠭᠡᠳᠬᠡᠯ ᠠᠴᠠ | ᠠᠭᠤᠯᠤᠭᠳᠠᠬᠤᠨ ᠤ ᠳᠡᠭᠡᠭᠰᠢᠯᠡᠯᠲᠡ ᠲᠡᠶᠢᠰᠢ ᠬᠤᠪᠢᠷᠠᠭᠤᠯᠤᠨ᠎ᠠ᠃ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ | ᠬᠦᠴᠦᠨ ᠵᠦᠢᠯ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠪᠠᠳᠠᠷᠠᠭᠤᠯᠵᠤ᠂ ᠡᠨᠧᠷᠭᠢ ᠬᠡᠷᠡᠭᠯᠡᠬᠦ ᠡᠷᠬᠡ ᠶᠢ | ᠲᠥᠯᠥᠪᠦᠷᠢ ᠲᠠᠢ ᠪᠠᠷ ᠬᠡᠷᠡᠭᠯᠡᠬᠦ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷᠴᠢᠯᠡᠨ | ᠠᠷᠠᠯᠵᠢᠶᠠᠯᠠᠬᠤ ᠶᠢ ᠯᠠᠪᠳᠠᠭᠤᠨ ᠢᠶᠠᠷ ᠠᠬᠢᠭᠤᠯᠵᠤ᠂ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠬᠢᠭᠡᠳ ᠠᠵᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠭᠤᠤᠯᠳᠠᠯᠭ᠎ᠠ ᠲᠠᠢ ᠪᠠᠯᠠ ᠣᠷᠣᠭᠤᠯᠤᠯᠲᠠ ᠶᠢᠨ ᠲᠥᠯᠥᠪᠯᠡᠭᠡ᠂ | ᠪᠠᠯᠠ ᠣᠷᠣᠭᠤᠯᠤᠯᠲᠠ ᠶᠢᠨ ᠬᠢᠨᠠᠨ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠭᠠᠷᠴᠠᠭ ᠪᠠ ᠠᠵᠤ ᠦᠢᠯᠡᠰ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠵᠡᠷᠭᠡ ᠶᠢ | ᠣᠷᠭᠠᠨᠢᠭ ᠢᠶᠠᠷ ᠵᠣᠯᠭᠠᠭᠤᠯᠬᠤ ᠶᠢ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠎ᠠ᠃ | | ᠭᠤᠷᠪᠠ᠂ ᠭᠤᠣᠯ ᠬᠠᠷᠠᠯᠲᠠ | 2025 ᠣᠨ ᠪᠣᠯᠬᠤ ᠳᠤ᠂ ᠠᠵᠤ ᠦᠢᠯᠡᠰ ᠤᠨ ᠪᠦᠲᠦᠴᠡ ᠪᠠ ᠡᠨᠧᠷᠭᠢ ᠶᠢᠨ ᠪᠦᠲᠦᠴᠡ ᠶᠢ ᠢᠯᠡᠳᠲᠡ | ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠭᠰᠠᠨ ᠡᠨᠧᠷᠭᠢ ᠠᠷᠪᠢᠯᠠᠬᠤ ᠰᠢᠨ᠎ᠡ ᠶᠢ ᠡᠭᠦᠳᠬᠦ | ᠰᠢᠰᠲ᠋ᠧᠮᠵᠢ ᠶᠢ ᠨᠠᠩ ᠲᠡᠭᠦᠯᠳᠡᠷᠵᠢᠭᠦᠯᠦᠨ᠂ ᠡᠨᠧᠷᠭᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠠᠩ ᠵᠦᠶ | ᠵᠣᠬᠢᠰᠲᠠᠶ ᠪᠣᠯᠭᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢ ᠤᠯᠤᠰ ᠤᠨ | ᠳᠣᠲᠣᠭᠠᠳᠤ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠭᠡᠵᠦ᠂ ᠪᠠᠷᠢᠯᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠣᠯᠠᠨ | ᠨᠡᠶᠢᠲᠡ ᠶᠢᠨ ᠪᠠᠶᠢᠭᠤᠯᠤᠮᠵᠢ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠬᠦᠷᠢᠶ᠎ᠡ ᠴᠠᠷᠠᠭ᠎ᠠ ᠶᠢᠨ | ᠡᠨᠧᠷᠭᠢ ᠶᠢᠨ ᠬᠤᠷᠤᠭᠳᠠᠯ ᠢ ᠪᠦᠲᠦᠮᠵᠢᠲᠡᠶ ᠬᠢᠵᠠᠭᠠᠷᠯᠠᠵᠤ᠂ ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ ᠤᠨ | ᠠᠷᠭ᠎ᠠ ᠮᠠᠶ᠋ᠢᠭ ᠢ ᠪᠥᠬᠦ ᠲᠠᠯ᠎ᠠ ᠪᠠᠷ ᠳᠡᠯᠭᠡᠷᠡᠭᠦᠯᠦᠨ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠤᠷᠴᠢᠯ ᠬᠥᠭᠵᠢᠯᠲᠡ ᠲᠠᠢ ᠠᠵᠤ ᠠᠬᠤᠶ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ | ᠪᠦᠷᠢᠯᠳᠦᠭᠦᠯᠦᠨ᠎ᠡ᠃ ᠪᠥᠬᠦ ᠬᠤᠲᠠ ᠶᠢᠨ ᠨᠢᠭᠡᠴᠡ GDP ᠶᠢᠨ ᠡᠨᠧᠷᠭᠢ ᠶᠢᠨ ᠬᠤᠷᠤᠭᠳᠠᠯ ᠢ 2020 | ᠣᠨ ᠤ ᠬᠢ ᠠᠴᠠ 12% ᠢᠶᠠᠷ ᠪᠠᠭᠤᠷᠠᠭᠤᠯᠵᠤ᠂ 13.6% ᠪᠠᠷ ᠪᠠᠭᠤᠷᠠᠭᠤᠯᠬᠤ ᠤᠷᠮᠠᠰᠢᠭᠤᠯᠬᠤ ᠬᠠᠷᠠᠯᠲᠠ ᠳᠤ | ᠬᠦᠷᠭᠡᠬᠦ ᠪᠠᠷ ᠴᠢᠷᠮᠠᠶᠢᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠵᠦᠶ ᠵᠣᠬᠢᠰᠲᠠᠶ | ᠬᠢᠵᠠᠭᠠᠷᠯᠠᠨ᠎ᠠ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠡᠨᠧᠷᠭᠢ ᠶᠢᠨ ᠬᠤᠷᠤᠭᠳᠠᠯ ᠢ 2020 ᠣᠨ ᠤ ᠬᠢ ᠠᠴᠠ 18% ᠪᠠᠷ ᠪᠠᠭᠤᠷᠠᠭᠤᠯᠤᠨ᠎ᠠ᠃ | | ᠳᠥᠷᠪᠡ᠂ ᠭᠤᠤᠯ ᠡᠭᠦᠷᠭᠡ | ︵ᠨᠢᠭᠡ︶ ᠠᠵᠤ ᠦᠢᠯᠡᠰ ᠤᠨ ᠪᠦᠲᠦᠴᠡ ᠶᠢ ᠭᠦᠨᠵᠡᠭᠡᠶ ᠲᠤᠬᠢᠷᠠᠭᠤᠯᠤᠨ᠎ᠠ | ᠭᠤᠤᠯ ᠡᠭᠦᠷᠭᠡ᠄ ︽ᠬᠤᠶᠠᠷ ᠶᠡᠬᠡᠲᠡᠢ︾ ᠲᠥᠷᠥᠯ ᠵᠦᠢᠯ ᠢ ᠰᠤᠬᠤᠷ ᠪᠠᠯᠠᠢ ᠪᠠᠷ ᠬᠥᠭᠵᠢᠭᠦᠯᠬᠦ ᠶᠢ ᠡᠷᠡᠰ | ᠬᠤᠷᠢᠭᠯᠠᠵᠤ᠂ ᠬᠤᠴᠣᠷᠤᠩᠭᠤᠶ ᠪᠤᠯᠤᠭᠰᠠᠨ ᠢ ᠰᠢᠭᠰᠢᠬᠦ ᠪᠠ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ | ᠰᠢᠢᠳᠪᠦᠷᠢᠯᠡᠬᠦ ᠶᠢ ᠲᠦᠷᠭᠡᠳᠭᠡᠵᠦ᠂ ︽ᠵᠢᠷᠭᠤᠭᠠᠨ ᠲᠤᠮᠤ ᠠᠵᠤ ᠦᠢᠯᠡᠰ︾ ᠤᠨ ᠪᠦᠭᠡᠮᠨᠡᠷᠡᠯ ᠢ ᠬᠦᠴᠦᠯᠡᠨ | ᠪᠤᠶᠢᠵᠢᠭᠤᠯᠤᠨ᠎ᠠ᠃ | ᠠᠵᠢᠯ ᠤᠨ ᠠᠷᠭ᠎ᠠ ᠬᠡᠮᠵᠢᠶ᠎ᠡ᠄ | 1. ︽ᠬᠤᠶᠠᠷ ᠶᠡᠬᠡᠲᠡᠢ︾ ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ | ᠴᠢᠩᠳᠠᠯᠠᠨ᠎ᠠ᠃ ︵1︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠬᠡᠦᠷᠡᠰᠦ᠂ ᠴᠠᠬᠢᠷᠮ᠎ᠠ ᠶᠢᠨ ᠨᠡᠭᠦᠷᠡᠰᠦ᠂ ᠴᠠᠬᠢᠯᠠᠭᠤᠷ ᠴᠢᠯᠠᠭᠤ᠂ ᠪᠥᠭᠡᠭᠡᠨᠡᠷᠡᠯ ᠾᠤᠺᠰᠤᠨ᠂ ᠢᠳᠡᠮᠡᠬᠡᠶ ᠬᠤᠵᠢᠷ ︵ | ᠬᠠᠶᠠᠭᠳᠠᠮᠠᠯ ᠳᠠᠪᠤᠰᠤ ᠶᠢ ᠶᠡᠷᠦᠩᠬᠡᠶᠢᠯᠡᠨ ᠠᠰᠢᠭᠯᠠᠬᠤ ᠢᠶᠣᠨ ᠬᠠᠯᠢᠰᠤᠯᠢᠭ ᠢᠳᠡᠮᠡᠬᠡᠶ ᠱᠦᠯᠲᠦ ᠶᠢᠨ | ᠲᠥᠬᠦᠭᠡᠷᠦᠮᠵᠢ ᠠᠴᠠ ᠭᠠᠳᠠᠨ᠎ᠠ︶᠂ ᠴᠡᠪᠡᠷ ᠬᠤᠵᠢᠷ ︵︽ᠪᠠᠷᠠᠭᠤᠨ ᠬᠡᠰᠡᠭ ᠤᠨ ᠭᠠᠵᠠᠷ ᠣᠷᠣᠨ ᠤ | ᠵᠣᠷᠢᠭᠵᠢᠭᠤᠯᠬᠤ ᠲᠦᠷᠦᠯ ᠤᠨ ᠠᠵᠤ ᠦᠢᠯᠡᠰ ᠤᠨ ᠭᠠᠷᠴᠠᠭ ︵2020 ᠣᠨ ᠤ ᠳᠡᠪᠲᠡᠷ︶︾ ᠲᠠᠬᠢ ᠥᠪᠥᠷ | ᠮᠣᠩᠭᠤᠯ ᠤᠨ ᠵᠣᠷᠢᠭᠵᠢᠭᠤᠯᠬᠤ ᠲᠥᠷᠥᠯ ᠵᠦᠢᠯ ᠪᠠᠭᠲᠠᠬᠤ ᠥᠭᠡᠢ︶᠂ ᠨᠡᠶᠢᠯᠡᠯᠭᠡ ᠰᠢᠪᠲᠦᠷ ︵ᠦᠨᠡᠨᠬᠦ ᠪᠥᠳᠥᠭᠡᠨ | ᠪᠠᠶᠢᠭᠤᠯᠬᠤ ᠴᠢᠬᠤᠯᠠ ᠲᠠᠢ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠵᠤ ᠨᠡᠶᠢᠯᠡᠯᠭᠡ | ᠰᠢᠪᠲᠦᠷ ᠦᠢᠯᠡᠳᠬᠦ᠂ ᠲᠡᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠪᠠᠷ ᠤᠰᠤᠲᠥ᠋ᠷᠥᠭᠴᠢ ᠦᠢᠯᠡᠳᠴᠦ | ᠨᠡᠶᠢᠯᠡᠯᠭᠡ ᠰᠢᠪᠲᠦᠷ ᠦᠢᠯᠡᠳᠬᠦ ᠠᠴᠠ ᠭᠠᠳᠠᠨ᠎ᠠ︶᠂ ᠰᠢᠭᠡᠰᠦᠯᠢᠭ ᠡᠳ᠋᠂ ᠮᠤᠲ᠋ᠠᠨᠤᠯ ︵ᠦᠨᠡᠨᠬᠦ ᠪᠥᠳᠥᠭᠡᠨ | ᠪᠠᠶᠢᠭᠤᠯᠬᠤ ᠴᠢᠬᠤᠯᠠ ᠲᠠᠢ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠵᠤ ᠮᠤᠲ᠋ᠠᠨᠤᠯ | ᠦᠢᠯᠡᠳᠬᠦ᠂ ᠲᠡᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠪᠠᠷ ᠤᠰᠤᠲᠥ᠋ᠷᠥᠭᠴᠢ ᠦᠢᠯᠡᠳᠴᠦ ᠮᠤᠲ᠋ᠠᠨᠤᠯ | ᠦᠢᠯᠡᠳᠬᠦ ᠠᠴᠠ ᠭᠠᠳᠠᠨ᠎ᠠ︶᠂ ᠡᠲ᠋ᠡ ᠬᠤᠶᠠᠷᠴᠢ ᠠᠯᠺᠤᠤᠯ᠂ ᠴᠠᠬᠢᠯᠭᠠᠨ ᠵᠠᠳᠠᠯᠤᠯ ᠤᠨ ᠬᠥᠩᠭᠡᠨᠴᠠᠭᠠᠨ᠂ ᠲᠡᠮᠥᠷ ᠤᠨ | ᠬᠠᠶᠢᠯᠤᠰᠢ᠂ ᠪᠢᠨᠳᠠᠷᠢᠶ᠎ᠠ ᠵᠡᠷᠭᠡ ᠰᠢᠨ᠎ᠡ ᠪᠠᠷ ᠨᠡᠮᠡᠭᠳᠡᠭᠦᠯᠦᠭᠰᠡᠨ ᠦᠢᠯᠡᠳᠪᠦᠷᠢᠯᠡᠬᠦ ᠴᠢᠳᠠᠪᠤᠷᠢ ᠶᠢᠨ ᠲᠥᠷᠥᠯ ᠵᠦᠢᠯ ᠢ | ᠳᠠᠬᠢᠨ ᠬᠢᠨᠠᠨ ᠵᠦᠪᠰᠢᠶᠡᠷᠡᠬᠦ ᠦᠭᠡᠢ᠂ ᠤᠯᠤᠰ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠳᠤ | ᠣᠷᠣᠭᠤᠯᠤᠭᠰᠠᠨ ᠪᠠ ᠥᠪᠡᠷᠲᠡᠭᠡᠨ ᠵᠠᠰᠠᠬᠤ ᠣᠷᠣᠨ ᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ | ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠭᠠᠷᠭᠠᠪᠠᠯ᠂ ᠵᠠᠷᠴᠢᠮ | ᠳᠡᠭᠡᠷ᠎ᠡ ᠪᠠᠨ ᠰᠢᠨ᠎ᠡ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠳᠠᠭᠢᠵᠤ | ᠬᠢᠨᠠᠨ ᠵᠥᠪᠰᠢᠶᠡᠷᠡᠬᠦ ᠥᠬᠡᠶ᠂ ᠬᠡᠶᠢᠰᠪᠦᠷᠢ ᠵᠣᠭᠤᠰ ᠮᠠᠯᠲᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ | ᠴᠢᠩᠭ᠎ᠠ ᠴᠠᠭᠠᠵᠠᠯᠠᠨ᠎ᠠ᠃ ︵2︶ ᠤᠯᠤᠰ ᠠᠴᠠ ᠲᠣᠳᠣᠷᠬᠠᠶ ᠲᠣᠭᠲᠠᠭᠠᠭᠰᠠᠨ ᠪᠣᠯᠣᠳ ᠲᠡᠮᠦᠷ᠂ ᠴᠠᠬᠢᠯᠭᠠᠨ | ᠵᠠᠳᠠᠯᠤᠯ ᠤᠨ ᠬᠦᠩᠭᠡᠨᠴᠠᠭᠠᠨ᠂ ᠱᠦᠢᠨᠢ ᠶᠢᠨ ᠪᠤᠯᠭᠤᠭᠰᠠᠨ ᠮᠠᠲ᠋ᠧᠷᠢᠶᠠᠯ᠂ ᠬᠠᠪᠲᠠᠭᠠᠶ ᠰᠢᠯ ᠵᠡᠷᠭᠡ ᠦᠢᠯᠡᠳᠪᠦᠷᠢᠯᠡᠬᠦ | ᠴᠢᠳᠠᠪᠤᠷᠢ ᠦᠯᠡᠭᠦᠳᠡᠭᠰᠡᠨ ᠠᠵᠢᠯ ᠲᠥᠷᠥᠯ ᠳᠤ ᠦᠢᠯᠡᠳᠪᠦᠷᠢᠯᠡᠬᠦ ᠴᠢᠳᠠᠪᠤᠷᠢ ᠶᠢ ᠰᠣᠯᠢᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠦᠢᠯᠡᠳᠪᠦᠷᠢᠯᠡᠬᠦ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠥᠬᠡᠶ᠃ ︵3︶ ᠬᠡᠤᠷᠡᠰᠤ ︵ | ᠴᠠᠬᠢᠷᠮ᠎ᠠ ᠶᠢᠨ ᠨᠡᠭᠦᠷᠡᠰᠦ︶᠂ ᠪᠥᠭᠡᠭᠡᠨᠡᠷᠡᠯ ᠾᠤᠺᠰᠤᠨ ︵PVC︶᠂ ᠨᠡᠶᠢᠯᠡᠯᠭᠡ ᠰᠢᠪᠲᠦᠷ ︵ᠰᠢᠭᠡᠰᠦᠯᠢᠭ ᠡᠳ᠋︶ | ᠂ ᠢᠳᠡᠮᠡᠬᠡᠶ ᠱᠦᠯᠲᠦ᠂ ᠴᠡᠪᠡᠷ ᠱᠦᠯᠲᠦ᠂ ᠮᠤᠲ᠋ᠠᠨᠤᠯ᠂ ᠡᠲ᠋ᠡ ᠬᠤᠶᠠᠷᠴᠢ ᠠᠯᠺᠤᠤᠯ᠂ ᠪᠢᠨᠳᠠᠷᠢᠶ᠎ᠠ ᠴᠢᠯᠠᠭᠤ᠂ | ᠲᠤᠤᠷᠠᠳᠤ ᠤᠷᠤᠰᠬᠠᠯ ᠳᠤ ᠤᠯᠠᠷᠢᠭᠤᠯᠵᠤ ᠪᠤᠯᠠᠬᠤ ᠥᠭᠡᠢ ᠲᠠᠩ ᠤᠯᠠᠨ ᠲᠠᠯᠠᠰᠲᠤ ᠴᠠᠬᠢᠭᠤᠷ ᠦᠢᠯᠡᠳᠪᠦᠷᠢᠯᠡᠬᠦ | ᠴᠢᠳᠠᠪᠤᠷᠢ ᠪᠣᠯᠤᠨ ᠡᠨᠧᠷᠭᠢ ᠶᠢᠨ ᠬᠤᠷᠤᠭᠳᠠᠯ ᠢ ᠰᠣᠯᠢᠬᠤ ᠳᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠢ | ᠲᠣᠭᠲᠠᠭᠠᠯ ᠢ ᠬᠡᠷᠡᠭᠵᠢᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 2. ︽ᠬᠤᠶᠠᠷ ᠶᠡᠬᠡᠲᠡᠢ ᠨᠢᠭᠡ ᠳᠣᠤᠷ᠎ᠠ︾ ᠲᠥᠷᠥᠯ ᠵᠦᠢᠯ ᠤᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ︵1︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠠᠰᠢᠭᠯᠠᠯᠲᠠ ᠳᠤ ᠣᠷᠣᠭᠤᠯᠤᠨ ᠦᠢᠯᠡᠳᠪᠦᠷᠢᠯᠡᠯ ᠢᠶᠠᠨ ᠪᠡᠶᠡᠯᠡᠭᠦᠯᠬᠦ ︽ᠬᠤᠶᠠᠷ ᠶᠡᠬᠡᠲᠡᠢ ᠨᠢᠭᠡ ᠳᠣᠤᠷ᠎ᠠ︾ ᠲᠥᠷᠥᠯ | ᠵᠦᠢᠯ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠤᠭᠳᠠᠯ ᠢ ᠰᠦᠯᠵᠢᠶᠡᠨ ᠳᠡᠭᠡᠷ᠎ᠡ ᠬᠢᠨᠠᠨ | ᠬᠡᠮᠵᠢᠬᠦ ᠰᠢᠰᠲ᠋ᠧᠮ ᠳᠤ ᠣᠷᠣᠭᠤᠯᠤᠨ᠎ᠠ᠃ ︵2︶ ︽ᠬᠤᠶᠠᠷ ᠶᠡᠬᠡᠲᠡᠢ ᠨᠢᠭᠡ ᠳᠣᠤᠷ᠎ᠠ︾ ᠲᠥᠷᠥᠯ ᠵᠦᠢᠯ ᠢ | ᠰᠤᠬᠤᠷ ᠪᠠᠯᠠᠷ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠲᠤᠰᠬᠠᠶ ᠪᠠᠶᠢᠴᠠᠭᠠᠯᠲᠠ ᠶᠢ ᠲᠤᠭᠲᠠᠭᠰᠠᠨ | ᠬᠤᠭᠤᠴᠠᠭ᠎ᠠ ᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠬᠢᠨᠠᠨ ᠵᠥᠪᠰᠢᠶᠡᠷᠡᠭᠰᠡᠨ᠂ | ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠤᠭᠰᠠᠨ᠂ ᠪᠠᠶᠢᠭᠤᠯᠬᠤ ᠵᠥᠪᠰᠢᠶᠡᠷᠡᠬᠦ ᠨᠢ ᠨᠡᠶᠢᠴᠡᠬᠦ ᠥᠬᠡᠶ᠂ | ᠴᠣᠬᠤᠯᠠᠪᠤᠷᠢ ᠠᠴᠠ ᠳᠠᠪᠠᠭᠤᠯᠤᠨ ᠡᠨᠧᠷᠭᠢ ᠬᠡᠷᠡᠭᠯᠡᠭᠰᠡᠨ᠂ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ | ︽ᠬᠤᠶᠠᠷ ᠶᠡᠬᠡᠲᠡᠢ︾ ᠲᠥᠷᠥᠯ ᠵᠦᠢᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ︵ ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠶᠢᠨ | ᠣᠷᠴᠢᠨ ᠲᠣᠭᠤᠷᠢᠨ ᠤ ᠲᠣᠪᠴᠢᠶ᠎ᠠ︶ | 3. ᠬᠤᠴᠣᠷᠤᠩᠭᠤᠶ ᠪᠤᠯᠤᠭᠰᠠᠨ ᠢ ᠰᠢᠭᠰᠢᠬᠦ ᠪᠠ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ | ᠰᠢᠢᠳᠪᠦᠷᠢᠯᠡᠬᠦ ᠶᠢ ᠲᠦᠷᠭᠡᠳᠬᠡᠨ᠎ᠡ᠃ ︵1︶ ︽ᠬᠥᠬᠡᠬᠤᠲᠠ ᠶᠢᠨ ᠬᠤᠴᠣᠷᠤᠩᠭᠤᠶ ᠦᠢᠯᠡᠳᠪᠦᠷᠢᠯᠡᠬᠦ | ᠴᠢᠳᠠᠪᠤᠷᠢ ᠶᠢ ᠰᠢᠭᠰᠢᠬᠦ ᠶᠢ ᠬᠡᠷᠡᠭᠵᠢᠭᠦᠯᠬᠦ ᠲᠥᠰᠦᠯ︾ ᠢ ᠴᠢᠩᠭ᠎ᠠ ᠬᠡᠷᠡᠭᠵᠢᠭᠦᠯᠵᠦ᠂ ᠲᠡᠮᠦᠷ ᠤᠨ ᠬᠠᠶᠢᠯᠤᠰᠢ᠂ | ᠴᠠᠬᠢᠯᠠᠭᠤᠷ ᠴᠢᠯᠠᠭᠤ᠂ ᠬᠡᠦᠷᠡᠰᠦ᠂ ᠱᠦᠢᠨᠢ ᠵᠡᠷᠭᠡ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠲᠤᠭᠲᠠᠭᠰᠠᠨ | ᠬᠤᠭᠤᠴᠠᠭᠠᠨ ᠳᠤ ᠤᠬᠤᠷᠢᠨ ᠭᠠᠷᠭᠠᠨ᠎ᠠ᠃ ︵2︶ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠵᠤ᠂ ᠰᠢᠭᠰᠢᠬᠦ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠥᠬᠡᠶ | ᠭᠠᠵᠠᠷ ᠣᠷᠣᠨ ᠳᠤ ᠡᠨᠧᠷᠭᠢ ᠶᠢᠨ ᠬᠤᠷᠤᠭᠳᠠᠯ ᠢ ᠵᠥᠪᠰᠢᠶᠡᠷᠡᠬᠦ ᠶᠢ ᠬᠢᠵᠠᠭᠠᠷᠯᠠᠵᠤ᠂ ᠰᠢᠭᠰᠢᠬᠦ ᠡᠭᠦᠷᠭᠡ ᠪᠠᠨ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠥᠬᠡᠶ ᠠᠵᠤ ᠠᠬᠤᠶᠢᠯᠠᠯ ᠳᠤ ᠵᠠᠯᠬᠠᠭᠠᠬᠤ ᠴᠢᠨᠠᠷᠲᠠᠶ ᠴᠠᠬᠢᠯᠭᠠᠨ ᠤ | ᠦᠨ᠎ᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ︵3︶ ᠬᠤᠴᠣᠷᠤᠩᠭᠤᠶ ᠶᠢ ᠰᠢᠭᠰᠢᠬᠦ ᠪᠠ ᠥᠨᠳᠥᠷ | ᠦᠷ᠎ᠡ ᠪᠦᠲᠦᠮᠵᠢᠲᠡᠶ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠵᠦ᠂ | ᠤᠯᠤᠰ ᠠᠴᠠ ᠲᠣᠳᠣᠷᠬᠠᠶ ᠵᠠᠷᠯᠢᠭᠳᠠᠨ ᠰᠢᠭᠰᠢᠬᠦ ᠬᠤᠴᠣᠷᠤᠩᠭᠤᠶ ᠮᠠᠰᠢᠨ ᠴᠠᠬᠢᠯᠭᠠᠨ ᠤ ᠲᠥᠬᠦᠭᠡᠷᠦᠮᠵᠢ᠂ | ᠬᠤᠴᠣᠷᠤᠩᠭᠤᠶ ᠦᠢᠯᠡᠳᠪᠦᠷᠢᠯᠡᠬᠦ ᠤᠷᠠᠯᠠᠯ ᠪᠠ ᠬᠤᠴᠣᠷᠤᠩᠭᠤᠶ ᠦᠢᠯᠡᠳᠪᠦᠷᠢᠯᠡᠬᠦ ᠲᠤᠨᠤᠭ ᠲᠥᠬᠦᠭᠡᠷᠦᠮᠵᠢ ᠶᠢ | ᠤᠬᠤᠷᠢᠨ ᠭᠠᠷᠭᠠᠵᠤ᠂ ᠥᠨᠳᠥᠷ ᠦᠷ᠎ᠡ ᠪᠦᠲᠦᠮᠵᠢᠲᠡᠶ ᠨᠡᠭᠦᠷᠡᠰᠦᠨ ᠨᠤᠨᠲᠠᠭ ᠤᠨ ᠭᠦᠸᠧᠯᠦ᠂ ᠰᠢᠨ᠎ᠡ ᠬᠡᠯᠪᠡᠷᠢ ᠶᠢᠨ | ᠤᠰᠤ ᠨᠡᠭᠦᠷᠡᠰᠦᠨ ᠡᠭᠡᠳᠡᠩ ᠤᠨ ᠭᠦᠸᠧᠯᠦ᠂ ᠨᠡᠷᠡᠨ ᠡᠨᠧᠷᠭᠢ ᠶᠢᠨ ᠢᠯᠴᠢ ᠬᠤᠷᠠᠮᠳᠤᠭᠤᠯᠬᠤ ᠰᠢᠰᠲ᠋ᠧᠮ᠂ ᠬᠤᠪᠣᠷ | ᠰᠢᠷᠣᠶ ᠶᠢᠨ ᠲᠣᠭᠲᠠᠮᠠᠯ ᠰᠣᠷᠢᠨᠵᠢᠨᠲᠤ ᠢᠵᠢᠯ ᠠᠯᠬᠤᠮ ᠤᠨ ᠴᠠᠬᠢᠯᠭᠠᠨ ᠮᠠᠰᠢᠨ᠂ ᠳᠠᠪᠲᠠᠮᠵᠢ ᠬᠤᠪᠢᠷᠠᠭᠠᠨ | ᠬᠤᠷᠳᠤᠴᠠ ᠲᠣᠬᠢᠷᠠᠭᠤᠯᠬᠤ᠂ ᠥᠨᠳᠥᠷ ᠦᠷ᠎ᠡ ᠪᠦᠲᠦᠮᠵᠢᠲᠡᠶ ᠢᠯᠴᠢ ᠰᠣᠯᠢᠯᠴᠠᠭᠤᠷ ᠵᠡᠷᠭᠡ ᠡᠨᠧᠷᠭᠢ ᠠᠷᠪᠢᠯᠠᠬᠤ | ᠮᠠᠶ᠋ᠢᠭ ᠤᠨ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠳᠡᠯᠭᠡᠷᠡᠭᠦᠯᠦᠨ᠎ᠡ᠃ 2023 ᠣᠨ ᠤ ᠡᠴᠦᠰ ᠪᠣᠯᠬᠤ ᠳᠤ ᠂ | ᠰᠢᠭᠰᠢᠬᠦ ᠡᠩᠨᠡᠭᠡᠨ ᠳᠤ ᠣᠷᠣᠭᠤᠯᠤᠭᠰᠠᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠦᠨᠳᠦᠰᠦᠨ ᠳᠡᠭᠡᠨ | ᠤᠬᠤᠷᠢᠨ ᠭᠠᠷᠭᠠᠬᠤ ᠪᠠᠷ ᠴᠢᠷᠮᠠᠶᠢᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ︶ | | ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠬᠦ ᠬᠡᠪᠴᠢᠶ᠎ᠡ ᠪᠠ ᠪᠠᠷᠢᠮᠵᠢᠶ᠎ᠠ | ᠪᠣᠯᠣᠳ ᠲᠡᠮᠦᠷ᠄ ᠠᠰᠢᠭᠲᠤ ᠪᠠᠭᠲᠠᠭᠠᠮᠵᠢ ᠨᠢ 1200 ᠺᠦᠪ ᠮᠧᠲᠷ ᠬᠦᠷᠬᠦ ᠦᠭᠡᠢ ᠪᠣᠯᠣᠳ | ᠪᠣᠯᠪᠠᠰᠤᠷᠠᠭᠤᠯᠬᠤ ᠳᠤ ᠬᠡᠷᠡᠭᠯᠡᠬᠦ ᠰᠢᠷᠡᠮᠦ ᠶᠢᠨ ᠥᠨᠳᠥᠷ ᠵᠤᠤᠬ᠎ᠠ᠂ ᠪᠠᠭᠲᠠᠭᠠᠮᠵᠢ ᠨᠢ 100 ᠲᠣᠨ ᠠᠴᠠ ᠬᠦᠷᠬᠦ | ᠦᠭᠡᠢ ᠪᠣᠯᠣᠳ ᠪᠣᠯᠪᠠᠰᠤᠷᠠᠭᠤᠯᠬᠤ ᠡᠷᠭᠢᠯᠳᠦᠭᠡ ᠵᠤᠤᠬ᠎ᠠ᠂ 100 ᠲᠣᠨ ︵ᠬᠠᠶᠢᠯᠤᠰᠢᠨ ᠪᠣᠯᠣᠳ 50 ᠲᠣᠨ︶ | ᠬᠦᠷᠬᠦ ᠦᠭᠡᠢ ᠴᠠᠬᠢᠯᠭᠠᠨ ᠨᠣᠮᠣᠨ ᠵᠤᠤᠬ᠎ᠠ ᠶᠢ ᠵᠠᠷᠴᠢᠮ ᠳᠡᠭᠡᠷ᠎ᠡ ᠪᠠᠨ 2023 ᠣᠨ ᠤ ᠵᠢᠯ ᠤᠨ ᠰᠡᠭᠦᠯᠴᠢ ᠠᠴᠠ | ᠡᠮᠦᠨ᠎ᠡ ᠪᠦᠬᠦᠨ ᠢ ᠤᠬᠤᠷᠢᠨ ᠭᠠᠷᠭᠠᠨ᠎ᠠ᠃ | ᠲᠡᠮᠦᠷ ᠤᠨ ᠬᠠᠶᠢᠯᠤᠰᠢ᠄ 2.5 ᠲᠦᠮᠡᠨ ᠺᠢᠯᠣᠸᠠᠲ ᠠᠮᠫᠧᠷ ᠵᠢᠴᠢ ᠲᠡᠭᠦᠨ ᠠᠴᠠ ᠳᠣᠷᠣᠭᠰᠢᠬᠢ | ᠠᠭᠤᠷᠬᠠᠶ ᠶᠢᠨ ᠢᠯᠴᠢ ᠶᠢᠨ ᠵᠤᠤᠬ᠎ᠠ ︵ᠣᠨᠴᠠ ᠲᠦᠷᠦᠯ ᠤᠨ ᠲᠡᠮᠦᠷ ᠤᠨ ᠬᠠᠶᠢᠯᠤᠰᠢ ᠠᠴᠠ ᠭᠠᠳᠠᠨ᠎ᠠ᠂ ᠪᠣᠳᠠᠲᠠᠶ | ᠣᠨᠴᠠ ᠲᠦᠷᠦᠯ ᠤᠨ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠢ ᠬᠤᠲᠠ ᠶᠢᠨ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠢᠩᠬᠢᠮ ᠳᠤ ᠮᠡᠳᠡᠭᠦᠯᠵᠦ ᠮᠠᠭᠠᠳᠯᠠᠨ ᠲᠣᠭᠲᠠᠭᠠᠯᠭᠠᠨ᠎ᠠ︶᠂ ᠵᠠᠷᠴᠢᠮ ᠳᠡᠭᠡᠷ᠎ᠡ ᠪᠠᠨ 2022 | ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠤᠬᠤᠷᠢᠨ ᠭᠠᠷᠭᠠᠨ᠎ᠠ︔ ᠨᠦᠬᠦᠴᠡᠯ ᠳᠤ ᠨᠡᠶᠢᠴᠡᠭᠰᠡᠨ ᠪᠠᠶᠢᠪᠠᠯ | 1.25᠄ 1 ᠪᠠᠷ ᠦᠢᠯᠡᠳᠪᠦᠷᠢᠯᠡᠬᠦ ᠴᠢᠳᠠᠪᠤᠷᠢ ᠶᠢ ᠪᠠᠭᠠᠰᠬᠠᠨ ᠰᠤᠯᠢᠵᠤ ᠪᠣᠯᠤᠨ᠎ᠠ᠃ | ᠴᠠᠬᠢᠯᠠᠭᠤᠷ ᠴᠢᠯᠠᠭᠤ᠄ 3 ᠲᠦᠮᠡᠨ ᠺᠢᠯᠣᠸᠠᠲ ᠠᠮᠫᠧᠷ ᠠᠴᠠ ᠳᠣᠷᠣᠭᠰᠢᠬᠢ ᠠᠭᠤᠷᠬᠠᠶ ᠶᠢᠨ ᠢᠯᠴᠢ ᠶᠢᠨ | ᠵᠤᠤᠬ᠎ᠠ ᠶᠢ ᠵᠠᠷᠴᠢᠮ ᠳᠡᠭᠡᠷ᠎ᠡ ᠪᠠᠨ 2022 ᠣᠨ ᠤ ᠵᠢᠯ ᠤᠨ ᠡᠴᠦᠰ ᠠᠴᠠ ᠡᠮᠦᠨ᠎ᠡ ᠪᠦᠬᠦᠨ ᠢ ᠤᠬᠤᠷᠢᠨ | ᠭᠠᠷᠭᠠᠨ᠎ᠠ︔ ᠨᠥᠬᠦᠴᠡᠯ ᠳᠤ ᠨᠡᠶᠢᠴᠡᠭᠰᠡᠨ ᠪᠠᠶᠢᠪᠠᠯ 1.25᠄ 1 ᠪᠠᠷ ᠦᠢᠯᠡᠳᠪᠦᠷᠢᠯᠡᠬᠦ ᠴᠢᠳᠠᠪᠤᠷᠢ ᠶᠢ ᠪᠠᠭᠠᠰᠬᠠᠨ | ᠰᠤᠯᠢᠵᠤ ᠪᠣᠯᠤᠨ᠎ᠠ᠃ | ᠬᠡᠦᠷᠡᠰᠦ᠄ ᠨᠡᠭᠦᠷᠡᠰᠦᠵᠢᠭᠦᠯᠬᠦ ᠲᠠᠰᠤᠭ ᠤᠨ ᠥᠨᠳᠥᠷ ᠨᠢ 6.0 ᠮᠧᠲᠷ ᠠᠴᠠ ᠪᠠᠭ᠎ᠠ ᠣᠷᠣᠶ ᠠᠴᠠ ᠰᠠᠪᠠᠯᠠᠬᠤ | ᠵᠤᠤᠬ᠎ᠠ᠂ ᠨᠡᠭᠦᠷᠡᠰᠦᠵᠢᠭᠦᠯᠬᠦ ᠲᠠᠰᠤᠭ ᠤᠨ ᠥᠨᠳᠥᠷ ᠨᠢ 5.5 ᠮᠧᠲᠷ ᠠᠴᠠ ᠪᠠᠭ᠎ᠠ ᠬᠡᠦᠷᠡᠰᠦ ᠲᠣᠭᠲᠠᠪᠤᠷᠢᠵᠢᠭᠤᠯᠬᠤ | ᠵᠤᠤᠬ᠎ᠠ᠂ ᠵᠢᠯ ᠳᠤ 100 ᠲᠦᠮᠡᠨ ᠲᠣᠨ ᠠᠴᠠ ᠳᠣᠷᠣᠭᠰᠢᠬᠢ ᠬᠡᠦᠷᠰᠢᠭᠦᠯᠬᠦ ᠲᠦᠷᠦᠯ ᠵᠦᠢᠯ ᠢ ᠵᠠᠷᠴᠢᠮ | ᠳᠡᠭᠡᠷ᠎ᠡ ᠪᠠᠨ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠤᠬᠤᠷᠢᠨ ᠭᠠᠷᠭᠠᠨ᠎ᠠ︔ | ᠨᠥᠬᠦᠴᠡᠯ ᠳᠤ ᠨᠡᠶᠢᠴᠡᠭᠰᠡᠨ ᠪᠠᠶᠢᠪᠠᠯ ᠤᠯᠤᠰ ᠤᠨ ᠪᠠᠷᠢᠮᠵᠢᠶ᠎ᠠ ᠶᠣᠰᠣᠭᠠᠷ ᠦᠢᠯᠡᠳᠪᠦᠷᠢᠯᠡᠬᠦ ᠴᠢᠳᠠᠪᠤᠷᠢ ᠪᠠᠨ ᠰᠤᠯᠢᠵᠤ | ᠪᠣᠯᠤᠨ᠎ᠠ᠃ | ᠬᠡᠶᠢᠰᠪᠦᠷᠢ ᠵᠣᠭᠤᠰ ᠤᠨ ᠠᠭᠤᠷᠬᠠᠶ ᠮᠠᠯᠲᠠᠬᠤ᠄ ᠬᠡᠶᠢᠰᠪᠦᠷᠢ ᠵᠣᠭᠤᠰ ᠤᠨ ᠠᠭᠤᠷᠬᠠᠶ ᠮᠠᠯᠲᠠᠬᠤ ᠲᠥᠷᠥᠯ | ᠵᠦᠢᠯ ᠢ ᠪᠥᠬᠦ ᠲᠠᠯ᠎ᠠ ᠪᠠᠷ ᠢᠯᠭᠠᠷᠠᠭᠤᠯᠤᠨ ᠬᠠᠭᠠᠵᠤ ᠵᠣᠭᠰᠣᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠠᠶᠢᠩᠭᠤᠵᠢᠭᠤᠯᠤᠭᠰᠠᠨ ᠬᠢᠨᠠᠨ ᠬᠡᠮᠵᠢᠯᠲᠡ ᠶᠢ | ᠴᠢᠩᠭᠠᠳᠬᠠᠨ᠎ᠠ᠃ | 4. ︽ᠵᠢᠷᠭᠤᠭᠠᠨ ᠲᠤᠮᠤ ᠠᠵᠤ ᠦᠢᠯᠡᠰ︾ ᠤᠨ ᠪᠦᠭᠡᠮᠨᠡᠷᠡᠯ ᠢ ᠬᠦᠴᠦᠯᠡᠨ ᠪᠤᠶᠢᠵᠢᠭᠤᠯᠤᠨ᠎ᠠ᠃ ︵1︶ | ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠤᠯᠤᠭᠠᠶᠢᠯᠠᠭᠤᠯᠤᠭᠰᠠᠨ ᠪᠣᠬᠢᠷᠲᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ | ᠪᠦᠭᠡᠮᠨᠡᠷᠡᠯ ᠳᠤ᠂ ︽ᠨᠢᠭᠡ ᠰᠢᠷᠬᠡᠭ ᠡᠪᠡᠰᠦ ᠠᠴᠠ ᠨᠢᠭᠡ ᠴᠣᠮᠣ ᠰᠦ ᠬᠦᠷᠲᠡᠯ᠎ᠡ︾ ᠶᠢᠨ ᠲᠣᠭᠤᠷᠢᠨ ᠳᠤ᠂ ︽ | ᠰᠤᠳᠤᠯᠤᠨ ᠨᠡᠭᠡᠭᠡᠬᠦ— ᠦᠢᠯᠡᠳᠪᠦᠷᠢᠯᠡᠯ— ᠵᠠᠬ᠎ᠠ ᠳᠡᠯᠭᠡᠭᠦᠷ︾ ᠤᠨ ᠪᠦᠬᠦ ᠠᠵᠤ ᠦᠢᠯᠡᠰ ᠤᠨ ᠬᠡᠯᠬᠢᠶ᠎ᠡ ᠶᠢ | ᠪᠦᠷᠢᠯᠳᠦᠭᠦᠯᠵᠦ᠂ ᠪᠣᠬᠢᠷᠲᠤᠯ ᠦᠭᠡᠢ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ | ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠲᠠᠶᠢᠴᠢᠯᠠᠨ ᠳᠠᠭᠠᠭᠤᠯᠵᠤ᠂ ︽ᠳᠡᠯᠡᠬᠡᠢ ᠶᠢᠨ ᠰᠦ ᠶᠢᠨ ᠬᠤᠳᠠ︾ ᠶᠢ | ᠪᠦᠬᠦ ᠬᠦᠴᠦᠨ ᠢᠶᠠᠷ ᠢᠶᠠᠨ ᠪᠦᠳᠦᠬᠡᠨ ᠪᠠᠶᠢᠭᠤᠯᠤᠨ᠎ᠠ᠃ ︵2︶ ᠪᠣᠬᠢᠷᠲᠤᠯ ᠥᠬᠡᠶ ᠴᠠᠬᠢᠯᠭᠠᠨ ᠬᠦᠴᠦᠨ ᠢᠶᠠᠷ | ᠰᠠᠭᠤᠷᠢ ᠪᠣᠯᠭᠠᠭᠰᠠᠨ ᠴᠡᠪᠡᠷ ᠡᠨᠧᠷᠭᠢ ᠶᠢᠨ ᠠᠵᠤ ᠦᠢᠯᠡᠰ ᠤᠨ ᠪᠦᠭᠡᠮᠨᠡᠷᠡᠯ ᠢ ᠪᠤᠶᠢᠵᠢᠭᠤᠯᠵᠤ᠂ ᠰᠢᠨ᠎ᠡ | ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠠᠷᠢᠮᠲᠠᠯᠠᠨ᠂ ᠨᠡᠭᠦᠷᠡᠰᠦ ᠴᠠᠬᠢᠯᠭᠠᠨ ᠢ | ᠴᠡᠪᠡᠷᠰᠢᠭᠦᠯᠬᠦ᠂ ᠪᠣᠬᠢᠷᠲᠤᠯ ᠥᠬᠡᠶ ᠪᠣᠯᠭᠠᠬᠤ ᠥᠭᠡᠷᠡᠴᠢᠯᠡᠯᠲᠡ ᠶᠢ ᠲᠦᠷᠭᠡᠳᠬᠡᠵᠦ᠂ ᠡᠬᠢ ᠰᠤᠷᠪᠤᠯᠵᠢ ᠲᠣᠤᠷ | ᠰᠦᠯᠵᠢᠶ᠎ᠡ ᠴᠡᠨᠡᠭ ᠨᠥᠭᠡᠴᠡᠯᠡᠬᠦ ᠶᠢ ᠨᠢᠭᠡ ᠴᠤᠭᠴᠠᠵᠢᠭᠤᠯᠬᠤ ᠪᠠ ᠰᠠᠯᠬᠢᠨ ᠤ ᠡᠨᠧᠷᠭᠢ ᠨᠠᠷᠠᠨ ᠤ ᠡᠨᠧᠷᠭᠢ | ᠤᠰᠤᠲᠥ᠋ᠷᠥᠭᠴᠢ ᠨᠥᠭᠡᠴᠡᠯᠡᠬᠦ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠂ ᠠᠵᠤ ᠦᠢᠯᠡᠰ ᠤᠨ | ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠰᠢᠨ᠎ᠡ ᠶᠢ ᠡᠭᠦᠳᠬᠦ ᠬᠡᠯᠬᠢᠶ᠎ᠡ ᠶᠢ ᠰᠢᠯᠢᠳᠡᠭᠵᠢᠭᠦᠯᠦᠨ᠂ | ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠣᠯᠠᠨ ᠡᠰᠢᠲᠦ ᠰᠢᠨ᠎ᠡ ᠬᠡᠯᠪᠡᠷᠢ ᠶᠢᠨ ᠡᠨᠧᠷᠭᠢ ᠶᠢᠨ ᠪᠦᠲᠦᠴᠡ ᠶᠢ | ᠪᠠᠶᠢᠭᠤᠯᠤᠨ᠎ᠠ᠃ ︵3︶ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠴᠢᠭᠯᠡᠯ | ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠭᠡᠮᠨᠡᠷᠡᠯ ᠢ ᠪᠤᠶᠢᠵᠢᠭᠤᠯᠤᠨ᠂ ︽ | ᠡᠨᠧᠷᠭᠢ ᠪᠠ ᠬᠢᠮᠢ ᠶᠢ ᠨᠢᠭᠡ ᠴᠤᠭᠴᠠᠵᠢᠭᠤᠯᠬᠤ︾ ᠰᠡᠳᠬᠢᠴᠡ ᠶᠣᠰᠣᠭᠠᠷ᠂ ᠨᠡᠭᠦᠷᠡᠰᠦ ᠶᠢ ᠬᠢᠮᠢ ᠶᠢᠨ ᠠᠵᠤ | ᠦᠢᠯᠡᠳᠪᠦᠷᠢ ᠶᠢᠨ ᠲᠦᠭᠦᠬᠡᠶ ᠮᠠᠲ᠋ᠧᠷᠢᠶᠠᠯ ᠪᠣᠯᠭᠠᠨ ᠶᠡᠷᠦᠩᠬᠡᠶᠢᠯᠡᠨ ᠠᠰᠢᠭᠯᠠᠬᠤ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠂ ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠭᠤᠯᠵᠤ ᠪᠣᠯᠬᠤ ᠮᠠᠲ᠋ᠧᠷᠢᠶᠠᠯ ᠢ | ᠢᠳᠡᠪᠬᠢᠲᠡᠶ ᠬᠥᠭᠵᠢᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠢᠯᠠᠭᠤᠨ ᠲᠤᠰᠤ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠳᠡᠭᠡᠳᠦ ᠳᠡᠰ ᠤᠨ᠂ ᠤᠯᠠᠨ ᠡᠰᠢᠴᠢᠯᠡᠭᠰᠡᠨ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ᠃ ︵4︶ ᠡᠯᠧᠺᠲᠷᠣᠨ ᠲᠠᠰ ᠤᠨ ᠴᠠᠬᠢᠭᠤᠷ ᠤᠨ ᠮᠠᠲ᠋ᠧᠷᠢᠶᠠᠯ᠂ | ᠣᠶᠤᠨᠴᠢ ᠮᠡᠷᠭᠡᠵᠢᠯ ᠢᠶᠠᠷ ᠬᠥᠲᠥᠯᠦᠨ ᠳᠠᠭᠠᠭᠤᠯᠤᠭᠰᠠᠨ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠭᠡᠮᠨᠡᠷᠡᠯ ᠢ ᠪᠤᠶᠢᠵᠢᠭᠤᠯᠵᠤ᠂ ᠡᠯᠧᠺᠲᠷᠣᠨ ᠲᠠᠰ ᠤᠨ | ᠴᠠᠬᠢᠭᠤᠷ ᠤᠨ ᠲᠠᠩ ᠲᠠᠯᠠᠰᠲᠤ᠂ ᠨᠡᠭᠦᠷᠡᠰᠦᠲᠥ᠋ᠷᠥᠭᠴᠢᠲᠦ ᠴᠠᠬᠢᠭᠤᠷ᠂ ᠨᠡᠭᠦᠷᠡᠰᠦᠲᠥ᠋ᠷᠥᠭᠴᠢ ᠶᠢᠨ ᠰᠢᠷᠬᠡᠭᠯᠢᠭ᠂ | ᠹᠦᠯᠤᠷ ᠠᠯᠺᠤᠨ᠂ ᠰᠢᠨ᠎ᠡ ᠡᠨᠧᠷᠭᠢ ᠶᠢᠨ ᠬᠥᠳᠡᠯᠭᠡᠭᠴᠢ ᠬᠦᠴᠦᠨ ᠤ ᠳ᠋ᠢᠶᠠᠨ ᠤᠤᠢ ᠶᠢᠨ ᠰᠢᠨ᠎ᠡ ᠮᠠᠲ᠋ᠧᠷᠢᠶᠠᠯ᠂ | ᠹᠠᠯᠦ᠋ᠨ ᠰᠢᠷᠬᠡᠭᠯᠢᠭ ᠤᠨ ᠣᠷᠭᠠᠨᠢᠭ ᠰᠢᠨ᠎ᠡ ᠮᠠᠲ᠋ᠧᠷᠢᠶᠠᠯ᠂ ᠸᠠᠭᠠᠷ ᠱᠠᠭᠠᠵᠠᠩ ᠤᠨ ᠰᠢᠨ᠎ᠡ ᠮᠠᠲ᠋ᠧᠷᠢᠶᠠᠯ᠂ ᠰᠢᠨ᠎ᠡ | ᠡᠨᠧᠷᠭᠢ ᠶᠢᠨ ᠮᠠᠰᠢᠨ ᠲᠡᠷᠭᠡ ᠦᠢᠯᠡᠳᠬᠦ᠂ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠦᠢᠯᠡᠳᠬᠦ ᠵᠡᠷᠭᠡ | ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ︵5︶ ᠠᠮᠢᠳᠤ ᠪᠣᠳᠠᠰ ᠤᠨ ᠸᠠᠺᠼᠢᠨ ᠢᠶᠠᠷ | ᠭᠤᠣᠯᠳᠠᠯᠭ᠎ᠠ ᠪᠣᠯᠭᠠᠭᠰᠠᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠭᠡᠮᠨᠡᠷᠡᠯ ᠢ | ᠪᠤᠶᠢᠵᠢᠭᠤᠯᠵᠤ᠂ ᠠᠮᠢᠳᠤ ᠪᠣᠳᠠᠰ ᠤᠨ ᠸᠠᠺᠼᠢᠨ ᠤ ᠳᠡᠭᠡᠭᠰᠢᠯᠡᠭᠦᠯᠦᠨ ᠵᠡᠷᠭᠡ ᠲᠠᠰ ᠳᠡᠪᠰᠢᠭᠦᠯᠬᠦ᠂ ᠲᠦᠭᠦᠬᠡᠶ | ᠮᠠᠲ᠋ᠧᠷᠢᠶᠠᠯ ᠤᠨ ᠡᠮ ᠤᠨ ᠠᠵᠤ ᠠᠬᠤᠶᠢᠯᠠᠯ ᠢ ᠪᠡᠯᠡᠨ ᠡᠮ ᠪᠠ ᠨᠠᠶᠢᠷᠠᠯᠭ᠎ᠠ ᠳᠠᠰᠢ ᠤᠷᠲᠤᠳᠬᠠᠵᠤ᠂ ᠬᠢᠲᠠᠳ ︵ | ᠮᠣᠩᠭᠤᠯ︶ ᠡᠮ ᠡᠮᠨᠡᠯᠭᠡ ᠶᠢᠨ ᠬᠥᠭᠵᠢᠨ ᠪᠤᠵᠠᠭᠠᠶᠢᠷᠠᠬᠤ ᠶᠢ ᠲᠡᠳᠬᠦᠨ ᠳᠡᠮᠵᠢᠨ᠎ᠡ᠃ ︵6︶ ᠲᠤᠮᠤ ᠳ᠋ᠠᠶᠢᠲ᠋ᠠ᠂ | ᠡᠭᠦᠯᠡᠨ ᠪᠤᠳᠤᠯᠳᠠ ᠪᠠᠷ ᠣᠨᠴᠠᠯᠢᠭ ᠪᠣᠯᠭᠠᠭᠰᠠᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ | ᠦᠢᠯᠡᠰ ᠤᠨ ᠪᠦᠭᠡᠮᠨᠡᠷᠡᠯ ᠢ ᠪᠤᠶᠢᠵᠢᠭᠤᠯᠵᠤ᠂ ᠰᠢᠨ᠎ᠡ ᠪᠠᠷ ᠬᠥᠭᠵᠢᠭᠰᠡᠨ ᠲᠤᠭᠠᠴᠢᠯᠠᠭᠰᠠᠨ ᠮᠡᠷᠭᠡᠵᠢᠯ ᠤᠨ ᠠᠵᠤ | ᠦᠢᠯᠡᠰ ᠢ ᠲᠦᠷᠭᠡᠪᠴᠢᠯᠡᠨ ᠪᠠᠶᠢᠷᠢᠯᠠᠭᠤᠯᠵᠤ᠂ ᠲᠤᠭᠠᠴᠢᠯᠠᠭᠰᠠᠨ ᠠᠵᠤ ᠠᠬᠤᠶ ᠪᠠ ᠦᠢᠯᠡᠳᠬᠦ ᠦᠢᠯᠡᠰ ᠤᠨ | ᠭᠦᠨᠵᠡᠭᠡᠶ ᠠᠭᠤᠰᠤᠯᠴᠠᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠡᠯᠧᠺᠲᠷᠣᠨ ᠮᠡᠳᠡᠭᠡ ᠵᠠᠩᠭᠢ ᠶᠢᠨ | ᠦᠢᠯᠡᠳᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ᠳᠤᠮᠳᠠᠳᠤ ᠤᠯᠤᠰ ᠤᠨ ᠡᠭᠦᠯᠡᠨ ᠬᠥᠨᠳᠡᠶ︾ | ᠶᠢ ᠪᠦᠳᠦᠭᠡᠨ ᠪᠠᠶᠢᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | ︵ᠬᠤᠶᠠᠷ︶ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠪᠦᠬᠦ | ᠲᠠᠯ᠎ᠠ ᠪᠠᠷ ᠴᠢᠩᠭᠠᠳᠬᠠᠨ᠎ᠠ | ᠭᠤᠤᠯᠳᠠᠯᠭ᠎ᠠ ᠲᠠᠢ ᠡᠭᠦᠷᠭᠡ᠄ ︽ᠦᠢᠯᠡᠳᠪᠦᠷᠢᠯᠡᠯ᠂ ᠠᠮᠢᠳᠤᠷᠠᠯ︾ ᠤᠨ ᠡᠨᠧᠷᠭᠢ ᠬᠡᠷᠡᠭᠯᠡᠬᠦ ᠬᠤᠶᠠᠷ ᠶᠡᠭᠡ | ᠭᠤᠤᠯ ᠰᠡᠳᠦᠪ ᠢ ᠨᠢᠭᠡᠳᠦᠯᠲᠡᠶ ᠲᠥᠯᠥᠪᠯᠡᠵᠦ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠭᠤᠣᠯᠯᠠᠬᠤ | ᠦᠢᠯᠡᠳᠦᠯ ᠢ ᠪᠠᠳᠠᠷᠠᠭᠤᠯᠵᠤ᠂ ᠢᠯᠴᠢ ᠬᠠᠩᠭᠠᠬᠤ᠂ ᠪᠠᠷᠢᠯᠭ᠎ᠠ᠂ ᠵᠠᠮ ᠲᠡᠭᠡᠭᠡᠪᠦᠷᠢ᠂ ᠤᠯᠠᠨ ᠨᠡᠶᠢᠲᠡ ᠶᠢᠨ | ᠪᠠᠶᠢᠭᠤᠯᠤᠮᠵᠢ᠂ ᠲᠤᠭ᠎ᠠ ᠪᠠᠷᠢᠮᠲᠠ ᠶᠢᠨ ᠲᠥᠪ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠦᠨᠳᠦᠰᠦᠨ ᠦᠢᠯᠡᠳᠦᠯ ᠢ ᠲᠤᠪᠤᠶᠢᠯᠭᠠᠨ᠎ᠠ᠃ | ᠠᠵᠢᠯ ᠤᠨ ᠠᠷᠭ᠎ᠠ ᠬᠡᠮᠵᠢᠶ᠎ᠡ᠄ | 5. ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠭᠤᠤᠯᠯᠠᠬᠤ ᠦᠢᠯᠡᠳᠦᠯ ᠢ ᠪᠠᠳᠠᠷᠠᠭᠤᠯᠤᠨ᠎ᠠ᠃ ︵1 | ︶ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ | ᠬᠢᠭᠡᠳ ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ︾ ᠶᠢ ᠨᠠᠶᠢᠷᠠᠭᠤᠯᠤᠨ ᠵᠤᠬᠢᠶᠠᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠤᠭᠤᠴᠠᠭᠠᠨ ᠤ ᠬᠥᠬᠡᠬᠤᠲᠠ ᠶᠢᠨ ᠭᠤᠣᠯᠳᠠᠯᠭ᠎ᠠ ᠲᠠᠢ ᠡᠨᠧᠷᠭᠢ ᠬᠤᠷᠣᠭᠳᠠᠭᠤᠯᠬᠤ ᠠᠵᠢᠯ | ᠲᠥᠷᠥᠯ ᠤᠨ ᠡᠨᠧᠷᠭᠢ ᠠᠷᠪᠢᠯᠠᠬᠤ ᠭᠤᠣᠯ ᠭᠦᠢᠴᠡᠳᠬᠡᠬᠦ ᠲᠤᠭ᠎ᠠ ᠶᠢ ᠲᠣᠭᠲᠠᠭᠠᠵᠤ᠂ ᠠᠵᠤ ᠦᠢᠯᠡᠳᠪᠦᠷᠢ ᠶᠢᠨ | ᠡᠨᠧᠷᠭᠢ ᠶᠢᠨ ᠠᠰᠢᠭᠯᠠᠮᠵᠢ ᠶᠢᠨ ᠬᠢᠷᠢ ᠬᠡᠮᠵᠢᠶ᠎ᠡ ᠶᠢ ᠳᠠᠰᠤᠷᠠᠯᠳᠠ ᠥᠭᠡᠢ ᠳᠡᠭᠡᠭᠰᠢᠯᠡᠭᠦᠯᠦᠨ᠎ᠡ᠃ ︵2︶ ︽ | ᠬᠥᠬᠡᠬᠤᠲᠠ ᠶᠢᠨ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠤᠨ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ ᠤ | ᠬᠡᠦᠷᠰᠢᠭᠦᠯᠬᠦ᠂ ᠪᠣᠯᠣᠳ ᠲᠡᠮᠦᠷ᠂ ᠴᠠᠬᠢᠯᠠᠭᠤᠷ ᠴᠢᠯᠠᠭᠤ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ | ᠮᠠᠲ᠋ᠧᠷᠢᠶᠠᠯ ᠵᠡᠷᠭᠡ ᠡᠨᠧᠷᠭᠢ ᠶᠡᠭᠡ ᠬᠤᠷᠣᠭᠳᠠᠭᠤᠯᠬᠤ ᠠᠵᠤ ᠠᠬᠤᠶᠢᠯᠠᠯ ᠳᠤ ᠡᠨᠧᠷᠭᠢ ᠠᠷᠪᠢᠯᠠᠬᠤ ᠥᠭᠡᠷᠡᠴᠢᠯᠡᠯᠲᠡ | ᠬᠢᠵᠦ᠂ ᠥᠭᠡᠷᠡᠴᠢᠯᠡᠭᠰᠡᠨ ᠤ ᠳᠠᠷᠠᠭᠠᠬᠢ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ ᠢ ᠤᠯᠤᠰ ᠤᠨ | ᠬᠢᠵᠠᠭᠠᠷᠯᠠᠭᠰᠠᠨ ᠪᠠᠷᠢᠮᠵᠢᠶ᠎ᠠ ᠶᠢᠨ ᠲᠡᠷᠢᠭᠦᠨ ᠤ ᠬᠡᠮᠵᠢᠭᠳᠡᠯ ᠪᠤᠶᠤ ᠤᠯᠤᠰ ᠤᠨ ᠳᠣᠲᠣᠭᠠᠳᠤ ᠶᠢᠨ ᠠᠳᠠᠯᠢ ᠠᠵᠢᠯ | ᠲᠥᠷᠥᠯ ᠤᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠦᠨ᠎ᠡ᠃ ︵3︶ ᠠᠵᠤ ᠦᠢᠯᠡᠳᠪᠦᠷᠢ ᠶᠢ ᠪᠦᠬᠦ ᠲᠠᠯ᠎ᠠ ᠪᠠᠷ | ᠪᠣᠬᠢᠷᠲᠤᠯ ᠥᠬᠡᠶ ᠪᠤᠯᠭᠠᠨ ᠬᠤᠪᠢᠷᠠᠭᠤᠯᠵᠤ᠂ ᠪᠣᠬᠢᠷᠲᠤᠯ ᠥᠬᠡᠶ ᠦᠢᠯᠡᠳᠬᠦ ᠰᠢᠰᠲ᠋ᠧᠮᠵᠢ ᠶᠢ ᠲᠦᠷᠭᠡᠳᠬᠡᠨ | ᠪᠠᠶᠢᠭᠤᠯᠵᠤ᠂ ᠪᠣᠬᠢᠷᠲᠤᠯ ᠥᠬᠡᠶ ᠦᠢᠯᠡᠳᠬᠦᠨ᠂ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ ᠥᠬᠡᠶ ᠬᠦᠷᠢᠶᠡᠯᠡᠩ | ᠲᠣᠭᠤᠷᠢᠭ ᠪᠠ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶᠡᠰᠦ ᠶᠢᠨ ᠬᠥᠭᠵᠢᠯᠲᠡ ᠶᠢ ᠠᠬᠢᠭᠤᠯᠤᠨ᠂ ᠦᠢᠯᠡᠳᠬᠦ | ᠦᠢᠯᠡᠰ ᠤᠨ ᠡᠨᠧᠷᠭᠢ ᠠᠷᠪᠢᠯᠠᠬᠤ᠂ ᠥᠨᠳᠥᠷ ᠦᠷ᠎ᠡ ᠠᠰᠢᠭ ᠲᠠᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠂ ᠤᠷᠴᠢᠯ ᠬᠥᠭᠵᠢᠯᠲᠡ ᠶᠢ ᠪᠡᠶᠡᠯᠡᠭᠦᠯᠵᠦ᠂ 2025 ᠣᠨ ᠪᠣᠯᠬᠤ ᠳᠤ 35 ᠪᠣᠬᠢᠷᠲᠤᠯ ᠥᠬᠡᠶ ᠦᠢᠯᠡᠳᠪᠦᠷᠢ ᠶᠢ | ᠡᠭᠦᠳᠦᠨ ᠪᠠᠶᠢᠭᠤᠯᠤᠨ᠎ᠠ᠃ ︵4︶ ᠭᠤᠤᠯᠳᠠᠯᠭ᠎ᠠ ᠲᠠᠢ ᠠᠵᠢᠯ ᠲᠥᠷᠥᠯ ᠢ ᠬᠥᠲᠥᠯᠦᠨ ᠵᠢᠯᠣᠭᠤᠳᠴᠤ ᠪᠠᠶᠢᠭᠠᠳ | ᠠᠷᠢᠭᠤᠨ ᠴᠡᠪᠡᠷ ᠦᠢᠯᠡᠳᠪᠦᠷᠢᠯᠡᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠰᠠᠶᠢᠨ ᠳᠤᠷ᠎ᠠ ᠶᠢᠨ ᠴᠢᠨᠠᠷᠲᠠᠶ | ᠠᠷᠢᠭᠤᠨ ᠴᠡᠪᠡᠷ ᠦᠢᠯᠡᠳᠪᠦᠷᠢᠯᠡᠯ ᠢ ᠦᠨᠡᠯᠡᠵᠦ ᠭᠡᠷᠡᠴᠢᠯᠡᠬᠦ ᠶᠢ ᠥᠷᠨᠢᠭᠦᠯᠦᠨ᠂ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ | ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠶᠢ ᠡᠭᠡᠭᠦᠯᠦᠨ ᠬᠤᠷᠢᠶᠠᠬᠤ᠂ ᠬᠠᠶᠠᠭᠳᠠᠮᠠᠯ ᠬᠡᠶ ᠬᠠᠶᠠᠭᠳᠠᠮᠠᠯ ᠰᠢᠩᠭᠡᠨ | ᠬᠠᠶᠠᠭᠳᠠᠮᠠᠯ ᠰᠢᠭᠠᠷᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ 2025 ᠣᠨ ᠪᠣᠯᠬᠤ ᠳᠤ᠂ | ᠨᠢᠭᠡᠴᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠨᠧᠷᠭᠢ ᠶᠢᠨ | ᠬᠤᠷᠤᠭᠳᠠᠯ ᠢ 18% ᠪᠠᠭᠤᠷᠠᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 6.ᠢᠯᠴᠢ ᠬᠠᠩᠭᠠᠬᠤ ᠬᠦᠷᠢᠶᠡᠨ ᠤ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠨ᠎ᠠ᠃ ︵1︶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠬᠤᠲᠠ ᠶᠢᠨ ᠳᠥᠷᠪᠡᠨ | ᠲᠣᠭᠤᠷᠢᠭ ᠤᠨ ᠬᠢᠨ ᠨᠡᠭᠦᠷᠡᠰᠦ ᠰᠢᠲᠠᠭᠠᠬᠤ ᠭᠦᠸᠧᠯᠦ ᠶᠢᠨ ᠬᠡᠷ ︵ᠭᠡᠷᠡᠭᠯᠡᠭᠡᠨ ᠤ ᠤᠷᠬᠢᠯ ᠢ ᠲᠤᠬᠢᠷᠠᠭᠤᠯᠬᠤ ᠢᠯᠴᠢ | ᠶᠢᠨ ᠦᠢᠯᠡᠳᠪᠦᠷᠢ ᠠᠴᠠ ᠭᠠᠳᠠᠨ᠎ᠠ︶ ᠢ ᠳᠠᠭᠢᠵᠤ ᠰᠢᠨ᠎ᠡ ᠪᠠᠷ ᠪᠠᠶᠢᠭᠤᠯᠬᠤ ᠦᠭᠡᠢ᠂ ᠥᠷᠭᠡᠳᠬᠡᠨ ᠪᠠᠶᠢᠭᠤᠯᠬᠤ | ᠦᠭᠡᠢ᠂ ᠥᠭᠡᠷᠡᠴᠢᠯᠡᠨ ᠪᠠᠶᠢᠭᠤᠯᠬᠤ ᠥᠬᠡᠶ ᠪᠠᠶᠢᠵᠤ᠂ ᠴᠠᠬᠢᠯᠭᠠᠨ ᠬᠠᠩᠭᠠᠬᠤ ᠢᠯᠴᠢ ᠬᠠᠩᠭᠠᠬᠤ ᠰᠢᠰᠲ᠋ᠧᠮ ᠢ | ᠰᠢᠯᠢᠳᠡᠭᠵᠢᠭᠦᠯᠦᠨ ᠲᠠᠰ ᠳᠡᠪᠰᠢᠭᠦᠯᠦᠨ᠎ᠡ᠃ ︵2︶ ᠢᠯᠴᠢ ᠶᠢᠨ ᠲᠣᠤᠷ᠂ ᠴᠠᠬᠢᠯᠭᠠᠨ ᠤ ᠲᠣᠤᠷ ᠤᠨ ᠰᠢᠰᠲ᠋ᠧᠮ ᠢ | ᠲᠡᠭᠦᠯᠳᠡᠷᠵᠢᠭᠦᠯᠵᠦ᠂ ᠳ᠋ᠠ ᠲᠠᠩ ᠤᠨ ᠢᠯᠴᠢ ᠶᠢ ᠬᠥᠬᠡᠬᠤᠲᠠ ᠳᠤ ᠣᠷᠣᠭᠤᠯᠬᠤ᠂ ᠶᠢᠨ ᠱᠠᠨ ᠴᠠᠬᠢᠯᠭᠠᠨ ᠤ | ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠢᠯᠴᠢ ᠶᠢ ᠬᠥᠬᠡᠬᠤᠲᠠ ᠳᠤ ᠣᠷᠣᠭᠤᠯᠬᠤ ᠪᠠᠷᠢᠯᠭ᠎ᠠ ᠶᠢ | ᠪᠥᠲᠥᠭᠡᠨ ᠪᠠᠶᠢᠭᠤᠯᠵᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠬᠠᠷᠢᠯᠴᠠᠨ ᠬᠤᠯᠪᠤᠵᠤ ᠬᠠᠷᠢᠯᠴᠠᠨ | ᠨᠡᠪᠲᠡᠷᠡᠭᠦᠯᠵᠦ᠂ ᠢᠯᠴᠢ ᠶᠢ ᠨᠢᠭᠡᠳᠦᠯᠲᠡᠶ ᠲᠤᠬᠢᠷᠠᠭᠤᠯᠤᠨ᠎ᠠ᠃ ︵3︶ ᠠᠷᠢᠭᠤᠨ ᠴᠡᠪᠡᠷ ᠢᠶᠠᠷ ᠢᠯᠴᠢ ᠬᠠᠩᠭᠠᠬᠤ ᠶᠢ | ᠳᠡᠯᠭᠡᠷᠡᠭᠦᠯᠵᠦ᠂ ᠰᠠᠯᠬᠢᠨ ᠬᠦᠴᠦᠨ ᠤ ᠴᠠᠬᠢᠯᠭᠠᠨ ᠢᠶᠠᠷ ᠢᠯᠴᠢ ᠬᠠᠩᠭᠠᠬᠤ ᠶᠢ ᠡᠮᠬᠢ ᠵᠢᠷᠤᠮ ᠲᠠᠢ ᠬᠥᠭᠵᠢᠭᠦᠯᠦᠨ᠂ | ᠭᠠᠵᠠᠷ ᠤᠨ ᠢᠯᠴᠢ ᠶᠢ ᠵᠦᠶ ᠵᠣᠬᠢᠰᠲᠠᠶ ᠠᠰᠢᠭᠯᠠᠵᠤ᠂ ᠳᠣᠭᠢᠷᠠᠬᠤ ᠭᠠᠵᠠᠷ ᠣᠷᠣᠨ ᠳᠤ ᠠᠵᠤ ᠦᠢᠯᠡᠳᠪᠦᠷᠢ ᠶᠢᠨ | ᠦᠯᠡᠳᠡᠪᠦᠷᠢ ᠢᠯᠴᠢ ᠶᠢ ᠤᠷᠢᠳᠠᠪᠠᠷ ᠠᠰᠢᠭᠯᠠᠨ ᠢᠯᠴᠢ ᠬᠠᠩᠭᠠᠵᠤ᠂ ᠢᠯᠴᠢ ᠶᠢᠨ ᠬᠡᠮᠵᠢᠶ᠎ᠡ ᠪᠠᠷ ᠰᠦᠢᠳᠭᠡᠯ | ᠬᠤᠷᠢᠶᠠᠬᠤ ᠶᠢ ᠲᠤᠷᠰᠢᠯᠲᠠ ᠬᠢᠬᠦ ᠶᠢᠨ ᠬᠠᠮᠲᠤ ᠠᠯᠬᠤᠮ ᠠᠯᠬᠤᠮ ᠢᠶᠠᠷ ᠳᠡᠯᠭᠡᠷᠡᠭᠦᠯᠵᠦ᠂ 2025 ᠣᠨ ᠪᠣᠯᠬᠤ ᠳᠤ | ᠠᠷᠢᠭᠤᠨ ᠴᠡᠪᠡᠷ ᠢᠶᠠᠷ ᠢᠯᠴᠢ ᠬᠠᠩᠭᠠᠬᠤ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ︵4︶ ︽ᠡᠪᠦᠯ ᠤᠨ | ᠡᠪᠡᠳᠴᠢᠨ ᠢ ᠵᠣᠨ ᠵᠠᠰᠠᠬᠤ︾ ᠶᠢ ᠦᠷᠭᠦᠯᠵᠢᠯᠡᠨ ᠥᠷᠨᠢᠭᠦᠯᠵᠦ᠂ ᠢᠯᠴᠢ ᠬᠠᠩᠭᠠᠬᠤ ᠪᠡᠯᠡᠳᠬᠡᠮᠵᠢ ᠶᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠬᠤ᠂ ᠰᠡᠯᠪᠢᠨ ᠵᠠᠰᠠᠬᠤ᠂ ᠥᠭᠡᠷᠡᠴᠢᠯᠡᠬᠦ ᠪᠠ ᠠᠷᠠᠴᠢᠯᠠᠨ ᠬᠠᠮᠠᠭᠠᠯᠠᠵᠤ᠂ ᠲᠤᠰᠤᠯᠠᠬᠤ | ᠭᠤᠭᠤᠵᠢᠬᠤ ᠵᠡᠷᠭᠡ ᠰᠢᠯᠲᠠᠭᠠᠨ ᠠᠴᠠ ᠪᠣᠯᠤᠭᠰᠠᠨ ᠢᠯᠴᠢ ᠶᠢᠨ ᠰᠦᠢᠲᠦᠯ ᠢ ᠪᠠᠭᠠᠰᠬᠠᠨ᠎ᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠢᠯᠴᠢ ᠬᠠᠩᠭᠠᠬᠤ ᠡᠨᠧᠷᠭᠢ ᠶᠢᠨ | ᠬᠤᠷᠤᠭᠳᠠᠯ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︶ | 7. ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵1︶ | ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠠᠵᠢᠯᠯᠠᠭ᠎ᠠ ᠶᠢᠨ | ᠲᠥᠰᠦᠯ︾ ᠢ ᠲᠣᠭᠲᠠᠭᠠᠵᠤ᠂ ᠠᠵᠢᠯ ᠤᠨ ᠲᠥᠯᠥᠪᠯᠡᠭᠡ ᠶᠢ ᠣᠨ ᠬᠤᠪᠢᠶᠠᠨ ᠨᠠᠶᠢᠷᠠᠭᠤᠯᠤᠨ ᠵᠣᠬᠢᠶᠠᠵᠤ᠂ ᠪᠣᠬᠢᠷᠲᠤᠯ | ᠥᠬᠡᠶ ᠪᠠᠷᠢᠯᠭ᠎ᠠ ᠶᠢᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ᠃ ︽2︶ ᠬᠤᠲᠠ ᠪᠠᠯᠭᠠᠰᠤ ᠶᠢᠨ | ᠪᠣᠬᠢᠷᠲᠤᠯ ᠥᠬᠡᠶ ᠪᠠᠷᠢᠯᠭ᠎ᠠ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ᠂ ᠪᠣᠬᠢᠷᠲᠤᠯ ᠥᠬᠡᠶ ᠠᠮᠢ | ᠠᠬᠤᠶ ᠶᠢᠨ ᠬᠤᠷᠢᠶᠠᠯᠠᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ 2025 ᠣᠨ | ᠪᠣᠯᠬᠤ ᠳᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ | ᠡᠵᠡᠯᠡᠬᠦ ᠬᠠᠷᠢᠴᠠᠯ ᠢ 35% ᠶᠢ ᠳᠠᠪᠠᠭᠤᠯᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ | ᠬᠠᠷᠢᠴᠠᠯ ᠢ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ 30% ᠬᠦᠷᠭᠡᠨ᠎ᠡ᠃ ︵3︶ ᠨᠢᠭᠡᠨᠲᠡ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠬᠠᠭᠤᠴᠢᠨ ᠬᠤᠷᠢᠶᠠᠯᠠᠯ ᠤᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠪᠥᠲᠥᠭᠡᠨ ᠪᠠᠶᠢᠭᠤᠯᠤᠯᠲᠠ᠂ ᠬᠤᠲᠠ ᠶᠢᠨ ᠦᠵᠡᠮᠵᠢ ᠶᠢ ᠴᠡᠭᠴᠡᠯᠡᠨ ᠵᠠᠰᠠᠬᠤ | ᠵᠡᠷᠭᠡ ᠠᠵᠢᠯ ᠲᠠᠢ ᠤᠶᠠᠯᠳᠤᠭᠤᠯᠤᠨ᠂ ᠪᠠᠷᠢᠯᠭ᠎ᠠ ᠶᠢᠨ ᠬᠦᠷᠢᠶ᠎ᠡ ᠬᠠᠰᠢᠶ᠎ᠠ᠂ ᠡᠭᠦᠳᠡ ᠴᠣᠩᠬᠤ᠂ ᠭᠠᠳᠠᠷ ᠲᠠᠯ᠎ᠠ ᠶᠢᠨ | ᠨᠠᠷᠠ ᠬᠠᠯᠬᠠᠯᠠᠬᠤ᠂ ᠠᠶᠠᠨᠳᠠᠭᠠᠨ ᠰᠠᠯᠬᠢ ᠨᠡᠪᠲᠡᠷᠡᠬᠦ᠂ ᠡᠨᠧᠷᠭᠢ ᠬᠡᠷᠡᠭᠯᠡᠬᠦ ᠲᠥᠬᠦᠭᠡᠷᠦᠮᠵᠢ᠂ ᠳᠠᠬᠢᠨ ᠡᠭᠦᠰᠴᠦ | ᠪᠣᠯᠬᠤ ᠡᠨᠧᠷᠭᠢ ᠶᠢᠨ ᠠᠰᠢᠭᠯᠠᠯᠲᠠ ᠵᠡᠷᠭᠡ ᠪᠠᠷ ᠭᠤᠤᠯᠳᠠᠯᠭ᠎ᠠ ᠪᠣᠯᠭᠠᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠥᠷᠨᠢᠭᠦᠯᠵᠦ᠂ 2025 ᠣᠨ ᠪᠣᠯᠬᠤ ᠳᠤ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ 800 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠦᠨ᠎ᠡ᠃ ︵4︶ ᠰᠢᠨ᠎ᠡ | ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠵᠡᠷᠭᠡ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠪᠠ ᠪᠠᠷᠢᠯᠭ᠎ᠠ ᠶᠢᠨ | ᠡᠨᠧᠷᠭᠢ ᠠᠷᠪᠢᠯᠠᠬᠤ ᠮᠡᠷᠭᠡᠵᠢᠯ ᠤᠨ ᠬᠡᠷᠡᠭᠯᠡᠯᠲᠡ ᠶᠢ ᠢᠳᠡᠪᠬᠢᠲᠡᠶ ᠳᠡᠯᠭᠡᠷᠡᠭᠦᠯᠵᠦ᠂ ᠪᠠᠷᠢᠯᠭ᠎ᠠ ᠶᠢᠨ ᠡᠨᠧᠷᠭᠢ | ᠠᠷᠪᠢᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠢ ᠬᠥᠭᠵᠢᠭᠦᠯᠦᠨ᠂ 2025 ᠣᠨ ᠪᠣᠯᠬᠤ ᠳᠤ᠂ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ ᠲᠠᠯᠠᠪᠠᠶ ᠶᠢ 150 ᠲᠦᠮᠡᠨ ᠲᠡᠭᠰᠢ ᠳᠥᠷᠪᠡᠯᠵᠢᠨ ᠮᠧᠲᠷ ᠲᠤ | ᠬᠦᠷᠦᠭᠦᠯᠬᠦ ᠪᠠᠷ ᠴᠢᠷᠮᠠᠶᠢᠵᠤ᠂ ᠪᠠᠷᠢᠯᠭ᠎ᠠ ᠶᠢᠨ ᠳᠤᠯᠠᠭᠠᠨ ᠬᠠᠳᠠᠭᠠᠯᠠᠬᠤ ᠪᠦᠲᠦᠴᠡ ᠶᠢ ᠨᠢᠭᠡ ᠴᠤᠭᠴᠠᠵᠢᠭᠤᠯᠬᠤ | ᠲᠥᠷᠥᠯ ᠵᠦᠢᠯ ᠤᠨ ᠡᠵᠡᠯᠡᠬᠦ ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠵᠦ᠂ ᠳᠠᠬᠢᠨ ᠡᠭᠦᠰᠴᠦ ᠪᠣᠯᠬᠤ | ᠡᠨᠧᠷᠭᠢ ᠶᠢᠨ ᠰᠤᠷᠪᠤᠯᠵᠢ ᠶᠢ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠬᠡᠷᠡᠭᠯᠡᠬᠦ ᠬᠠᠷᠢᠴᠠᠯ ᠢ 30% ᠳᠤ | ᠬᠦᠷᠦᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠶᠢᠭᠤᠯᠭ᠎ᠠ ᠶᠢᠨ ᠬᠡᠷᠡᠭ | ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶ᠎ᠠ︶ | 8. ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠡᠨᠧᠷᠭᠢ ᠠᠷᠪᠢᠯᠠᠬᠤ ᠶᠢ ᠴᠢᠩᠭᠠᠷᠠᠭᠤᠯᠤᠨ᠎ᠠ᠃ ︵ | 1︶ ᠪᠣᠬᠢᠷᠲᠤᠯ ᠥᠬᠡᠶ ᠲᠡᠮᠦᠷ ᠵᠠᠮ᠂ ᠪᠣᠬᠢᠷᠲᠤᠯ ᠥᠬᠡᠶ ᠵᠠᠰᠠᠮᠠᠯ ᠵᠠᠮ᠂ ᠪᠣᠬᠢᠷᠲᠤᠯ ᠥᠬᠡᠶ ᠨᠢᠰᠬᠡᠯ ᠤᠨ | ᠪᠠᠭᠤᠳᠠᠯ ᠢᠶᠠᠷ ᠭᠤᠤᠯᠳᠠᠯᠭ᠎ᠠ ᠪᠣᠯᠭᠠᠭᠰᠠᠨ ᠶᠡᠷᠦᠩᠬᠡᠶᠢᠯᠡᠭᠰᠡᠨ ᠪᠣᠬᠢᠷᠲᠤᠯ ᠥᠬᠡᠶ ᠵᠠᠮ ᠬᠠᠷᠢᠯᠴᠠᠭᠠᠨ ᠤ | ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠠᠬᠢᠯᠭᠠᠨ ᠴᠡᠨᠡᠭᠯᠡᠵᠦ ᠰᠣᠯᠢᠬᠤ᠂ ᠨᠡᠮᠡᠬᠦ ︵ᠬᠡᠢ︶᠂ | ᠤᠰᠤᠲᠥ᠋ᠷᠥᠭᠴᠢ ᠨᠡᠮᠡᠬᠦ᠂ ᠨᠢᠰᠬᠡᠯ ᠤᠨ ᠪᠠᠭᠤᠳᠠᠯ ᠤᠨ ᠬᠠᠵᠠᠭᠤ ᠶᠢᠨ ᠴᠠᠬᠢᠯᠭᠠᠨ ᠵᠡᠷᠭᠡ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ︵2︶ ︽ᠨᠡᠶᠢᠲᠡ ᠶᠢᠨ ᠵᠠᠮ ᠬᠠᠷᠢᠯᠴᠠᠭ᠎ᠠ ᠶᠢ | ᠲᠡᠷᠢᠭᠦᠨ ᠳᠤ ᠲᠠᠯᠪᠢᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠵᠢᠮᠲᠤ ᠵᠠᠮ + | ᠨᠡᠶᠢᠲᠡ ᠶᠢᠨ ᠮᠠᠰᠢᠨ ᠲᠡᠷᠭᠡ + ᠤᠳᠠᠭᠠᠨ ᠶᠠᠪᠤᠬᠤ︾ ᠳᠥᠭᠦᠮ ᠳᠥᠲᠡ ᠵᠠᠮ ᠬᠠᠷᠢᠯᠴᠠᠭᠠᠨ ᠤ ᠲᠣᠤᠷ | ᠰᠦᠯᠵᠢᠶ᠎ᠡ ᠶᠢ ᠲᠡᠭᠦᠯᠳᠡᠷᠵᠢᠭᠦᠯᠦᠨ᠂ ︽ᠮᠤᠬᠤᠷ ᠵᠠᠮ︾ ᠢ ᠠᠷᠢᠯᠭᠠᠵᠤ᠂ ︽ᠪᠢᠴᠢᠯ ᠣᠷᠴᠢᠯ︾ ᠢ ᠰᠠᠭᠠᠳ ᠥᠬᠡᠶ | ᠨᠡᠪᠲᠡᠷᠡᠭᠦᠯᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠪᠣᠬᠢᠷᠲᠤᠯ ᠥᠬᠡᠶ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠠᠶᠠᠯᠠᠯ ᠤᠨ ᠠᠷᠭ᠎ᠠ ᠮᠠᠶ᠋ᠢᠭ ᠢ ᠤᠷᠢᠳᠠᠪᠠᠷ ᠰᠣᠩᠭᠤᠭᠤᠯᠤᠨ᠎ᠠ᠃ ︵3︶ ᠡᠨᠧᠷᠭᠢ | ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠶᠡᠬᠡᠪᠡᠷ ᠳᠡᠯᠭᠡᠷᠡᠭᠦᠯᠵᠦ᠂ ᠴᠡᠪᠡᠷ ᠡᠨᠧᠷᠭᠢ ᠶᠢ ᠳᠡᠯᠭᠡᠷᠡᠭᠦᠯᠬᠦ | ᠪᠠ ᠬᠡᠷᠡᠭᠯᠡᠬᠦ ᠶᠢ ᠲᠦᠷᠭᠡᠳᠬᠡᠨ᠂ ᠴᠡᠪᠡᠷ ᠲᠦᠯᠡᠰᠢ ᠲᠠᠢ ᠲᠡᠷᠭᠡ ᠬᠥᠰᠬᠡ ᠶᠢᠨ ᠡᠵᠡᠯᠡᠬᠦ ᠬᠠᠷᠢᠴᠠᠯ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠲᠦᠷᠢᠶᠡᠰᠦᠨ ᠮᠠᠰᠢᠨ ᠲᠡᠷᠭᠡ ᠶᠢ ᠰᠢᠨᠡᠳᠬᠡᠨ ᠰᠣᠯᠢᠬᠤ ᠶᠢ ᠲᠦᠷᠭᠡᠳᠬᠡᠨ᠂ | ᠲᠦᠷᠢᠶᠡᠰᠦᠨ ᠮᠠᠰᠢᠨ ᠲᠡᠷᠭᠡ ᠶᠢᠨ ᠲᠤᠰᠤ᠂ ᠬᠡᠢ ᠶᠢᠨ ᠬᠤᠷᠣᠭᠳᠠᠯ ᠢ ᠪᠠᠭᠠᠰᠬᠠᠨ᠎ᠠ᠃ ︵4︶ ᠲᠡᠮᠥᠷ ᠵᠠᠮ ᠤᠨ | ᠲᠤᠰᠬᠠᠶ ᠬᠡᠷᠡᠭᠯᠡᠭᠡᠨ ᠤ ᠱᠤᠭᠤᠮ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠡᠮᠥᠷ ᠵᠠᠮ ᠤᠨ | ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠲᠡᠮᠥᠷ ᠵᠠᠮ ᠤᠨ ᠲᠤᠰᠬᠠᠶ | ᠬᠡᠷᠡᠭᠯᠡᠭᠡᠨ ᠤ ᠱᠤᠭᠤᠮ ᠲᠠᠢ ᠨᠡᠭᠦᠷᠡᠰᠦ᠂ ᠪᠤᠯᠤᠳ ᠲᠡᠮᠥᠷ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠴᠠᠬᠢᠯᠭᠠᠨ | ᠬᠦᠴᠦ᠂ ᠬᠡᠦᠷᠰᠢᠭᠦᠯᠬᠦ ᠵᠡᠷᠭᠡ ᠲᠤᠮᠤ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠤᠨ ᠶᠡᠭᠡ ᠬᠡᠮᠵᠢᠶᠡᠨ ᠤ ᠪᠠᠷᠠᠭ᠎ᠠ ᠶᠢ ᠠᠯᠬᠤᠮ ᠠᠯᠬᠤᠮ ᠢᠶᠠᠷ ᠲᠡᠮᠥᠷ ᠵᠠᠮ ᠢᠶᠠᠷ | ᠲᠡᠭᠡᠭᠡᠪᠦᠷᠢᠯᠡᠨ᠎ᠡ᠃ 2025 ᠣᠨ ᠪᠣᠯᠬᠤ ᠳᠤ᠂ ᠪᠥᠬᠦ ᠬᠤᠲᠠ ᠶᠢᠨ ᠰᠢᠨ᠎ᠡ ᠡᠨᠧᠷᠭᠢ ᠵᠢᠴᠢ ᠴᠡᠪᠡᠷ ᠡᠨᠧᠷᠭᠢ ᠶᠢᠨ | ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 100% ᠳᠤ ᠬᠦᠷᠦᠭᠦᠯᠵᠦ᠂ ᠬᠤᠲᠠ ᠶᠢᠨ ᠳᠥᠷᠪᠡᠨ ᠲᠣᠭᠤᠷᠢᠭ ᠤᠨ | ᠨᠡᠶᠢᠲᠡ ᠶᠢᠨ ᠵᠠᠮ ᠬᠠᠷᠢᠯᠴᠠᠭᠠᠨ ᠤ ᠮᠠᠰᠢᠨᠴᠢᠯᠠᠭᠰᠠᠨ ᠠᠶᠠᠯᠠᠯ ᠢ ᠬᠤᠪᠢᠶᠠᠨ ᠡᠭᠦᠷᠭᠡᠯᠡᠬᠦ ᠨᠣᠷᠮ᠎ᠠ ᠶᠢ 40% ᠠᠴᠠ | ᠳᠣᠤᠷ᠎ᠠ ᠪᠠᠶᠢᠯᠭᠠᠬᠤ ᠥᠬᠡᠶ᠂ ᠪᠣᠬᠢᠷᠲᠤᠯ ᠥᠬᠡᠶ ᠠᠶᠠᠯᠠᠯ ᠤᠨ ᠬᠠᠷᠢᠴᠠᠯ ᠢ 70% ᠳᠤ ᠬᠦᠷᠦᠭᠦᠯᠦᠨ᠎ᠡ᠃ ︵ | ᠬᠠᠷᠢᠭᠤᠴᠠᠬᠤ ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ | 9. ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠵᠢᠱᠢᠶ᠎ᠡ ᠦᠵᠡᠭᠦᠯᠬᠦ ᠦᠢᠯᠡᠳᠦᠯ ᠢ | ᠳᠡᠭᠡᠭᠰᠢᠯᠡᠭᠦᠯᠦᠨ᠎ᠡ᠃ ︵1︶ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠲᠥᠷᠢᠮ ᠢ ᠪᠥᠷᠢᠨᠰᠢᠬᠦᠯᠥᠨ᠂ ᠤᠯᠠᠨ | ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠡᠮᠵᠢᠯᠲᠡ ᠶᠢᠨ ᠪᠠ ᠡᠨᠧᠷᠭᠢ ᠶᠢᠨ ᠬᠤᠷᠤᠭᠳᠠᠯ ᠤᠨ ᠲᠣᠭᠲᠠᠭᠰᠠᠨ | ᠲᠤᠭᠠᠨ ᠤ ᠬᠠᠮᠢᠶᠠᠷᠤᠯᠲᠠ᠂ ᠡᠨᠧᠷᠭᠢ ᠶᠢᠨ ᠬᠢᠨᠠᠨ ᠪᠤᠳᠤᠬᠤ ᠲᠥᠷᠢᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ | ᠪᠠᠶᠢᠭᠤᠯᠤᠮᠵᠢ ᠶᠢᠨ ᠡᠨᠧᠷᠭᠢ ᠶᠢᠨ ᠬᠡᠷᠡᠭᠯᠡᠭᠡ ᠶᠢ ᠲᠡᠰ ᠬᠤᠪᠢᠶᠠᠨ᠂ ᠵᠦᠢᠯ ᠬᠤᠪᠢᠶᠠᠨ ᠬᠡᠮᠵᠢᠬᠦ ᠬᠠᠮᠢᠶᠠᠷᠤᠯᠲᠠ ᠶᠢ | ᠲᠥᠯᠬᠢᠨ ᠠᠬᠢᠭᠤᠯᠵᠤ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠭᠤᠣᠯᠳᠠᠯᠭ᠎ᠠ ᠲᠠᠢ ᠡᠨᠧᠷᠭᠢ ᠬᠡᠷᠡᠭᠯᠡᠬᠦ | ᠨᠢᠭᠡᠴᠡ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠬᠠᠷᠠᠯᠲᠠ ᠶᠢ ᠵᠠᠳᠠᠯᠬᠤ᠂ ᠬᠢᠨᠠᠯᠲᠠ ᠲᠠᠯᠪᠢᠵᠤ ᠬᠢᠨᠠᠨ | ᠰᠢᠯᠭᠠᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ︵2︶ ᠣᠯᠠᠨ | ᠨᠡᠶᠢᠲᠡ ᠶᠢᠨ ᠪᠠᠶᠢᠭᠤᠯᠤᠮᠵᠢ ᠶᠢᠨ ᠠᠯᠪᠠᠨ ᠠᠵᠢᠯ ᠤᠨ ᠪᠠᠷᠢᠯᠭ᠎ᠠ᠂ ᠡᠨᠧᠷᠭᠢ ᠬᠡᠷᠡᠭᠯᠡᠬᠦ ᠪᠡᠯᠡᠳᠬᠡᠮᠵᠢ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ | ᠳᠡᠯᠭᠡᠷᠡᠭᠦᠯᠦᠨ ᠬᠡᠷᠡᠭᠯᠡᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠦᠢᠯᠡᠳᠬᠦᠨ ᠢ | ᠠᠯᠪᠠᠳᠠᠯᠭ᠎ᠠ ᠪᠠᠷ ᠬᠤᠳᠠᠯᠳᠤᠨ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠡᠨᠧᠷᠭᠢ ᠠᠷᠪᠢᠯᠠᠬᠤ᠂ ᠤᠰᠤ | ᠠᠷᠪᠢᠯᠠᠬᠤ᠂ ᠮᠠᠲ᠋ᠧᠷᠢᠶᠠᠯ ᠠᠷᠪᠢᠯᠠᠬᠤ ᠦᠢᠯᠡᠳᠬᠦᠨ ᠢ ᠤᠷᠢᠳᠠᠪᠠᠷ ᠬᠤᠳᠠᠯᠳᠤᠨ ᠠᠪᠤᠨ᠎ᠠ᠃ ︵3︶ ᠠᠷᠪᠢᠯᠠᠨ | ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠯ᠎ᠡ | ᠱᠠᠲᠤᠨ ᠤ ᠪᠠᠶᠢᠭᠤᠯᠭ᠎ᠠ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ | ᠲᠠᠮᠢᠷ ᠵᠡᠷᠭᠡ ᠰᠢᠰᠲ᠋ᠧᠮ ᠳᠤ ᠠᠷᠪᠢᠯᠠᠨ ᠭᠠᠮᠨᠠᠬᠤ ᠬᠡᠯᠪᠡᠷᠢ ᠶᠢᠨ ᠤᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ | ᠦᠵᠡᠭᠦᠯᠬᠦ ᠨᠢᠭᠡᠴᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵4︶ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠡᠷᠡᠭ ᠤᠨ | ᠵᠢᠱᠢᠶ᠎ᠡ ᠶᠢᠨ ᠤᠬᠠᠭᠤᠯᠭ᠎ᠠ ᠶᠢ ᠥᠷᠨᠢᠭᠦᠯᠵᠦ᠂ ᠡᠨᠧᠷᠭᠢ ᠶᠢᠨ ᠰᠤᠷᠪᠤᠯᠵᠢ ᠶᠢᠨ ᠵᠠᠷᠤᠳᠠᠯ ᠢ ᠨᠠᠶᠢᠳᠠᠨ | ᠬᠠᠮᠢᠶᠠᠷᠤᠭᠤᠯᠬᠤ ᠵᠡᠷᠭᠡ ᠡᠨᠧᠷᠭᠢ ᠶᠢᠨ ᠰᠤᠷᠪᠤᠯᠵᠢ ᠶᠢᠨ ᠭᠡᠷᠡᠲᠦ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠬᠦ ᠶᠢ | ᠵᠣᠷᠢᠭᠵᠢᠭᠤᠯᠵᠤ᠂ ᠨᠡᠷᠡᠨ ᠤ ᠡᠨᠧᠷᠭᠢ᠂ ᠰᠠᠯᠬᠢᠨ ᠤ ᠡᠨᠧᠷᠭᠢ ᠵᠡᠷᠭᠡ ᠴᠡᠪᠡᠷ ᠡᠨᠧᠷᠭᠢ ᠶᠢ ᠳᠡᠯᠭᠡᠷᠡᠭᠦᠯᠦᠨ ᠬᠡᠷᠡᠭᠯᠡᠵᠦ᠂ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠤᠨ᠎ᠠ᠃ | 2025 ᠣᠨ ᠪᠣᠯᠬᠤ ᠳᠤ᠂ ᠣᠯᠠᠨ ᠨᠡᠶᠢᠲᠡ ᠶᠢᠨ ᠪᠠᠶᠢᠭᠤᠯᠤᠮᠵᠢ ᠨᠢᠭᠡᠴᠡ ᠶᠢᠨ ᠪᠠᠷᠢᠯᠭ᠎ᠠ ᠶᠢᠨ ᠲᠠᠯᠠᠪᠠᠶ ᠶᠢᠨ | ᠡᠨᠧᠷᠭᠢ ᠶᠢᠨ ᠬᠤᠷᠤᠭᠳᠠᠯ ᠢ 5% ᠪᠠᠭᠤᠷᠠᠭᠤᠯᠵᠤ᠂ ᠬᠥᠮᠦᠨ ᠳᠤᠮᠳᠠᠴᠢ ᠶᠢᠨ ᠶᠡᠷᠦᠩᠬᠡᠶᠢᠯᠡᠭᠰᠡᠨ ᠡᠨᠧᠷᠭᠢ ᠶᠢᠨ | ᠬᠤᠷᠤᠭᠳᠠᠯ ᠢ 6% ᠪᠠᠭᠤᠷᠠᠭᠤᠯᠵᠤ᠂ ᠬᠥᠮᠦᠨ ᠳᠤᠮᠳᠠᠴᠢ ᠶᠢᠨ ᠤᠰᠤ ᠬᠡᠷᠡᠭᠯᠡᠬᠦ ᠬᠡᠮᠵᠢᠶ᠎ᠡ ᠶᠢ 6% | ᠪᠠᠭᠤᠷᠠᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠬᠤ ᠨᠢᠭᠡᠴᠡ᠄ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | 10. ᠲᠤᠭ᠎ᠠ ᠪᠠᠷᠢᠮᠲᠠ ᠶᠢᠨ ᠲᠥᠪ ᠤᠨ ᠡᠨᠧᠷᠭᠢ ᠠᠷᠪᠢᠯᠠᠬᠤ ᠶᠢ ᠴᠢᠩᠭᠠᠳᠬᠠᠨ᠎ᠠ᠃ ︽1︶ ᠲᠤᠭ᠎ᠠ | ᠪᠠᠷᠢᠮᠲᠠ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠲᠣᠮᠣ ᠬᠡᠯᠪᠡᠷᠢ ᠶᠢᠨ᠂ ᠬᠡᠲᠦ ᠲᠣᠮᠣ ᠬᠡᠯᠪᠡᠷᠢ ᠶᠢᠨ ᠲᠤᠭ᠎ᠠ | ᠪᠠᠷᠢᠮᠲᠠ ᠶᠢᠨ ᠲᠥᠪ ᠢ ᠬᠤᠷᠢᠨᠭᠡᠷ ᠰᠢᠨ᠎ᠡ ᠲᠣᠭᠤᠷᠢᠭ ᠲᠤ ᠪᠠᠶᠢᠷᠢᠰᠢᠭᠤᠯᠵᠤ᠂ PUE ᠬᠡᠮᠵᠢᠭᠳᠡᠯ ︵ᠴᠠᠬᠢᠯᠭᠠᠨ | ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ︶ ᠢ 1.2 ᠠᠴᠠ ᠬᠡᠲᠦᠷᠡᠭᠦᠯᠬᠦ ᠥᠬᠡᠶ᠂ ᠪᠤᠰᠤᠳ ᠭᠠᠵᠠᠷ | ᠣᠷᠣᠨ ᠤ ᠲᠤᠭ᠎ᠠ ᠪᠠᠷᠢᠮᠲᠠ ᠶᠢᠨ ᠲᠥᠪ ᠤᠨ PUE ᠬᠡᠮᠵᠢᠭᠳᠡᠯ ᠢ 1.3 ᠠᠴᠠ ᠬᠡᠲᠦᠷᠡᠭᠦᠯᠬᠦ ᠥᠬᠡᠶ᠃ ︵2︶ | ᠨᠢᠭᠡᠨᠲᠡ ᠪᠠᠶᠢᠭ᠎ᠠ ᠲᠤᠭ᠎ᠠ ᠪᠠᠷᠢᠮᠲᠠ ᠶᠢᠨ ᠲᠥᠪ ᠤᠨ ᠪᠣᠬᠢᠷᠲᠤᠯ ᠥᠬᠡᠶ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠠᠬᠢᠭᠤᠯᠵᠤ᠂ ᠥᠨᠳᠥᠷ ᠦᠷ᠎ᠡ ᠠᠰᠢᠭ ᠲᠠᠢ ᠬᠥᠯᠳᠡᠭᠡᠬᠦ ᠮᠡᠷᠭᠡᠵᠢᠯ᠂ ᠲᠡᠷᠢᠭᠦᠨ ᠤ ᠰᠠᠯᠬᠢ ᠨᠡᠪᠲᠡᠷᠡᠭᠦᠯᠬᠦ ᠮᠡᠷᠭᠡᠵᠢᠯ᠂ | ᠦᠯᠡᠳᠡᠪᠦᠷᠢ ᠢᠯᠴᠢ ᠶᠢ ᠠᠰᠢᠭᠯᠠᠬᠤ ᠮᠡᠷᠭᠡᠵᠢᠯ᠂ ᠡᠨᠧᠷᠭᠢ ᠶᠢᠨ ᠬᠤᠷᠣᠭᠳᠠᠯ ᠤᠨ ᠬᠠᠮᠢᠶᠠᠷᠤᠯᠲᠠ ᠶᠢᠨ ᠰᠢᠰᠲ᠋ᠧᠮ | ᠵᠡᠷᠭᠡ ᠶᠢ ᠳᠡᠯᠭᠡᠷᠡᠭᠦᠯᠵᠦ᠂ ᠡᠨᠧᠷᠭᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵3︶ | ᠲᠤᠭ᠎ᠠ ᠪᠠᠷᠢᠮᠲᠠ ᠶᠢᠨ ᠲᠥᠪ ᠤᠨ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠣᠯᠠᠨ ᠡᠰᠢᠵᠢᠭᠰᠡᠨ | ᠡᠨᠧᠷᠭᠢ ᠶᠢᠨ ᠬᠠᠩᠭᠠᠯᠭ᠎ᠠ ᠶᠢᠨ ᠵᠠᠭᠪᠤᠷ ᠢ ᠰᠦᠪᠡᠭᠴᠢᠯᠡᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ | ᠪᠠᠶᠢᠭᠠᠯᠢ ᠶᠢᠨ ᠬᠦᠢᠲᠡᠨ ᠰᠤᠷᠪᠤᠯᠵᠢ᠂ ᠲᠣᠭᠲᠠᠮᠠᠯ ᠭᠦᠶᠦᠳᠡᠯᠲᠦ ᠴᠠᠬᠢᠯᠭᠠᠨ ᠢᠶᠠᠷ ᠴᠠᠬᠢᠯᠭᠠᠨ ᠬᠠᠩᠭᠠᠬᠤ᠂ ︽ᠬᠡᠷᠡᠯ | ᠴᠡᠨᠡᠭ + ᠡᠨᠧᠷᠭᠢ ᠨᠦᠬᠡᠴᠡᠯᠡᠬᠦ︾᠂ ᠲᠠᠷᠬᠠᠢ ᠬᠡᠯᠪᠡᠷᠢ ᠶᠢᠨ ᠡᠨᠧᠷᠭᠢ ᠨᠦᠬᠡᠴᠡᠯᠡᠬᠦ ᠵᠡᠷᠭᠡ ᠮᠡᠷᠭᠡᠵᠢᠯ ᠤᠨ ᠵᠠᠭᠪᠤᠷ ᠢ | ᠬᠡᠷᠡᠭᠯᠡᠨ᠂ ᠲᠤᠭ᠎ᠠ ᠪᠠᠷᠢᠮᠲᠠ ᠶᠢᠨ ᠲᠥᠪ ᠤᠨ ᠨᠡᠭᠦᠷᠡᠰᠦ ᠴᠢᠯᠠᠭᠤᠨ ᠲᠤᠰᠤᠨ ᠤ ᠪᠤᠰᠤ ᠡᠨᠧᠷᠭᠢ ᠶᠢᠨ ᠬᠡᠷᠡᠭᠯᠡᠭᠡᠨ ᠤ | ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠲᠣᠮᠣ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 11. ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠡᠨᠧᠷᠭᠢ ᠠᠷᠪᠢᠯᠠᠬᠤ ᠶᠢ | ᠲᠡᠭᠦᠯᠳᠡᠷᠵᠢᠭᠦᠯᠦᠨ᠎ᠡ᠃ ︵1︶ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠡᠨᠧᠷᠭᠢ ᠶᠢᠨ | ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠲᠣᠮᠣ ᠳᠤᠮᠳᠠ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠲᠤ | ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠂ ᠲᠣᠮᠣ | ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠣᠳᠣᠨ ᠲᠠᠰ ᠤᠨ ᠪᠠᠭᠤᠳᠠᠯ᠂ ᠪᠠᠷᠠᠭᠠᠨ ᠤ ᠭᠦᠢᠯᠭᠡᠭᠡᠨ ᠤ ᠠᠵᠤ | ᠠᠬᠤᠶᠢᠯᠠᠯ ᠤᠨ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠣᠨᠣᠰᠢᠯᠠᠯᠲᠠ ᠶᠢ | ᠬᠡᠷᠡᠭᠵᠢᠭᠦᠯᠵᠦ᠂ ᠬᠤᠴᠣᠷᠤᠩᠭᠤᠶ ᠮᠠᠰᠢᠨ ᠴᠠᠬᠢᠯᠭᠠᠨ ᠤ ᠲᠥᠬᠦᠭᠡᠷᠦᠮᠵᠢ ᠪᠠ ᠡᠨᠧᠷᠭᠢ ᠶᠢᠨ ᠬᠤᠷᠣᠭᠳᠠᠯ ᠶᠡᠬᠡᠲᠡᠶ | ᠬᠠᠭᠤᠴᠢᠨ ᠲᠥᠬᠦᠭᠡᠷᠦᠮᠵᠢ ᠶᠢ ᠲᠦᠷᠭᠡᠳᠬᠡᠨ ᠰᠢᠭᠰᠢᠨ᠎ᠡ᠃ ︵2︶ ᠶᠡᠷᠦᠩᠬᠡᠶᠢᠯᠡᠭᠰᠡᠨ ᠡᠨᠧᠷᠭᠢ ᠶᠢᠨ | ᠰᠤᠷᠪᠤᠯᠵᠢ ᠶᠢᠨ ᠦᠢᠯᠡᠴᠢᠯᠡᠭᠡ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ | ᠡᠨᠧᠷᠭᠢ ᠠᠷᠪᠢᠯᠠᠬᠤ ᠦᠢᠯᠡᠴᠢᠯᠡᠭᠡᠨ ᠤ ᠺᠣᠮᠫᠠᠨᠢ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠡᠨᠧᠷᠭᠢ ᠶᠢᠨ | ᠰᠤᠷᠪᠤᠯᠵᠢ ᠶᠢ ᠨᠠᠶᠢᠳᠠᠨ ᠬᠠᠮᠢᠶᠠᠷᠤᠭᠤᠯᠵᠤ᠂ ᠲᠤᠰᠬᠠᠶᠢᠵᠢᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ︵3︶ | ᠪᠣᠬᠢᠷᠲᠤᠯ ᠥᠬᠡᠶ ᠬᠥᠮᠥᠷᠭᠡᠯᠡᠨ ᠬᠠᠳᠠᠭᠠᠯᠠᠬᠤ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠲᠡᠭᠰᠢ ᠳᠠᠪᠬᠤᠷᠭᠠᠲᠤ | ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢᠨ ᠪᠣᠰᠤᠭ᠎ᠠ ᠴᠣᠭᠴᠠᠲᠤ ᠲᠣᠤᠷᠵᠢᠯ ᠤᠨ ᠪᠦᠲᠦᠴᠡ ᠳᠠᠰᠢ ᠲᠠᠰ | ᠳᠡᠪᠰᠢᠬᠦ ᠶᠢ ᠵᠣᠷᠢᠭᠵᠢᠭᠤᠯᠤᠨ᠂ ᠬᠥᠮᠥᠷᠭᠡᠯᠡᠨ ᠬᠠᠳᠠᠭᠠᠯᠠᠵᠤ ᠲᠡᠭᠡᠭᠡᠪᠦᠷᠢᠯᠡᠬᠦ᠂ ᠬᠤᠪᠢᠶᠠᠷᠢᠯᠠᠨ ᠰᠠᠯᠭᠠᠵᠤ | ᠳᠣᠭᠢᠷᠠᠭᠤᠯᠤᠨ ᠬᠦᠷᠭᠡᠬᠦ ᠵᠡᠷᠭᠡ ᠭᠤᠭᠴᠤᠭ᠎ᠠ ᠶᠢᠨ ᠠᠦ᠋ᠲ᠋ᠣᠴᠢᠯᠠᠬᠤ᠂ ᠣᠶᠤᠨᠴᠢᠯᠠᠬᠤ᠂ ᠡᠨᠧᠷᠭᠢ ᠠᠷᠪᠢᠯᠠᠬᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ︵4︶ ᠪᠠᠷᠢᠮᠵᠢᠶᠠᠵᠢᠭᠤᠯᠤᠭᠰᠠᠨ ᠪᠠᠷᠠᠭᠠᠨ ᠤ ᠭᠦᠢᠯᠭᠡᠭᠡᠨ ᠤ ᠡᠷᠭᠢᠯᠳᠦᠭᠦᠯᠬᠦ | ᠬᠠᠶᠢᠷᠴᠠᠭ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠪᠠᠷᠢᠮᠵᠢᠶᠠᠵᠢᠭᠤᠯᠤᠭᠰᠠᠨ ᠲᠠᠪᠠᠭ ᠵᠡᠷᠭᠡ | ᠪᠠᠷᠢᠮᠵᠢᠶᠠᠵᠢᠭᠤᠯᠤᠭᠰᠠᠨ ᠠᠴᠢᠶᠠᠯᠠᠪᠤᠷᠢ ᠶᠢᠨ ᠪᠠᠭᠠᠵᠢ ᠬᠡᠷᠡᠭᠰᠡᠯ ᠢ ᠡᠷᠭᠢᠯᠳᠦᠭᠦᠯᠦᠨ ᠬᠠᠮᠲᠤ ᠪᠠᠷ ᠬᠡᠷᠡᠭᠯᠡᠬᠦ ᠶᠢ | ᠠᠬᠢᠭᠤᠯᠤᠨ᠎ᠠ᠃ 2025 ᠣᠨ ᠪᠣᠯᠬᠤ ᠳᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ | ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠨᠢᠭᠡᠴᠢ ᠪᠠᠷᠢᠯᠭ᠎ᠠ ᠶᠢᠨ ᠲᠠᠯᠠᠪᠠᠶ ᠶᠢᠨ ᠡᠨᠧᠷᠭᠢ ᠶᠢᠨ | ᠬᠤᠷᠣᠭᠳᠠᠯ ᠢ 2% ᠠᠴᠠ ᠳᠡᠭᠡᠭᠰᠢ ᠪᠠᠭᠤᠷᠠᠭᠤᠯᠤᠨ᠎ᠠ᠃ ︵ᠬᠠᠷᠢᠭᠤᠴᠠᠬᠤ ᠨᠢᠭᠡᠴᠡ᠄ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | 12. ᠲᠠᠷᠢᠶᠠᠯᠠᠩ ᠬᠥᠳᠡᠭᠡ ᠲᠣᠰᠬᠤᠨ ᠤ ᠡᠨᠧᠷᠭᠢ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠤᠨ᠎ᠠ᠃ | ︵1︶ ᠲᠠᠷᠢᠶᠠᠯᠠᠩ ᠮᠠᠯ ᠠᠵᠤ ᠠᠬᠤᠶ ᠶᠢᠨ ᠬᠠᠭᠤᠴᠢᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ | ᠲᠥᠯᠬᠢᠨ ᠠᠬᠢᠭᠤᠯᠵᠤ᠂ ᠡᠨᠧᠷᠭᠢ ᠠᠷᠪᠢᠯᠠᠬᠤ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠪᠣᠯᠤᠨ ᠲᠠᠷᠢᠶᠠᠯᠠᠩ ᠤᠨ | ᠪᠦᠲᠦᠭᠡᠭᠳᠡᠬᠦᠨ ᠪᠣᠯᠪᠠᠰᠤᠷᠠᠭᠤᠯᠬᠤ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠂ ᠲᠠᠷᠢᠶᠠᠯᠠᠩ | ᠮᠠᠯ ᠠᠵᠤ ᠠᠬᠤᠶ ᠶᠢᠨ ᠮᠠᠰᠢᠨ ᠴᠠᠬᠢᠯᠭᠠᠨ ᠤ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠲᠦᠷᠭᠡᠳᠬᠡᠨ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠶᠢ | ᠪᠠᠶᠢᠴᠠᠭᠠᠨ ᠬᠡᠮᠵᠢᠬᠦ ᠶᠢ ᠥᠷᠨᠢᠭᠦᠯᠵᠦ᠂ ᠲᠠᠷᠢᠶᠠᠴᠢᠳ ᠤᠨ ᠥᠨᠳᠥᠷ ᠦᠷ᠎ᠡ ᠪᠦᠲᠦᠮᠵᠢᠲᠡᠶ ᠡᠨᠧᠷᠭᠢ ᠠᠷᠪᠢᠯᠠᠬᠤ | ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠬᠤᠳᠠᠯᠳᠤᠨ ᠠᠪᠬᠤ ᠶᠢ ᠵᠣᠷᠢᠭᠵᠢᠭᠤᠯᠤᠨ᠂ ᠡᠨᠧᠷᠭᠢ ᠬᠡᠷᠡᠭᠯᠡᠬᠦ | ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠡᠯᠪᠢᠨ ᠵᠠᠰᠠᠵᠤ ᠠᠷᠠᠴᠢᠯᠠᠬᠤ ᠶᠢ ᠴᠢᠩᠭᠠᠳᠬᠠᠨ᠎ᠠ᠃ ︵2︶ | ᠠᠷᠢᠭᠤᠨ ᠴᠡᠪᠡᠷ ᠡᠨᠧᠷᠭᠢ ᠶᠢ ᠨᠡᠭᠡᠭᠡᠨ ᠠᠰᠢᠭᠯᠠᠵᠤ᠂ ᠰᠠᠯᠬᠢᠨ ᠡᠨᠧᠷᠭᠢ᠂ ᠨᠡᠷᠡᠨ ᠡᠨᠧᠷᠭᠢ ᠪᠣᠯᠤᠨ ᠠᠮᠢᠳᠤ | ᠪᠣᠳᠠᠰ ᠤᠨ ᠡᠨᠧᠷᠭᠢ ᠶᠢ ᠭᠡᠷ ᠪᠠᠶᠢᠰᠢᠩ ᠤᠨ ᠭᠡᠷᠡᠯᠲᠦᠭᠦᠯᠭᠡ᠂ ᠭᠠᠯ ᠲᠣᠭᠤᠭᠠᠨ ᠤ ᠪᠠ ᠳᠤᠯᠠᠭᠠᠯᠠᠭ᠎ᠠ ᠵᠡᠷᠭᠡ | ᠲᠠᠯ᠎ᠠ ᠪᠠᠷ ᠬᠡᠷᠡᠭᠯᠡᠬᠦ ᠶᠢ ᠠᠬᠢᠭᠤᠯᠤᠨ᠂ ᠲᠠᠷᠢᠮᠠᠯ ᠤᠨ ᠡᠰᠢ ᠰᠦᠷᠡᠯ ᠦᠢᠯᠡᠳᠪᠦᠷᠢᠯᠡᠬᠦ ᠰᠢᠨ᠎ᠡ ᠮᠠᠲ᠋ᠧᠷᠢᠶᠠᠯ ᠤᠨ | ᠮᠡᠷᠭᠡᠵᠢᠯ ᠢ ᠳᠡᠯᠭᠡᠷᠡᠭᠦᠯᠵᠦ᠂ ᠡᠰᠢ ᠰᠦᠷᠡᠯ ᠢ ᠡᠨᠧᠷᠬᠢᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠬᠡᠪᠴᠢᠶᠡᠲᠦ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠨᠠᠮᠤᠭ ᠤᠨ ᠬᠡᠢ ᠶᠢᠨ ᠪᠠᠷᠢᠯᠭ᠎ᠠ ᠶᠢᠨ | ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ ︵3︶ ᠲᠠᠷᠢᠶᠠᠯᠠᠩ ᠤᠨ ᠮᠠᠰᠢᠨ ᠴᠠᠬᠢᠯᠭᠠᠨ ᠤ | ᠬᠤᠳᠳᠤᠭ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠷᠢᠭᠦᠨ ᠤ ᠤᠰᠤᠯᠠᠯᠲᠠ ᠶᠢᠨ | ᠤᠰᠤ ᠠᠷᠪᠢᠯᠠᠬᠤ᠂ ᠡᠨᠧᠷᠭᠢ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ᠂ ᠲᠠᠷᠢᠶᠠᠴᠢᠨ ᠡᠷᠦᠭᠡ ᠶᠢ ᠵᠢᠯᠣᠭᠤᠳᠤᠨ | ᠤᠰᠤᠨ ᠬᠥᠭᠡᠷᠭᠡ ᠶᠢ ᠵᠣᠬᠢᠰᠲᠠᠶ ᠰᠣᠩᠭᠤᠵᠤ᠂ ᠤᠰᠤᠨ ᠬᠥᠭᠡᠷᠭᠡ ᠶᠢᠨ ᠠᠵᠢᠯᠯᠠᠭᠠᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ︶ | ︵ᠭᠤᠷᠪᠠ︶ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠬᠦᠴᠦᠯᠡᠨ ᠰᠢᠯᠢᠳᠡᠭᠵᠢᠭᠦᠯᠦᠨ᠎ᠡ | ᠭᠤᠤᠯ ᠡᠭᠦᠷᠭᠡ᠄ ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ᠂ ᠨᠡᠭᠦᠷᠡᠰᠦ ᠴᠠᠬᠢᠯᠭᠠᠨ ᠢ | ᠴᠡᠪᠡᠷᠰᠢᠭᠦᠯᠬᠦ ᠠᠵᠢᠯᠯᠠᠭ᠎ᠠ᠂ ᠡᠨᠧᠷᠭᠢ ᠶᠢᠨ ᠬᠡᠷᠡᠭᠯᠡᠭᠡᠨ ᠤ ᠴᠠᠬᠢᠯᠭᠠᠨ ᠡᠨᠧᠷᠭᠢᠵᠢᠭᠦᠯᠬᠦ ᠠᠵᠢᠯᠯᠠᠭ᠎ᠠ ᠶᠢ | ᠨᠠᠶᠢᠳᠠᠪᠤᠷᠢᠵᠢᠭᠤᠯᠤᠨ᠂ ᠨᠡᠭᠦᠷᠡᠰᠦ᠂ ᠲᠣᠰᠣ᠂ ᠬᠡᠶ ᠵᠡᠷᠭᠡ ᠤᠯᠠᠮᠵᠢᠯᠠᠯᠲᠤ ᠡᠨᠧᠷᠭᠢ ᠶᠢᠨ ᠬᠡᠷᠡᠭᠯᠡᠭᠡ ᠶᠢ | ᠪᠠᠭᠤᠷᠠᠭᠤᠯᠵᠤ᠂ ᠡᠨᠧᠷᠭᠢ ᠶᠢᠨ ᠠᠰᠢᠭᠯᠠᠯᠲᠠ ᠶᠢᠨ ᠴᠡᠪᠡᠷᠵᠢᠭᠦᠯᠦᠯᠲᠡ᠂ ᠪᠣᠬᠢᠷᠲᠤᠯ ᠥᠬᠡᠶ ᠪᠣᠯᠭᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠠᠵᠢᠯ ᠤᠨ ᠠᠷᠭ᠎ᠠ ᠬᠡᠮᠵᠢᠶ᠎ᠡ᠄ | 13. ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ︵1︶ ᠰᠢᠨ᠎ᠡ | ᠡᠨᠧᠷᠭᠢ ᠶᠢᠨ ᠲᠠᠷᠬᠠᠢ ᠬᠡᠯᠪᠡᠷᠢ ᠶᠢᠨ ᠨᠡᠭᠡᠭᠡᠨ ᠬᠥᠭᠵᠢᠭᠦᠯᠦᠯᠲᠡ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ᠂ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ᠂ ᠰᠠᠯᠬᠢᠨ ᠤ ᠡᠨᠧᠷᠭᠢ᠂ ᠨᠡᠷᠡᠨ ᠤ ᠡᠨᠧᠷᠭᠢ ᠵᠡᠷᠭᠡ | ᠰᠢᠨ᠎ᠡ ᠡᠨᠧᠷᠭᠢ ᠶᠢᠨ ᠲᠠᠷᠬᠠᠢ ᠬᠡᠯᠪᠡᠷᠢ ᠶᠢᠨ ᠰᠢᠰᠲ᠋ᠧᠮ ᠢᠶᠠᠷ ᠰᠠᠭᠤᠷᠢ ᠪᠣᠯᠭᠠᠵᠤ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠲᠤᠭ᠎ᠠ ᠪᠠᠷᠢᠮᠲᠠ ᠶᠢᠨ ᠲᠥᠪ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠰᠢᠨ᠎ᠡ ᠪᠠᠷ | ᠪᠠᠶᠢᠭᠤᠯᠤᠭᠰᠠᠨ ᠠᠰᠠᠷ ᠪᠠᠶᠢᠰᠢᠩ ᠵᠡᠷᠭᠡ ᠭᠠᠵᠠᠷ ᠲᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠶᠢ ᠠᠬᠢᠭᠤᠯᠤᠨ᠎ᠠ᠃ | ︵2︶ ᠰᠠᠯᠬᠢᠨ ᠤ ᠡᠨᠧᠷᠭᠢ ᠨᠡᠷᠡᠨ ᠤ ᠡᠨᠧᠷᠭᠢ ᠲᠠᠷᠢᠶᠠᠯᠠᠩ ᠮᠠᠯ ᠠᠵᠤ ᠠᠬᠤᠶ ᠶᠢᠨ ᠬᠠᠷᠢᠯᠴᠠᠨ ᠨᠥᠬᠦᠪᠥᠷᠢᠯᠡᠬᠦ | ᠲᠥᠷᠥᠯ ᠵᠦᠢᠯ ᠢ ᠬᠥᠭᠵᠢᠭᠦᠯᠵᠦ᠂ ᠬᠥᠳᠡᠭᠡ ᠲᠣᠰᠬᠤᠨ ᠳᠤ ︽ᠲᠠᠷᠢᠶᠠᠯᠠᠩ ᠨᠡᠷᠡᠨ ᠤ ᠡᠨᠧᠷᠭᠢ ᠬᠠᠷᠢᠯᠴᠠᠨ | ᠨᠥᠬᠦᠪᠥᠷᠢᠯᠡᠬᠦ︾ ︽ᠣᠶ ᠰᠢᠭᠤᠶ ᠨᠡᠷᠡᠨ ᠤ ᠡᠨᠧᠷᠭᠢ ᠬᠠᠷᠢᠯᠴᠠᠨ ᠨᠥᠬᠦᠪᠥᠷᠢᠯᠡᠬᠦ︾ ︽ᠮᠠᠯ ᠠᠵᠤ ᠠᠬᠤᠶ ᠨᠡᠷᠡᠨ ᠤ | ᠡᠨᠧᠷᠭᠢ ᠬᠠᠷᠢᠯᠴᠠᠨ ᠨᠥᠬᠦᠪᠥᠷᠢᠯᠡᠬᠦ︾ ᠵᠡᠷᠭᠡ ᠲᠠᠷᠬᠠᠢ ᠮᠠᠶ᠋ᠢᠭ ᠤᠨ ᠴᠠᠬᠢᠯᠭᠠᠨ ᠥᠷᠲᠡᠭᠡ ᠪᠠᠶᠢᠭᠤᠯᠵᠤ᠂ ᠴᠠᠬᠢᠯᠭᠠᠨ | ᠬᠠᠩᠭᠠᠬᠤ ᠪᠠ ᠢᠯᠴᠢ ᠬᠠᠩᠭᠠᠬᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠰᠠᠯᠬᠢᠨ ᠤ ᠡᠨᠧᠷᠭᠢ ᠨᠡᠷᠡᠨ ᠤ | ᠡᠨᠧᠷᠭᠢ ᠲᠠᠷᠢᠶᠠᠯᠠᠩ ᠮᠠᠯ ᠠᠵᠤ ᠠᠬᠤᠶ ᠶᠢᠨ ᠬᠠᠷᠢᠯᠴᠠᠨ ᠨᠥᠬᠦᠪᠥᠷᠢᠯᠡᠬᠦ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ︵3︶ ᠴᠠᠬᠢᠯᠭᠠᠨ ᠲᠣᠤᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ 500 ᠺᠢᠯᠤᠸᠠᠲ᠂ 220 ᠺᠢᠯᠤᠸᠠᠲ ᠤᠨ ᠭᠤᠤᠯ ᠲᠣᠤᠷ ᠤᠨ ᠵᠢᠶᠠᠰᠠ ᠶᠢᠨ | ᠳᠠᠮᠵᠢᠭᠤᠯᠬᠤ ᠵᠠᠮ ᠱᠤᠭᠤᠮ ᠢ ᠲᠡᠭᠦᠯᠳᠡᠷᠵᠢᠭᠦᠯᠦᠨ᠂ ᠤᠰᠤ ᠲᠠᠲᠠᠵᠤ ᠡᠨᠧᠷᠭᠢ ᠬᠠᠳᠠᠭᠠᠯᠠᠬᠤ᠂ ᠤᠰᠤᠲᠥ᠋ᠷᠥᠭᠴᠢ | ᠡᠨᠧᠷᠭᠢ ᠬᠠᠳᠠᠭᠠᠯᠠᠬᠤ᠂ ᠳ᠋ᠢᠶᠠᠨ ᡂᠢ ᠶᠢᠨ ᠡᠨᠧᠷᠭᠢ ᠬᠠᠳᠠᠭᠠᠯᠠᠬᠤ ᠪᠡᠯᠡᠳᠬᠡᠮᠵᠢ ᠶᠢ ᠬᠦᠭᠵᠢᠭᠦᠯᠵᠦ᠂ ᠬᠦᠷᠢᠶᠡᠯᠡᠩ | ᠲᠣᠭᠤᠷᠢᠭ ᠤᠨ ᠰᠢᠨ᠎ᠡ ᠡᠨᠧᠷᠭᠢ ᠶᠢᠨ ᠵᠠᠬ᠎ᠠ ᠳᠡᠯᠭᠡᠭᠦᠷᠴᠢᠯᠡᠨ ᠲᠣᠤᠷ ᠲᠤ ᠨᠡᠶᠢᠯᠡᠭᠦᠯᠬᠦ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠰᠢᠨ᠎ᠡ ᠡᠨᠧᠷᠭᠢ ᠶᠢᠨ ᠪᠠᠭᠲᠠᠭᠠᠨ ᠰᠢᠩᠭᠡᠭᠡᠬᠦ ᠣᠷᠣᠭᠤᠯᠵᠤ ᠭᠠᠷᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠥᠪᠯᠡᠯ︔ ᠬᠠᠷᠢᠭᠤᠴᠠᠬᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ | ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 14. ᠨᠡᠭᠦᠷᠡᠰᠦ ᠴᠠᠬᠢᠯᠭᠠᠨ ᠢ ᠴᠡᠪᠡᠷᠰᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ︵1︶ ᠨᠡᠭᠦᠷᠡᠰᠦᠨ ᠤ | ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠠᠷᠢᠮᠠᠬᠠᠢ ᠴᠢᠨᠠᠷᠲᠠᠶ ᠪᠠᠷ ᠬᠢᠵᠠᠭᠠᠷᠯᠠᠵᠤ᠂ ᠨᠡᠭᠦᠷᠡᠰᠦ ᠶᠢ ᠲᠥᠪᠯᠡᠷᠡᠭᠦᠯᠦᠨ | ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠳᠡᠭᠡᠭᠰᠢᠯᠡᠭᠦᠯᠵᠦ᠂ ᠨᠡᠭᠦᠷᠡᠰᠦ ᠰᠢᠲᠠᠭᠠᠵᠤ ᠴᠠᠬᠢᠯᠭᠠᠨ | ᠭᠠᠷᠭᠠᠬᠤ ᠦᠢᠯᠡᠳᠪᠦᠷᠢ ᠶᠢᠨ ᠬᠡᠷᠡᠭᠯᠡᠬᠦ ᠨᠡᠭᠦᠷᠡᠰᠦ ᠶᠢ ᠵᠦᠢ ᠵᠣᠬᠢᠰᠲᠠᠶ ᠬᠢᠵᠠᠭᠠᠷᠯᠠᠵᠤ᠂ ᠢᠯᠴᠢ ᠴᠠᠬᠢᠯᠭᠠᠨ ᠤ | ᠬᠠᠮᠲᠤᠷᠠᠨ ᠦᠢᠯᠡᠳᠪᠦᠷᠢᠯᠡᠬᠦ ᠪᠦᠷᠬᠦᠴᠡ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠲᠦᠭᠦᠬᠡᠶ | ᠮᠠᠲ᠋ᠧᠷᠢᠶᠠᠯ ᠤᠨ ᠬᠡᠷᠡᠭᠯᠡᠬᠦ ᠨᠡᠭᠦᠷᠡᠰᠦ ᠶᠢ ᠪᠠᠭᠠᠰᠬᠠᠨ᠎ᠠ᠃ ︵2︶ ᠨᠡᠭᠦᠷᠡᠰᠦ ᠴᠠᠬᠢᠯᠭᠠᠨ ᠤ ᠡᠨᠧᠷᠭᠢ ᠠᠷᠪᠢᠯᠠᠵᠤ | ᠬᠤᠷᠣᠭᠳᠠᠯ ᠢ ᠪᠠᠭᠠᠰᠬᠠᠬᠤ ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠶ | ᠥᠭᠡᠷᠡᠴᠢᠯᠡᠯᠲᠡ ᠶᠢ ᠢᠳᠡᠪᠬᠢᠲᠡᠶ ᠥᠷᠨᠢᠭᠦᠯᠵᠦ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠭᠦᠨ | ᠬᠡᠮᠵᠢᠶ᠎ᠡ ᠪᠠᠷ ᠤᠷᠬᠢᠯ ᠢ ᠳᠣᠭᠢᠷᠠᠭᠤᠯᠬᠤ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠵᠦ᠂ ︽ᠢᠯᠴᠢ ᠴᠠᠬᠢᠯᠭᠠᠨ ᠢᠶᠠᠷ | ᠵᠠᠳᠠᠯᠬᠤ︾ ᠮᠡᠷᠭᠡᠵᠢᠯ ᠤᠨ ᠥᠭᠡᠷᠡᠴᠢᠯᠡᠯᠲᠡ ᠶᠢ ᠳᠡᠯᠭᠡᠷᠡᠭᠦᠯᠦᠨ ᠬᠡᠷᠡᠭᠯᠡᠵᠦ᠂ ᠨᠡᠭᠦᠷᠡᠰᠦ ᠰᠢᠲᠠᠭᠠᠬᠤ ᠮᠠᠰᠢᠨ | ᠴᠣᠭᠴᠠᠯᠠᠪᠤᠷᠢ ᠶᠢᠨ ᠰᠠᠭᠤᠷᠢ ᠪᠠᠲᠤᠯᠠᠭ᠎ᠠ ᠶᠢᠨ ᠴᠠᠬᠢᠯᠭᠠᠨ ᠡᠭᠦᠰᠭᠡᠭᠴᠢ ᠠᠴᠠ ᠲᠤᠯᠭᠠᠭᠤᠷᠢᠯᠠᠯ ᠤᠨ ᠤᠷᠬᠢᠯ ᠢ | ᠳᠣᠭᠢᠷᠠᠭᠤᠯᠬᠤ ᠴᠠᠬᠢᠯᠭᠠᠨ ᠡᠭᠦᠰᠭᠡᠭᠴᠢ ᠳᠠᠰᠢ ᠬᠤᠪᠢᠷᠠᠭᠤᠯᠬᠤ ᠶᠢ ᠪᠡᠶᠡᠯᠡᠭᠦᠯᠵᠦ᠂ 2025 ᠣᠨ ᠪᠣᠯᠬᠤ ᠳᠤ᠂ | ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 500 ᠲᠦᠮᠡᠨ | ᠺᠢᠯᠣᠸᠠᠲ᠂ ᠠᠮᠢᠳᠤᠯᠢᠭ ᠴᠢᠨᠠᠷᠲᠠᠶ ᠥᠭᠡᠷᠡᠴᠢᠯᠡᠯᠲᠡ ᠶᠢ 1176 ᠲᠦᠮᠡᠨ ᠺᠢᠯᠣᠸᠠᠲ ᠪᠡᠶᠡᠯᠡᠭᠦᠯᠵᠦ᠂ ᠨᠡᠭᠦᠷᠡᠰᠦ | ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠴᠠᠬᠢᠯᠭᠠᠨ ᠬᠠᠩᠭᠠᠬᠤ ᠨᠡᠭᠦᠷᠡᠰᠦᠨ ᠤ ᠳᠤᠮᠳᠠᠴᠢ ᠬᠤᠷᠣᠭᠳᠠᠯ ᠢ | ᠪᠠᠭᠤᠷᠠᠭᠤᠯᠤᠭᠠᠳ 300 ᠭᠷᠠᠮ ᠪᠠᠷᠢᠮᠵᠢᠶᠠᠲᠤ ᠨᠡᠭᠦᠷᠡᠰᠦ / ᠺᠢᠯᠣᠸᠠᠲ ᠴᠠᠭ ᠠᠴᠠ ᠳᠣᠷᠣᠭᠰᠢ ᠪᠣᠯᠭᠠᠨ᠎ᠠ᠃ ︵3︶ | ᠰᠠᠯᠬᠢᠨ ᠤ ᠡᠨᠧᠷᠭᠢ ᠨᠡᠷᠡᠨ ᠤ ᠡᠨᠧᠷᠭᠢ ᠨᠡᠭᠦᠷᠡᠰᠦ ᠨᠥᠭᠡᠴᠡᠯᠡᠬᠦ᠂ ᠣᠯᠠᠨ ᠡᠨᠧᠷᠭᠢ ᠶᠢ ᠬᠠᠷᠢᠯᠴᠠᠨ ᠨᠥᠬᠦᠪᠥᠷᠢᠯᠡᠵᠦ | ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠨᠠᠭᠦᠷᠡᠰᠦ ᠴᠢᠯᠠᠭᠤᠨ ᠲᠤᠰᠤᠨ ᠤ ᠪᠤᠰᠤ ᠡᠨᠧᠷᠭᠢ ᠶᠢᠨ | ᠬᠡᠷᠡᠭᠯᠡᠭᠡᠨ ᠤ ᠬᠤᠪᠢ ᠶᠢᠨ ᠵᠢᠩ ᠢ ᠳᠡᠭᠡᠭᠰᠢᠯᠡᠭᠦᠯᠵᠦ᠂ 2025 ᠣᠨ ᠪᠣᠯᠬᠤ ᠳᠤ᠂ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠶᠢᠨ ᠡᠵᠡᠯᠡᠬᠦ ᠬᠠᠷᠢᠴᠠᠯ ᠢ 40% ᠶᠢ ᠳᠠᠪᠠᠭᠤᠯᠤᠨ᠎ᠠ᠃ ︵ᠬᠠᠷᠢᠭᠤᠴᠠᠬᠤ | ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ | 15. ᠡᠨᠧᠷᠭᠢ ᠶᠢᠨ ᠬᠡᠷᠡᠭᠯᠡᠭᠡᠨ ᠤ ᠴᠠᠬᠢᠯᠭᠠᠨ ᠡᠨᠧᠷᠭᠢᠵᠢᠭᠦᠯᠬᠦ ᠠᠵᠢᠯᠯᠠᠭ᠎ᠠ᠃ ︵1︶ ᠵᠠᠮ | ᠬᠠᠷᠢᠯᠴᠠᠭᠠᠨ ᠤ ᠡᠨᠧᠷᠭᠢ ᠶᠢᠨ ︽ᠴᠠᠬᠢᠯᠭᠠᠨ ᠢᠶᠠᠷ ᠲᠣᠰᠣ ᠶᠢ ᠣᠷᠣᠯᠠᠭᠤᠯᠬᠤ︾ ᠶᠢ ᠠᠬᠢᠭᠤᠯᠵᠤ᠂ ᠴᠠᠬᠢᠯᠭᠠᠨ | ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ᠂ ᠴᠠᠬᠢᠯᠭᠠᠨ ᠰᠣᠯᠢᠬᠤ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠲᠣᠰᠣ ᠨᠡᠮᠡᠬᠦ ᠥᠷᠲᠡᠭᠡ᠂ ᠬᠡᠶ ᠨᠡᠮᠡᠬᠦ ᠥᠷᠲᠡᠭᠡ ᠶᠢᠨ ᠴᠠᠬᠢᠯᠭᠠᠨ | ᠴᠡᠨᠡᠭᠯᠡᠬᠦ ᠪᠠ ᠴᠠᠬᠢᠯᠭᠠᠨ ᠰᠣᠯᠢᠬᠤ ᠪᠡᠯᠡᠳᠬᠡᠮᠵᠢ ᠶᠢ ᠥᠷᠭᠡᠳᠬᠡᠨ ᠪᠠᠶᠢᠭᠤᠯᠬᠤ ᠶᠢ ᠵᠣᠷᠢᠭᠵᠢᠭᠤᠯᠵᠤ᠂ ᠶᠡᠭᠡ | ᠬᠡᠮᠵᠢᠶᠡᠨ ᠤ ᠡᠳ᠋ ᠪᠠᠷᠠᠭᠠᠨ ᠤ ᠲᠡᠭᠡᠭᠡᠪᠦᠷᠢ ᠶᠢᠨ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾ ᠢ | ᠬᠡᠷᠡᠭᠵᠢᠭᠦᠯᠦᠨ᠎ᠡ᠃ ︵2︶ ᠦᠢᠯᠡᠳᠪᠦᠷᠢ ᠬᠤᠳᠠᠯᠳᠤᠭ᠎ᠠ ᠶᠢᠨ ᠬᠦᠷᠢᠶᠡᠨ ᠳᠠᠬᠢ ᠲᠠᠬᠢᠨ ᠴᠠᠬᠢᠯᠭᠠᠨᠵᠢᠭᠤᠯᠬᠤ | ᠠᠬᠢᠴᠠ ᠶᠢ ᠲᠦᠷᠭᠡᠳᠬᠡᠨ᠂ ᠠᠵᠤ ᠦᠢᠯᠡᠳᠪᠦᠷᠢ ᠶᠢᠨ ᠴᠠᠬᠢᠯᠭᠠᠨ ᠭᠦᠸᠧᠯᠦ᠂ ᠴᠠᠬᠢᠯᠭᠠᠨ ᠨᠢᠭᠲᠠ ᠵᠤᠤᠬ᠎ᠠ᠂ | ᠢᠯᠴᠢ ᠶᠢᠨ ᠬᠥᠭᠡᠷᠭᠡ ᠶᠢᠨ ᠬᠡᠷᠡᠭᠯᠡᠯᠲᠡ ᠶᠢ ᠬᠦᠴᠦᠯᠡᠨ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ ᠢᠯᠴᠢ ᠶᠢᠨ | ᠠᠴᠢᠶᠠᠲᠤ ᠴᠠᠬᠢᠯᠭᠠᠨ ᠡᠨᠧᠷᠭᠢ ᠶᠢᠨ ᠣᠷᠣᠯᠠᠭᠤᠯᠤᠯᠲᠠ ᠶᠢ ᠳᠡᠯᠭᠡᠷᠡᠭᠦᠯᠵᠦ᠂ ᠢᠳᠡᠭᠡᠨ ᠤᠮᠳᠠᠭᠠᠨ ᠤ ᠬᠦᠷᠢᠶᠡᠨ ᠤ | ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ ᠶᠢᠨ ︽ᠴᠠᠬᠢᠯᠭᠠᠨ ᠢᠶᠠᠷ ᠨᠡᠭᠦᠷᠡᠰᠦᠨ ᠬᠡᠢ ᠶᠢᠨ ᠰᠠᠪᠠ ᠶᠢ | ᠤᠷᠤᠯᠠᠭᠤᠯᠬᠤ︾ ᠶᠢ ᠥᠷᠨᠢᠭᠦᠯᠵᠦ᠂ ᠬᠡᠰᠡᠭ ᠣᠷᠣᠨ ᠪᠦᠰᠡ ᠳᠤ ᠪᠦᠬᠦ ᠴᠠᠬᠢᠯᠭᠠᠨ ᠤ ᠵᠡᠭᠡᠯᠢ ᠲᠣᠭᠤᠷᠢᠭ ᠢ | ᠪᠦᠳᠦᠭᠡᠨ ᠪᠠᠶᠢᠭᠤᠯᠤᠨ᠎ᠠ᠃ ︵3︶ ᠠᠷᠢᠭᠤᠨ ᠴᠡᠪᠡᠷ ᠴᠠᠬᠢᠯᠭᠠᠨ ᠢᠶᠠᠷ ᠳᠤᠯᠠᠭᠠᠯᠠᠬᠤ ᠶᠢ ᠲᠣᠭᠲᠠᠭᠤᠨ ᠢᠶᠠᠷ | ᠠᠬᠢᠭᠤᠯᠵᠤ᠂ ᠢᠯᠴᠢ ᠶᠢᠨ ᠬᠦᠴᠦᠨ ᠤ ᠬᠤᠭᠤᠯᠠᠶ ᠶᠢᠨ ᠲᠣᠤᠷ ᠤᠨ ᠪᠦᠷᠬᠦᠵᠦ ᠳᠡᠶᠢᠯᠬᠦ ᠦᠭᠡᠢ ᠬᠠᠭᠤᠴᠢᠨ ᠬᠤᠲᠠ | ᠲᠣᠭᠤᠷᠢᠭ᠂ ᠬᠤᠲᠠ ᠬᠥᠳᠡᠭᠡ ᠶᠢᠨ ᠠᠭᠤᠯᠵᠠᠷ ᠬᠡᠰᠡᠭ ᠲᠤ᠂ ᠲᠠᠷᠬᠠᠢ ᠮᠠᠶ᠋ᠢᠭ ᠤᠨ ᠳᠠᠬᠢᠨ ᠡᠭᠦᠰᠴᠦ ᠪᠣᠯᠬᠤ | ᠡᠨᠧᠷᠭᠢ ᠶᠢᠨ ᠰᠤᠷᠪᠤᠯᠵᠢ ᠶᠢᠨ ᠳᠤᠯᠠᠭᠠᠯᠠᠭ᠎ᠠ ᠶᠢ ᠳᠡᠯᠭᠡᠷᠡᠭᠦᠯᠦᠨ᠎ᠡ︔ ᠲᠣᠮᠣ ᠬᠡᠯᠪᠡᠷᠢ ᠶᠢᠨ ᠠᠯᠪᠠᠨ ᠠᠵᠢᠯ ᠤᠨ | ᠪᠠᠷᠢᠯᠭ᠎ᠠ ᠳᠤ ᠢᠯᠴᠢ ᠶᠢᠨ ᠬᠥᠭᠡᠷᠭᠡ᠂ ᠴᠠᠬᠢᠯᠭᠠᠨ ᠭᠦᠸᠧᠯᠦ᠂ ᠨᠡᠷᠡᠨ ᠡᠨᠧᠷᠭᠢ ᠶᠢᠨ ᠳᠤᠯᠠᠭᠠᠯᠠᠭ᠎ᠠ ᠶᠢ | ᠳᠡᠯᠭᠡᠷᠡᠭᠦᠯᠦᠨ ᠬᠡᠷᠡᠭᠯᠡᠨ᠎ᠡ︔ ᠬᠥᠳᠡᠭᠡ ᠲᠣᠰᠬᠤᠨ ᠤ ᠴᠠᠬᠢᠯᠭᠠᠨ ᠢᠶᠠᠷ ᠳᠤᠯᠠᠭᠠᠯᠠᠬᠤ ᠶᠢ ᠣᠷᠣᠯᠠᠭᠤᠯᠬᠤ ᠶᠢ | ᠲᠦᠷᠭᠡᠳᠬᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨᠵᠢᠭᠤᠯᠤᠯᠲᠠ ᠶᠢᠨ ᠬᠢᠷᠢ ᠬᠡᠮᠵᠢᠶ᠎ᠡ ᠶᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠤᠮᠠᠷᠠᠲᠤ ᠶᠢᠨ ᠠᠷᠢᠭᠤᠨ ᠴᠡᠪᠡᠷ ᠢᠶᠠᠷ ᠳᠤᠯᠠᠭᠠᠯᠠᠬᠤ ᠵᠢᠱᠢᠶ᠎ᠡ ᠦᠵᠡᠭᠦᠯᠬᠦ | ᠬᠤᠳᠠ ᠶᠢᠨ ᠪᠦᠳᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠲᠦᠯᠬᠢᠨ ᠠᠬᠢᠭᠤᠯᠤᠨ᠎ᠠ᠃ ︵ᠬᠠᠷᠢᠭᠤᠴᠠᠬᠤ | ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | ︵ᠲᠥᠷᠪᠡ︶ ᠡᠨᠧᠷᠭᠢ ᠶᠢᠨ ᠬᠤᠷᠤᠭᠳᠠᠯ ᠤᠨ ᠬᠤᠣᠰ ᠡᠵᠡᠮᠰᠢᠯ ᠤᠨ ᠳᠦᠷᠢᠮ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ | ᠭᠤᠤᠯ ᠡᠭᠦᠷᠭᠡ᠄ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢ ᠴᠢᠩᠳᠠᠯᠠᠵᠤ᠂ ᠬᠠᠷᠠᠯᠲᠠᠲᠤ | ᠬᠠᠮᠢᠶᠠᠷᠤᠯᠲᠠ ᠶᠢ ᠴᠢᠩᠭᠠᠳᠬᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠰᠢᠨᠵᠢᠯᠡᠬᠦ ᠤᠬᠠᠭᠠᠨᠴᠢ ᠪᠠᠷ | ᠦᠨᠡᠯᠡᠵᠦ ᠰᠢᠯᠭᠠᠨ ᠬᠢᠨᠠᠵᠤ᠂ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠤᠨ ᠳᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠠᠵᠢᠯ ᠤᠨ ᠠᠷᠭ᠎ᠠ ᠬᠡᠮᠵᠢᠶ᠎ᠡ᠄ | 16. ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠳᠠᠯᠠᠨ᠎ᠠ᠃ ︵1︶ ᠰᠢᠨ᠎ᠡ ᠪᠠᠷ ᠪᠠᠶᠢᠭᠤᠯᠬᠤ | ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢᠨ | ᠬᠡᠪ ᠳᠠᠭᠤᠷᠢᠶᠠᠯ ᠤᠨ ᠲᠦᠷᠢᠮ ᠢ ᠬᠡᠷᠡᠭᠵᠢᠭᠦᠯᠵᠦ᠂ ︽ᠬᠤᠶᠠᠷ ᠶᠡᠬᠡᠲᠡᠢ︾ ᠲᠥᠷᠥᠯ ᠵᠦᠢᠯ ᠳᠤ ︽ᠬᠤᠤᠰ ᠬᠡᠪ | ᠳᠠᠭᠤᠷᠢᠶᠠᠯ︾ ᠤᠨ ᠲᠦᠷᠢᠮ᠂ ︽ᠬᠤᠶᠠᠷ ᠲᠡᠷᠢᠭᠦᠨ︾ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︵ | 2︶ ᠬᠢᠨᠠᠬᠤ ᠠᠴᠠ ᠡᠮᠦᠨᠡᠬᠢ ᠦᠨᠡᠯᠡᠨ ᠵᠢᠱᠢᠬᠦ ᠲᠦᠷᠢᠮ ᠢ ᠪᠠᠶᠢᠭᠤᠯᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ | ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠲᠥᠯᠥᠪᠵᠢᠭᠦᠯᠭᠡ᠂ ᠠᠵᠤ ᠦᠢᠯᠡᠰ ᠤᠨ | ᠲᠥᠷᠥ ᠶᠢᠨ ᠪᠣᠳᠣᠯᠭ᠎ᠠ ᠳᠤ ᠨᠡᠶᠢᠴᠡᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠵᠠᠷ ᠣᠷᠣᠨ ᠤ | ᠡᠨᠧᠷᠭᠢ ᠶᠢᠨ ᠬᠤᠷᠣᠭᠳᠠᠯ ᠤᠨ ᠬᠦᠴᠦᠯᠡᠴᠡ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠬᠦ ᠶᠢ ᠴᠢᠩᠭᠠᠷᠠᠭᠤᠯᠤᠨ᠂ | ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠ ᠡᠨᠧᠷᠭᠢ ᠶᠢᠨ ᠬᠤᠷᠣᠭᠳᠠᠯ ᠤᠨ | ᠬᠦᠴᠦᠯᠡᠴᠡ ᠶᠢᠨ ᠬᠢᠵᠠᠭᠠᠷᠯᠠᠬᠤ ᠴᠢᠨᠠᠷᠲᠠᠶ ᠬᠠᠷᠠᠯᠲᠠ ᠶᠢᠨ ᠵᠠᠯᠭᠠᠯᠲᠠ ᠶᠢ ᠰᠠᠶᠢᠲᠤᠷ ᠬᠢᠨ᠎ᠠ᠃ ︵3︶ ᠡᠨᠧᠷᠭᠢ ᠶᠢᠨ | ᠬᠤᠷᠤᠭᠳᠠᠯ ᠤᠨ ᠬᠤᠤᠰ ᠡᠵᠡᠮᠳᠡᠯ ᠤᠨ ᠪᠠᠶᠢᠳᠠᠯ ᠬᠦᠨᠳᠦ ᠨᠣᠴᠢᠲᠠᠶ᠂ ᠡᠨᠧᠷᠭᠢ ᠶᠢᠨ ᠬᠤᠷᠤᠭᠳᠠᠯ ᠤᠨ | ᠬᠦᠴᠦᠯᠡᠴᠡ ᠶᠢᠨ ᠬᠠᠷᠠᠯᠲᠠ ᠶᠢ ᠪᠡᠶᠡᠯᠡᠭᠦᠯᠬᠦ ᠠᠬᠢᠴᠠ ᠬᠦᠨᠳᠦ ᠨᠣᠴᠢᠲᠠᠶ ᠬᠤᠴᠤᠷᠴᠤ ᠪᠠᠶᠢᠭ᠎ᠠ ᠭᠠᠵᠠᠷ ᠣᠷᠣᠨ ᠳᠤ | ᠰᠢᠨ᠎ᠡ ᠪᠠᠷ ᠪᠠᠶᠢᠭᠤᠯᠬᠤ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢᠨ ᠲᠥᠷᠥᠯ ᠵᠦᠢᠯ ᠤᠨ ᠡᠨᠧᠷᠭᠢ | ᠠᠷᠪᠢᠯᠠᠬᠤ ᠶᠢ ᠬᠢᠨᠠᠨ ᠪᠠᠶᠢᠴᠠᠭᠠᠬᠤ ᠶᠢ ᠬᠤᠶᠢᠰᠢᠯᠠᠭᠤᠯᠤᠨ ᠵᠥᠪᠰᠢᠶᠡᠷᠡᠬᠦ ᠬᠢᠵᠠᠭᠠᠷᠯᠠᠨ ᠵᠥᠪᠰᠢᠶᠡᠷᠡᠬᠦ ᠶᠢ | ᠬᠡᠷᠡᠭᠵᠢᠭᠦᠯᠦᠨ᠎ᠡ᠃ ︵4︶ ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠲᠤᠷᠰᠢᠯᠲᠠ ᠶᠢ | ᠥᠷᠨᠢᠭᠦᠯᠵᠦ᠂ ᠲᠦᠷᠦᠯ ᠵᠦᠢᠯ ᠤᠨ ᠡᠨᠧᠷᠭᠢ ᠠᠷᠪᠢᠯᠠᠬᠤ ᠶᠢ ᠰᠢᠯᠭᠠᠨ ᠠᠪᠬᠤ ᠬᠠᠮᠢᠶᠠᠷᠤᠯᠲᠠ ᠶᠢ ᠴᠢᠩᠳᠠᠯᠠᠨ᠎ᠠ᠃ ︵ | ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 17. ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠨ᠎ᠠ᠃ ︵1︶ ᠡᠨᠧᠷᠭᠢ ᠶᠢᠨ ᠬᠦᠴᠦᠨ ᠵᠦᠢᠯ ᠢ ᠵᠦᠢ | ᠵᠣᠬᠢᠰᠲᠠᠶ ᠲᠤᠬᠢᠷᠠᠭᠤᠯᠤᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠭ ᠣᠷᠣᠨ ᠤ ᠪᠠᠭᠤᠯᠭᠠᠭᠰᠠᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ | ᠦᠨᠳᠦᠰᠦᠯᠡᠨ᠂ ᠡᠯ᠎ᠡ ᠭᠠᠵᠠᠷ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠦᠴᠦᠯᠡᠴᠡ ᠶᠢᠨ ᠬᠠᠷᠠᠯᠲᠠ ᠶᠢᠨ ᠡᠭᠦᠷᠭᠡ ᠶᠢ ᠵᠦᠢ ᠵᠣᠬᠢᠰᠲᠠᠶ ᠬᠤᠪᠢᠶᠠᠷᠢᠯᠠᠨ ᠪᠠᠭᠤᠯᠭᠠᠨ᠎ᠠ᠃ ︵2︶ | ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶ᠎ᠡ ᠨᠢ ᠵᠢᠱᠢᠯᠲᠡ ᠶᠢᠨ ᠴᠢᠨᠠᠷᠲᠠᠶ ᠭᠦᠢᠴᠡᠳᠭᠡᠯ ᠲᠤᠭ᠎ᠠ ᠪᠠᠶᠢᠵᠤ᠂ | ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠨᠢ ᠵᠢᠱᠢᠭᠰᠡᠨ ᠬᠠᠷᠠᠯᠲᠠ ᠠᠴᠠ ᠳᠠᠪᠠᠭᠰᠠᠨ ᠭᠠᠵᠠᠷ ᠣᠷᠣᠨ ᠨᠢ | ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶᠡᠨ ᠤ ᠬᠠᠷᠠᠯᠲᠠ ᠪᠠᠨ ᠵᠤᠬᠢᠴᠠᠩᠭᠤᠢ ᠪᠠᠷ ᠲᠤᠬᠢᠷᠠᠭᠤᠯᠵᠤ ᠪᠤᠯᠤᠨ᠎ᠠ᠃ | ︵3︶ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠶᠢ ᠤᠷᠮᠠᠰᠢᠭᠤᠯᠬᠤ ᠬᠠᠷᠠᠯᠲᠠ ᠶᠢ | ᠪᠡᠶᠡᠯᠡᠭᠦᠯᠦᠭᠰᠡᠨ ᠭᠠᠵᠠᠷ ᠣᠷᠣᠨ ᠤ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠬᠢᠨᠠᠨ ᠰᠢᠯᠭᠠᠬᠤ ᠠᠴᠠ | ᠭᠡᠯᠳᠦᠷᠢᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ︶ | 18. ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ ︽ᠰᠠᠷ᠎ᠠ ᠶᠢᠨ ᠬᠢᠨᠠᠨ ᠬᠡᠮᠵᠢᠯᠲᠡ᠂ | ᠤᠯᠠᠷᠢᠯ ᠤᠨ ᠵᠠᠳᠠᠯᠤᠯᠲᠠ᠂ ᠬᠠᠭᠠᠰ ᠵᠢᠯ ᠤᠨ ᠰᠤᠳᠤᠯᠤᠨ ᠮᠠᠭᠠᠳᠯᠠᠯᠲᠠ︾ ᠶᠢ ᠬᠡᠷᠡᠭᠵᠢᠭᠦᠯᠵᠦ᠂ ᠪᠥᠬᠦ ᠬᠤᠲᠠ | ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠤᠨ ᠪᠠᠶᠢᠳᠠᠯ ᠤᠨ | ᠰᠠᠷ᠎ᠠ ᠶᠢᠨ ᠬᠢᠨᠠᠨ ᠬᠡᠮᠵᠢᠯᠲᠡ ᠪᠠ ᠬᠠᠭᠠᠰ ᠵᠢᠯ ᠤᠨ ᠰᠤᠳᠤᠯᠤᠨ ᠮᠠᠭᠠᠳᠯᠠᠯᠲᠠ ᠶᠢ ᠴᠢᠩᠭᠠᠳᠬᠠᠵᠤ᠂ ᠵᠠᠬ᠎ᠠ | ᠳᠡᠯᠭᠡᠭᠦᠷ ᠤᠨ ︽ᠬᠦᠭᠵᠢᠶᠡᠨ ᠦᠭᠡᠢ ᠤᠯᠠᠷᠢᠯ ᠬᠦᠭᠵᠢᠶᠡᠨᠲᠡᠢ ᠤᠯᠠᠷᠢᠯ︾᠂ ᠡᠨᠧᠷᠭᠢ ᠬᠡᠷᠡᠭᠯᠡᠬᠦ ︽ᠣᠷᠭᠢᠯ | ᠬᠦᠨᠳᠡᠢ ᠤᠯᠠᠷᠢᠯ︾ ᠢ ᠭᠦᠢᠴᠡᠳ ᠪᠣᠳᠣᠯᠬᠢᠯᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢᠨ ᠠᠮᠢᠳᠤᠯᠢᠭ | ᠴᠢᠨᠠᠷ ᠢ ᠴᠢᠩᠭᠠᠷᠠᠭᠤᠯᠵᠤ᠂ ᠤᠯᠠᠷᠢᠯ ᠤᠨ ᠡᠨᠧᠷᠭᠢ ᠶᠢᠨ ᠬᠤᠷᠤᠭᠳᠠᠯ ᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ᠂ | ᠡᠨᠧᠷᠭᠢ ᠶᠢᠨ ᠬᠤᠷᠤᠭᠳᠠᠯ ᠤᠨ ᠨᠡᠮᠡᠭᠳᠡᠯ ᠤᠨ ᠬᠤᠷᠳᠤᠴᠠ ᠨᠢ ᠪᠠᠷᠢᠮᠵᠢᠶ᠎ᠡ ᠬᠠᠷᠠᠯᠲᠠ ᠠᠴᠠ ᠬᠡᠲᠦᠷᠡᠭᠰᠡᠨ ᠭᠠᠵᠠᠷ | ᠣᠷᠣᠨ ᠢ ᠰᠠᠨᠠᠭᠤᠯᠤᠨ ᠰᠡᠷᠡᠮᠵᠢᠯᠡᠭᠦᠯᠵᠦ᠂ ᠥᠨᠳᠥᠷ ᠰᠡᠷᠡᠮᠵᠢᠯᠡᠭᠦᠯᠬᠦ ᠲᠠᠰ ᠤᠨ ᠭᠠᠵᠠᠷ ᠣᠷᠣᠨ ᠢ ᠴᠤᠩᠬᠤᠪᠴᠢ ᠪᠠᠷ | ᠵᠢᠯᠣᠭᠤᠳᠬᠤ ᠶᠢ ᠴᠢᠩᠭᠠᠳᠬᠠᠨ᠎ᠠ᠃ ︵ ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︔ ᠲᠤᠭ᠎ᠠ ᠪᠠᠷᠢᠮᠲᠠ ᠬᠠᠩᠭᠠᠬᠤ ᠨᠢᠭᠡᠴᠡ᠄ ᠬᠤᠲᠠ ᠶᠢᠨ ᠲᠤᠭ᠎ᠠ ᠪᠦᠷᠢᠳᠬᠡᠯ ᠤᠨ | ᠲᠣᠪᠴᠢᠶ᠎ᠠ︶ | 19. ᠰᠢᠨᠵᠢᠯᠡᠬᠦ ᠤᠬᠠᠭᠠᠨᠴᠢ ᠪᠠᠷ ᠦᠨᠡᠯᠡᠵᠦ ᠬᠢᠨᠠᠨ ᠰᠢᠯᠭᠠᠨ᠎ᠠ᠃ ︵1︶ ᠡᠨᠧᠷᠭᠢ ᠠᠷᠪᠢᠯᠠᠬᠤ | ᠬᠠᠷᠠᠯᠲᠠᠲᠤ ᠬᠠᠷᠢᠭᠤᠴᠠᠯᠭ᠎ᠠ ᠶᠢᠨ ᠦᠨᠡᠯᠡᠵᠦ ᠬᠢᠨᠠᠨ ᠰᠢᠯᠭᠠᠬᠤ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ︽ᠣᠨ ᠤ ᠦᠨᠡᠯᠡᠯᠲᠡ᠂ ᠳᠤᠮᠳᠠ ᠬᠤᠭᠤᠴᠠᠭᠠᠨ ᠤ ᠦᠨᠡᠯᠡᠯᠲᠡ᠂ ᠲᠠᠪᠤᠨ ᠵᠢᠯ ᠤᠨ ᠬᠢᠨᠠᠨ | ᠰᠢᠯᠭᠠᠯᠲᠠ︾ ᠶᠢ ᠬᠡᠷᠡᠭᠵᠢᠭᠦᠯᠦᠨ᠂ ᠠᠵᠤ ᠠᠬᠤᠶ ᠶᠢᠨ ᠠᠵᠢᠯᠯᠠᠭᠠᠨ ᠤ ᠦᠶᠡᠯᠡᠯ ᠤᠨ ᠬᠤᠭᠤᠴᠠᠭ᠎ᠠ ᠠᠯᠤᠰᠯᠠᠭᠰᠠᠨ | ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠤᠨ | ᠦᠨᠡᠯᠡᠵᠦ ᠬᠢᠨᠠᠨ ᠰᠢᠯᠭᠠᠬᠤ ᠤᠳᠠᠭ᠎ᠠ ᠶᠢ ᠰᠢᠯᠢᠳᠡᠭᠵᠢᠭᠦᠯᠦᠨ᠂ ᠦᠨᠡᠯᠡᠵᠦ ᠬᠢᠨᠠᠨ ᠰᠢᠯᠭᠠᠭᠰᠠᠨ ᠦᠷ᠎ᠡ ᠳ᠋ᠦᠩ ᠢ | ᠰᠢᠨᠵᠢᠯᠡᠬᠦ ᠤᠬᠠᠭᠠᠨᠴᠢ ᠪᠠᠷ ᠬᠡᠷᠡᠭᠯᠡᠨ᠎ᠡ᠃ ︵2︶ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠬᠢᠵᠠᠭᠠᠷᠯᠠᠬᠤ | ᠴᠢᠨᠠᠷᠲᠠᠶ ᠭᠦᠢᠴᠡᠳᠭᠡᠯ ᠲᠤᠭ᠎ᠠ ᠶᠢ ᠰᠢᠯᠭᠠᠨ ᠬᠢᠨᠠᠬᠤ ᠶᠢ ᠴᠢᠩᠭᠠᠷᠠᠭᠤᠯᠵᠤ᠂ ᠡᠨᠧᠷᠭᠢ ᠶᠢᠨ ᠬᠤᠷᠤᠭᠳᠠᠯ ᠤᠨ | ᠬᠦᠴᠦᠯᠡᠴᠡ ᠶᠢ ᠪᠠᠭᠤᠷᠠᠭᠤᠯᠬᠤ ᠭᠦᠢᠴᠡᠳᠭᠡᠯ ᠲᠤᠭ᠎ᠠ ᠶᠢ ᠰᠢᠯᠭᠠᠨ ᠬᠢᠨᠠᠬᠤ ᠬᠤᠪᠢ ᠶᠢᠨ ᠵᠢᠩ ᠢ ᠳᠡᠭᠡᠭᠰᠢᠯᠡᠭᠦᠯᠵᠦ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠨᠧᠷᠭᠢ ᠶᠢᠨ ᠬᠤᠷᠤᠭᠳᠠᠯ ᠤᠨ | ᠬᠦᠴᠦᠯᠡᠴᠡ ᠶᠢ ᠪᠠᠭᠤᠷᠠᠭᠤᠯᠬᠤ ᠦᠨᠳᠦᠰᠦᠨ ᠬᠠᠷᠠᠯᠲᠠ ᠶᠢ ᠪᠡᠶᠡᠯᠡᠭᠦᠯᠦᠭᠡᠳᠦᠶ ᠬᠤᠰᠢᠭᠤ ᠰᠢᠶᠠᠨ ᠲᠣᠭᠤᠷᠢᠭ ᠤᠨ | ᠰᠢᠯᠭᠠᠨ ᠬᠢᠨᠠᠭᠰᠠᠨ ᠦᠷ᠎ᠡ ᠳ᠋ᠦᠩ ᠢ ᠪᠡᠶᠡᠯᠡᠭᠦᠯᠦᠭᠡᠳᠦᠶ ᠵᠡᠷᠭᠡ ᠳᠡᠰ ᠢᠶᠠᠷ ᠲᠣᠭᠲᠠᠭᠠᠨ᠎ᠠ︔ ᠡᠨᠧᠷᠭᠢ ᠶᠢᠨ | ᠬᠤᠷᠤᠭᠳᠠᠯ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠭᠡᠯ ᠲᠤᠭ᠎ᠠ ᠶᠢ ᠰᠢᠯᠭᠠᠨ ᠬᠢᠨᠠᠬᠤ ᠬᠤᠪᠢ ᠶᠢᠨ | ᠵᠢᠩ ᠢ ᠵᠦᠶ ᠵᠣᠬᠢᠰᠲᠠᠶ ᠪᠠᠶᠢᠷᠢᠯᠠᠭᠤᠯᠵᠤ᠂ ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶᠡᠨ ᠤ ᠡᠵᠡᠮᠰᠢᠯ ᠤᠨ | ᠬᠠᠷᠢᠮᠠᠬᠠᠶ ᠴᠢᠨᠠᠷ ᠤᠨ ᠬᠢᠨᠠᠨ ᠰᠢᠯᠭᠠᠯᠲᠠ ᠶᠢ ᠬᠡᠷᠡᠭᠵᠢᠭᠦᠯᠦᠨ᠎ᠡ᠃ ︵3︶ ᠡᠨᠧᠷᠭᠢ ᠶᠢᠨ ᠬᠤᠷᠤᠭᠳᠠᠯ ᠤᠨ | ᠭᠦᠢᠴᠡᠳᠭᠡᠯ ᠲᠤᠭ᠎ᠠ ᠶᠢ ᠠᠰ ᠲᠤᠨᠢ ᠵᠢᠭᠰᠠᠭᠠᠬᠤ ᠬᠡᠪᠴᠢᠶᠡᠨ ᠳᠤ ᠣᠷᠣᠭᠤᠯᠤᠭᠰᠠᠨ ᠴᠢᠬᠤᠯᠠ ᠶᠡᠭᠡ ᠲᠥᠷᠥᠯ | ᠵᠦᠢᠯ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠭᠦᠷᠭᠡᠯᠡᠭᠰᠡᠨ ᠬᠡᠰᠡᠭ ᠢ ᠡᠨᠧᠷᠭᠢ ᠶᠢᠨ ᠬᠤᠷᠤᠭᠳᠠᠯ ᠤᠨ | ᠬᠤᠤᠰ ᠡᠵᠡᠮᠳᠡᠯ ᠤᠨ ᠰᠢᠯᠭᠠᠨ ᠬᠢᠨᠠᠬᠤ ᠠᠴᠠ ᠬᠠᠰᠤᠵᠤ᠂ ᠰᠢᠨ᠎ᠡ ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ | ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ ᠬᠤᠷᠤᠭᠳᠠᠯ ᠤᠨ ᠶᠡᠷᠦᠩᠬᠡᠶ ᠬᠡᠮᠵᠢᠶ᠎ᠡ ᠶᠢᠨ ᠰᠢᠯᠭᠠᠨ | ᠬᠢᠨᠠᠬᠤ ᠳᠤ ᠣᠷᠣᠭᠤᠯᠬᠤ ᠥᠬᠡᠶ᠂ ᠲᠦᠭᠦᠬᠡᠶ ᠮᠠᠲ᠋ᠧᠷᠢᠶᠠᠯ ᠤᠨ ᠡᠨᠧᠷᠭᠢ ᠬᠡᠷᠡᠭᠯᠡᠬᠦ ᠶᠢ ᠡᠨᠧᠷᠭᠢ ᠶᠢᠨ ᠬᠤᠷᠤᠭᠳᠠᠯ ᠤᠨ | ᠬᠤᠤᠰ ᠡᠵᠡᠮᠳᠡᠯ ᠤᠨ ᠰᠢᠯᠭᠠᠨ ᠬᠢᠨᠠᠬᠤ ᠳᠤ ᠣᠷᠣᠭᠤᠯᠬᠤ ᠥᠬᠡᠶ᠃ ︵ᠬᠠᠷᠢᠭᠤᠴᠠᠬᠤ ᠨᠢᠭᠡᠴᠡ᠄ ᠬᠤᠳᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠲᠤᠭ᠎ᠠ ᠪᠠᠷᠢᠮᠲᠠ ᠬᠠᠩᠭᠠᠬᠤ ᠨᠢᠭᠡᠴᠡ᠄ ᠬᠤᠲᠠ ᠶᠢᠨ | ᠲᠤᠭ᠎ᠠ ᠪᠦᠷᠢᠳᠬᠡᠯ ᠤᠨ ᠲᠣᠪᠴᠢᠶ᠎ᠠ︶ | ︵ᠲᠠᠪᠤ︶ ᠡᠨᠧᠷᠭᠢ ᠠᠷᠪᠢᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ | ᠭᠤᠤᠯ ᠡᠭᠦᠷᠭᠡ᠄ ᠡᠨᠧᠷᠭᠢ ᠶᠢᠨ ᠬᠡᠷᠡᠭᠯᠡᠭᠡᠨ ᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠬᠢ | ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠯᠡᠬᠦ ᠶᠢ ᠬᠡᠷᠡᠭᠵᠢᠭᠦᠯᠦᠨ᠂ ᠡᠨᠧᠷᠭᠢ ᠬᠡᠷᠡᠭᠯᠡᠬᠦ ᠡᠷᠬᠡ ᠶᠢ | ᠲᠥᠯᠥᠪᠦᠷᠢ ᠲᠠᠢ ᠬᠡᠷᠡᠭᠯᠡᠬᠦ ᠶᠢ ᠲᠤᠷᠰᠢᠨ ᠠᠬᠢᠭᠤᠯᠵᠤ᠂ ᠡᠨᠧᠷᠭᠢ ᠠᠷᠪᠢᠯᠠᠬᠤ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠤᠨ᠂ ᠡᠨᠧᠷᠭᠢ ᠠᠷᠪᠢᠯᠠᠬᠤ ᠠᠵᠢᠯ ᠳᠤ ᠬᠦᠴᠦᠲᠡᠶ ᠲᠦᠷᠢᠮ ᠤᠨ ᠪᠠᠲᠤᠯᠠᠭ᠎ᠠ ᠬᠠᠩᠭᠠᠨ᠎ᠠ᠃ | | ᠠᠵᠢᠯ ᠤᠨ ᠠᠷᠭ᠎ᠠ ᠬᠡᠮᠵᠢᠶ᠎ᠡ᠄ | 20. ᠡᠨᠧᠷᠭᠢ ᠶᠢᠨ ᠬᠡᠷᠡᠭᠯᠡᠭᠡᠨ ᠤ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︵1︶ ᠬᠤᠲᠠ᠂ | ᠬᠤᠰᠢᠭᠤ ᠰᠢᠶᠠᠨ ᠲᠣᠭᠤᠷᠢᠭ ︵ᠨᠡᠭᠡᠭᠡᠯᠲᠡ ᠶᠢᠨ ᠲᠣᠭᠤᠷᠢᠭ᠂ ᠰᠢᠨ᠎ᠡ ᠲᠣᠭᠤᠷᠢᠭ︶ ᠤᠨ ᠬᠤᠶᠠᠷ ᠱᠠᠲᠤᠨ ᠤ | ᠡᠨᠧᠷᠭᠢ ᠶᠢᠨ ᠬᠤᠷᠤᠭᠳᠠᠯ ᠤᠨ ᠬᠤᠤᠰ ᠡᠵᠡᠮᠳᠡᠯ ᠤᠨ ᠲᠥᠰᠦᠪ ᠤᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠬᠤᠴᠣᠷᠤᠩᠭᠤᠶ ᠦᠢᠯᠡᠳᠪᠦᠷᠢᠯᠡᠬᠦ | ᠴᠢᠳᠠᠪᠤᠷᠢ ᠶᠢ ᠰᠢᠭᠰᠢᠬᠦ᠂ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠠᠷᠤᠵᠤ ᠪᠤᠴᠠᠭᠠᠨ ᠭᠠᠷᠭᠠᠬᠤ ᠡᠨᠧᠷᠭᠢ | ᠬᠡᠷᠡᠭᠯᠡᠬᠦ ᠭᠦᠢᠴᠡᠳᠭᠡᠯ ᠲᠤᠭ᠎ᠠ ᠶᠢ ᠲᠥᠰᠦᠪ ᠤᠨ ᠬᠠᠮᠢᠶᠠᠷᠤᠯᠲᠠ ᠳᠤ ᠨᠢᠭᠡᠳᠦᠯᠲᠡᠶ ᠣᠷᠣᠭᠤᠯᠵᠤ᠂ ᠬᠤᠲᠠ ᠶᠢᠨ | ᠱᠠᠲᠤᠨ ᠠᠴᠠ ᠨᠢᠭᠡᠳᠦᠯᠲᠡᠶ ᠲᠦᠯᠦᠪᠵᠢᠭᠦᠯᠦᠨ᠎ᠡ᠃ ︵2︶ ᠲᠠᠪᠤᠨ ᠵᠢᠯ ᠤᠨ ᠡᠨᠧᠷᠭᠢ ᠶᠢᠨ ᠬᠤᠷᠤᠭᠳᠠᠯ ᠤᠨ | ᠲᠥᠰᠦᠪ ᠤᠨ ᠬᠠᠮᠢᠶᠠᠷᠤᠯᠲᠠ ᠶᠢᠨ ᠲᠥᠰᠦᠯ ᠪᠠ ᠣᠨ ᠤ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢᠨ | ᠲᠥᠰᠦᠯ ᠢ ᠱᠠᠳᠤ ᠬᠤᠪᠢᠶᠠᠨ ᠨᠠᠶᠢᠷᠠᠭᠤᠯᠤᠨ ᠵᠣᠬᠢᠶᠠᠵᠤ᠂ ᠡᠨᠧᠷᠭᠢ ᠬᠡᠷᠡᠭᠯᠡᠬᠦ ᠭᠦᠢᠴᠡᠳᠭᠡᠯ ᠲᠤᠭ᠎ᠠ ᠶᠢ ᠰᠢᠨᠵᠢᠯᠡᠬᠦ | ᠤᠬᠠᠭᠠᠨᠴᠢ ᠪᠠᠷ ᠬᠤᠪᠢᠶᠠᠷᠢᠯᠠᠵᠤ᠂ ᠡᠨᠧᠷᠭᠢ ᠶᠢᠨ ᠬᠦᠴᠦᠨ ᠵᠦᠢᠯ ᠢᠶᠠᠷ ᠤᠷᠢᠳᠠᠪᠠᠷ ᠰᠠᠭᠤᠭᠠᠯᠢ ᠠᠷᠠᠳ ᠤᠨ | ᠠᠮᠢᠳᠤᠷᠠᠯ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠳᠡᠭᠡᠳᠦ ᠮᠡᠷᠭᠡᠵᠢᠯ ᠤᠨ ᠠᠵᠤ ᠦᠢᠯᠡᠰ ᠪᠠ | ᠲᠡᠷᠢᠭᠦᠨ ᠤ ᠦᠢᠯᠡᠳᠬᠦ ᠦᠢᠯᠡᠰ ᠢ ᠪᠠᠲᠤᠯᠠᠨ᠎ᠠ᠃ ︵3︶ ᠲᠥᠰᠦᠪ ᠤᠨ ᠭᠦᠢᠴᠡᠳᠭᠡᠯ ᠲᠤᠭ᠎ᠠ ᠶᠢ | ᠵᠦᠷᠢᠶᠡᠵᠢᠬᠦᠯᠦᠨ ᠳᠣᠭᠢᠷᠠᠭᠤᠯᠬᠤ ᠶᠢ ᠲᠡᠭᠦᠯᠳᠡᠷᠵᠢᠭᠦᠯᠵᠦ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠭᠰᠠᠨ ᠰᠠᠨᠠᠯ ᠢ | ᠨᠢᠭᠡᠨᠲᠡ ᠣᠯᠤᠭᠰᠠᠨ ᠪᠥᠭᠡᠳ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠭᠤᠤᠯᠳᠠᠯᠭ᠎ᠠ ᠲᠠᠢ ᠲᠥᠷᠥᠯ | ᠵᠦᠢᠯ ᠢ ᠪᠦᠬᠦᠨ ᠢ ᠡᠨᠧᠷᠭᠢ ᠶᠢᠨ ᠬᠤᠷᠤᠭᠳᠠᠯ ᠤᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠨ᠎ᠠ︔ | ᠪᠠᠶᠢᠭᠤᠯᠬᠤ ᠪᠠᠷ ᠪᠠᠶᠢᠭ᠎ᠠ ᠲᠦᠷᠦᠯ ᠵᠦᠢᠯ ᠳᠤ ᠡᠨᠧᠷᠭᠢ ᠶᠢᠨ ᠬᠤᠷᠤᠭᠳᠠᠯ ᠤᠨ ᠬᠡᠪᠴᠢᠶ᠎ᠡ᠂ ᠡᠨᠧᠷᠭᠢ ᠶᠢᠨ | ᠬᠤᠷᠤᠭᠳᠠᠯ ᠤᠨ ᠬᠦᠴᠦᠯᠡᠴᠡ᠂ ᠡᠨᠧᠷᠭᠢ ᠶᠢᠨ ᠬᠤᠷᠤᠭᠳᠠᠯ ᠤᠨ ᠭᠠᠷᠭᠠᠯᠲᠠ ᠶᠢᠨ ᠦᠷ᠎ᠡ ᠠᠰᠢᠭ ᠵᠡᠷᠭᠡ ᠬᠦᠴᠦᠨ | ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠡᠨᠧᠷᠭᠢ ᠶᠢᠨ ᠬᠤᠷᠤᠭᠳᠠᠯ ᠢ ᠬᠢᠨᠠᠨ ᠪᠠᠶᠢᠴᠠᠭᠠᠵᠤ ᠵᠢᠭᠰᠠᠭᠠᠨ᠂ ᠴᠢᠨᠠᠷ | ᠰᠠᠶᠢᠲᠠᠶ ᠲᠦᠷᠦᠯ ᠵᠦᠢᠯ ᠤᠨ ᠡᠨᠧᠷᠭᠢ ᠬᠡᠷᠡᠭᠯᠡᠬᠦ ᠶᠢ ᠪᠠᠲᠤᠯᠠᠵᠤ᠂ ᠨᠢᠭᠡᠨᠲᠡ ᠠᠵᠢᠯ ᠡᠬᠢᠯᠡᠭᠦᠯᠦᠨ ᠪᠦᠳᠦᠭᠡᠨ | ᠪᠠᠶᠢᠭᠤᠯᠤᠭᠰᠠᠨ ᠭᠤᠣᠯᠳᠠᠯᠭ᠎ᠠ ᠲᠠᠢ ᠲᠦᠷᠦᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠵᠢᠴᠢ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠤᠷᠢᠳᠠᠪᠠᠷ ᠰᠢᠢᠳᠪᠦᠷᠢᠯᠡᠨ᠎ᠡ᠃ ︵4︶ ᠬᠦᠴᠦᠯᠡᠴᠡ ᠶᠢᠨ | ᠬᠠᠷᠠᠯᠲᠠ ᠶᠢᠨ ᠲᠥᠰᠦᠪ ᠤᠨ ᠲᠡᠩᠴᠡᠭᠦᠷᠢ ᠲᠠᠢ ᠪᠠᠶᠢᠯᠭᠠᠵᠤ᠂ ᠶᠡᠷᠦᠩᠬᠡᠶ ᠬᠡᠮᠵᠢᠶ᠎ᠡ ᠶᠢᠨ ᠬᠠᠷᠠᠯᠲᠠ ᠶᠢ | ᠬᠢᠵᠠᠭᠠᠷᠯᠠᠬᠤ ᠶᠢᠨ ᠵᠡᠷᠭᠡᠴᠡᠭᠡᠪᠡᠷ ᠨᠢᠭᠡᠴᠡ GDP ᠶᠢᠨ ᠡᠨᠧᠷᠭᠢ ᠶᠢᠨ ᠬᠤᠷᠤᠭᠳᠠᠯ ᠢ ᠪᠠᠭᠠᠰᠬᠠᠬᠤ ᠪᠠ | ᠡᠨᠧᠷᠭᠢ ᠬᠤᠷᠤᠭᠠᠬᠤ ᠶᠡᠭᠡ ᠠᠵᠢᠯ ᠲᠦᠷᠦᠯ ᠤᠨ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ | ᠡᠨᠧᠷᠭᠢ ᠶᠢᠨ ᠬᠤᠷᠤᠭᠳᠠᠯ ᠢ ᠪᠠᠭᠠᠰᠬᠠᠬᠤ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠨ᠎ᠠ᠃ ︵ ᠬᠠᠷᠢᠭᠤᠴᠠᠬᠤ | ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ | 21. ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠯᠡᠬᠦ ᠶᠢ ᠬᠡᠷᠡᠭᠵᠢᠭᠦᠯᠦᠨ᠎ᠡ᠃ ︽1︶ | ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠯᠡᠬᠦ ᠲᠦᠷᠢᠮ ᠢ ᠪᠠᠶᠢᠭᠤᠯᠵᠤ᠂ ᠭᠠᠵᠠᠷ ᠬᠡᠷᠡᠭᠯᠡᠬᠦ᠂ | ᠤᠰᠤ ᠬᠡᠷᠡᠭᠯᠡᠬᠦ᠂ ᠡᠨᠧᠷᠭᠢ ᠬᠡᠷᠡᠭᠯᠡᠬᠦ᠂ ᠪᠣᠬᠢᠷᠲᠤᠯ ᠢ ᠭᠠᠳᠠᠭᠰᠢᠯᠠᠭᠤᠯᠬᠤ ᠵᠡᠷᠭᠡ ᠨᠢᠭᠡᠴᠢ ᠡᠬᠢ ᠪᠠᠶᠠᠯᠢᠭ ᠤᠨ | ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ | ᠬᠥᠳᠡᠯᠮᠦᠷᠢ ᠶᠢᠨ ᠦᠷ᠎ᠡ ᠪᠦᠲᠦᠮᠵᠢ ᠵᠡᠷᠭᠡ ᠰᠢᠨ᠎ᠡ ᠶᠢ ᠡᠭᠦᠳᠬᠦ ᠬᠦᠴᠦᠨ ᠵᠦᠢᠯ ᠤᠨ ᠭᠠᠷᠭᠠᠯᠲᠠ ᠶᠢᠨ ᠨᠤᠷᠮ᠎ᠠ ᠪᠠᠷ | ᠭᠤᠣᠯ ᠠᠭᠤᠯᠭ᠎ᠠ ᠪᠣᠯᠭᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠯᠡᠨ᠎ᠡ᠃ ︵2︶ | ᠵᠦᠷᠢᠶᠡᠵᠢᠬᠦᠯᠦᠭᠰᠡᠨ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ ᠬᠡᠷᠡᠭᠵᠢᠭᠦᠯᠵᠦ᠂ ᠡᠬᠢ ᠪᠠᠶᠠᠯᠢᠭ ᠤᠨ | ᠬᠦᠴᠦᠨ ᠵᠦᠢᠯ ᠢ ᠵᠦᠷᠢᠶᠡᠵᠢᠬᠦᠯᠦᠨ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠠᠵᠤ ᠦᠢᠯᠡᠰ ᠤᠨ | ᠵᠥᠪᠰᠢᠶᠡᠷᠡᠨ ᠣᠷᠣᠭᠤᠯᠬᠤ᠂ ᠮᠡᠷᠭᠡᠵᠢᠯ ᠤᠨ ᠥᠭᠡᠷᠡᠴᠢᠯᠡᠯᠲᠡ᠂ ᠭᠠᠵᠠᠷ ᠰᠢᠷᠣᠶ ᠶᠢᠨ ᠬᠠᠩᠭᠠᠯᠭ᠎ᠠ᠂ ᠴᠠᠬᠢᠯᠭᠠᠨ ᠤ | ᠦᠨ᠎ᠡ᠂ ᠣᠷᠴᠢᠨ ᠲᠣᠭᠤᠷᠢᠨ ᠤ ᠬᠠᠮᠠᠭᠠᠯᠠᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠲᠠᠯ᠎ᠠ ᠶᠢᠨ | ᠵᠦᠷᠢᠶᠡᠵᠢᠬᠦᠯᠦᠭᠰᠡᠨ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ | ᠵᠦᠶ ᠵᠣᠬᠢᠰᠲᠠᠶ ᠲᠣᠬᠢᠷᠠᠭᠤᠯᠤᠯᠲᠠ ᠶᠢ ᠬᠠᠮᠵᠢᠯᠴᠠᠨ ᠠᠬᠢᠭᠤᠯᠤᠨ᠎ᠠ᠃ ︵3︶ ᠤᠷᠤᠨ ᠵᠠᠢ ᠪᠠᠨ ᠶᠡᠬᠡᠰᠭᠡᠵᠦ ᠵᠠᠰᠠᠬᠤ | ᠡᠷᠴᠢᠮ ᠢᠶᠠᠨ ᠰᠢᠯᠢᠳᠡᠭᠵᠢᠭᠦᠯᠦᠨ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠᠷ ᠥᠨᠳᠥᠷ ᠭᠠᠵᠠᠷ | ᠣᠷᠣᠨ᠂ ᠠᠵᠢᠯ ᠲᠦᠷᠦᠯ ᠪᠠ ᠠᠵᠤ ᠠᠬᠤᠶᠢᠯᠠᠯ ᠳᠤ ᠡᠬᠢ ᠪᠠᠶᠠᠯᠢᠭ ᠢ ᠥᠨᠳᠥᠷ ᠪᠦᠲᠦᠮᠵᠢᠲᠡᠶ ᠰᠠᠶᠢᠨ | ᠲᠤᠬᠢᠷᠠᠭᠤᠯᠬᠤ ᠶᠢ ᠬᠦᠲᠦᠯᠦᠨ ᠵᠢᠯᠤᠭᠤᠳᠴᠤ᠂ ᠬᠥᠭᠵᠢᠯᠲᠡ ᠶᠢᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠵᠦ᠂ ᠡᠬᠢ | ᠪᠠᠶᠠᠯᠢᠭ ᠢ ᠳᠣᠣᠷ᠎ᠠ ᠪᠦᠲᠦᠮᠵᠢᠲᠡᠶ ᠪᠠᠷ ᠠᠰᠢᠭᠯᠠᠵᠤ ᠪᠠᠶᠢᠭ᠎ᠠ ᠬᠠᠷᠢᠴᠠᠩᠭᠤᠶ ᠪᠠᠷ ᠲᠥᠪᠯᠡᠷᠡᠭᠰᠡᠨ ᠬᠡᠰᠡᠭ ᠣᠷᠣᠨ ᠳᠤ | ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠴᠢᠩᠭᠠᠷᠠᠭᠤᠯᠤᠨ᠎ᠠ᠃ ︵ᠬᠠᠷᠢᠭᠤᠴᠠᠬᠤ ᠨᠢᠭᠡᠴᠡ᠄ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ︶ | 22.ᠡᠨᠧᠷᠭᠢ ᠬᠡᠷᠡᠭᠯᠡᠬᠦ ᠡᠷᠬᠡ ᠶᠢ ᠲᠥᠯᠥᠪᠦᠷᠢ ᠲᠠᠢ ᠪᠠᠷ ᠬᠡᠷᠡᠭᠯᠡᠬᠦ ᠶᠢ ᠲᠤᠷᠰᠢᠨ ᠬᠡᠷᠡᠭᠵᠢᠭᠦᠯᠦᠨ᠎ᠡ᠃ ︵1︶ | ᠡᠨᠧᠷᠭᠢ ᠶᠢᠨ ᠠᠰᠢᠭᠯᠠᠮᠵᠢ ᠶᠢᠨ ᠮᠡᠷᠭᠡᠵᠢᠯ ᠤᠨ ᠪᠠᠷᠢᠮᠵᠢᠶ᠎ᠠ ᠳᠤ ᠰᠠᠭᠤᠷᠢᠯᠠᠭᠰᠠᠨ ᠡᠨᠧᠷᠭᠢ ᠠᠷᠪᠢᠯᠠᠬᠤ᠂ ᠡᠨᠧᠷᠭᠢ | ᠬᠡᠷᠡᠭᠯᠡᠬᠦ ᠡᠷᠬᠡ ᠶᠢ ᠲᠥᠯᠥᠪᠦᠷᠢ ᠲᠠᠢ ᠪᠠᠷ ᠬᠡᠷᠡᠭᠯᠡᠬᠦ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠡᠷᠬᠡ ᠲᠡᠭᠰᠢ᠂ | ᠲᠥᠪ ᠭᠤᠣᠯᠴᠢ᠂ ᠢᠯᠡ ᠲᠣᠳᠣ᠂ ᠡᠮᠬᠢ ᠵᠢᠷᠤᠮ ᠲᠠᠢ ᠪᠠᠶᠢᠯᠭᠠᠵᠤ᠂ ᠮᠠᠷᠭᠤᠭᠠᠨ ᠢ ᠰᠢᠢᠳᠪᠦᠷᠢᠯᠡᠬᠦ ᠲᠣᠭᠲᠠᠴᠠ ᠶᠢ | ᠪᠠᠶᠢᠭᠤᠯᠤᠨ᠎ᠠ᠃ ︵2︶ ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶ᠎ᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠠᠷᠠᠯᠵᠢᠶ᠎ᠠ ᠶᠢᠨ ᠠᠵᠢᠯᠯᠠᠭ᠎ᠠ ᠳᠤ ᠬᠡᠷᠡᠭᠰᠡᠬᠦ ᠳᠡᠩᠰᠡᠯᠡᠨ ᠲᠡᠮᠳᠡᠭᠯᠡᠬᠦ᠂ ᠠᠷᠠᠯᠵᠢᠶᠠᠯᠠᠬᠤ ᠪᠠ ᠳ᠋ᠦᠩᠨᠡᠨ | ᠪᠤᠳᠤᠬᠤ ᠰᠢᠰᠲ᠋ᠧᠮ ᠪᠠ ᠵᠥᠭᠡᠯᠡᠨ ᠬᠠᠲᠠᠭᠤ ᠲᠣᠨᠤᠭ ᠤᠨ ᠪᠡᠯᠡᠳᠬᠡᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠠᠷᠠᠯᠵᠢᠶ᠎ᠠ ᠶᠢᠨ ᠠᠵᠢᠯᠯᠠᠭ᠎ᠠ ᠶᠢᠨ ᠠᠶᠤᠯᠭᠦᠢ᠂ ᠨᠠᠶᠢᠳᠠᠪᠤᠷᠢᠲᠠᠶ᠂ ᠳᠥᠭᠦᠮ ᠳᠥᠲᠡ ᠪᠠᠶᠢᠬᠤ ᠶᠢ ᠦᠨᠡᠨᠬᠦ | ᠪᠠᠲᠤᠯᠠᠨ᠎ᠠ᠃ ︵3︶ ᠡᠷᠬᠡ ᠲᠡᠭᠰᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠴᠤᠭᠴᠠᠯᠠᠨ | ᠪᠠᠶᠢᠭᠤᠯᠵᠤ᠂ ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶ᠎ᠠ ᠶᠢᠨ ᠲᠠᠪᠴᠠᠩ ᠢ ᠨᠢᠭᠡᠳᠦᠯᠲᠡᠶ ᠡᠬᠢ ᠪᠠᠶᠠᠯᠢᠭ ᠤᠨ | ᠠᠷᠠᠯᠵᠢᠶ᠎ᠠ ᠶᠢᠨ ᠲᠠᠪᠴᠠᠩ ᠯᠤᠭ᠎ᠠ ᠪᠦᠲᠦᠮᠵᠢᠲᠡᠶ ᠵᠣᠯᠭᠠᠭᠤᠯᠬᠤ ᠶᠢ ᠰᠤᠳᠤᠯᠵᠤ᠂ ᠡᠨᠧᠷᠭᠢ ᠬᠡᠷᠡᠭᠯᠡᠬᠦ ᠡᠷᠬᠡ ᠶᠢᠨ | ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠨᠡᠶᠢᠲᠡᠯᠡᠨ᠂ ᠤᠷᠢᠳᠴᠢᠯᠠᠨ ᠲᠥᠰᠦᠭᠡᠯᠡᠵᠦ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠣᠲᠣᠭᠠᠳᠤ ᠬᠥᠳᠡᠯᠭᠡᠬᠦ | ᠬᠦᠴᠦᠨ ᠢ ᠬᠥᠭᠵᠢᠭᠡᠨ᠎ᠡ᠃ ︵ ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 23. ᠡᠨᠧᠷᠭᠢ ᠠᠷᠪᠢᠯᠠᠬᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ︵1︶ | ᠡᠨᠧᠷᠭᠢ ᠠᠷᠪᠢᠯᠠᠬᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠨᠧᠷᠭᠢ ᠠᠷᠪᠢᠯᠠᠬᠤ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠡᠮᠬᠢᠯᠡᠬᠦ ᠶᠢ ᠲᠦᠷᠭᠡᠳᠬᠡᠨ᠂ ᠭᠤᠣᠯᠳᠠᠯᠭ᠎ᠠ ᠲᠠᠢ ᠡᠨᠧᠷᠭᠢ | ᠬᠡᠷᠡᠭᠯᠡᠬᠦ ᠨᠢᠭᠡᠴᠡ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠠᠷ ᠰᠠᠭᠤᠷᠢ ᠪᠣᠯᠭᠠᠭᠰᠠᠨ ᠡᠨᠧᠷᠭᠢ ᠠᠷᠪᠢᠯᠠᠬᠤ | ᠢᠲᠡᠭᠡᠮᠵᠢ ᠶᠢᠨ ᠲᠡᠰ ᠢ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠢᠲᠡᠭᠡᠮᠵᠢᠲᠦ ᠳᠤᠮᠳᠠᠳᠤ ᠤᠯᠤᠰ ︵ᠥᠪᠥᠷ | ᠮᠣᠩᠭᠤᠯ︶᠂ ᠢᠲᠡᠭᠡᠮᠵᠢᠲᠦ · ᠬᠥᠬᠡᠬᠤᠲᠠ ᠵᠡᠷᠭᠡ ᠲᠠᠪᠴᠠᠩ ᠳᠤ ᠲᠦᠰᠢᠭᠯᠡᠨ᠂ ᠭᠤᠣᠯᠳᠠᠯᠭ᠎ᠠ ᠲᠠᠢ ᠡᠨᠧᠷᠭᠢ | ᠬᠡᠷᠡᠭᠯᠡᠬᠦ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ ︵ | 2︶ ᠡᠨᠧᠷᠭᠢ ᠠᠷᠪᠢᠯᠠᠬᠤ ᠢᠲᠡᠭᠡᠯ ᠢᠶᠠᠨ ᠠᠯᠳᠠᠭᠰᠠᠨ ᠵᠡᠷᠭᠡ ᠳᠡᠰ ᠢ ᠦᠨᠡᠮᠰᠢᠬᠦ ᠶᠢ ᠬᠠᠤᠯᠢ ᠶᠣᠰᠣᠭᠠᠷ ᠥᠷᠨᠢᠭᠦᠯᠵᠦ | ᠂ ᠡᠨᠧᠷᠭᠢ ᠠᠷᠪᠢᠯᠠᠬᠤ ᠬᠦᠷᠢᠶᠡᠨ ᠤ ᠢᠲᠡᠭᠡᠯ ᠢᠶᠠᠨ ᠠᠯᠳᠠᠭᠰᠠᠨ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠬᠦ | ᠬᠦᠴᠦᠯᠡᠴᠡ ᠶᠢ ᠨᠡᠮᠡᠭᠳᠡᠭᠦᠯᠦᠨ᠎ᠡ᠃ ︵3︶ ᠡᠨᠧᠷᠭᠢ ᠠᠷᠪᠢᠯᠠᠬᠤ ᠶᠢ ᠬᠤᠯᠪᠣᠭᠠᠯᠠᠨ ᠱᠠᠩᠨᠠᠵᠤ ᠲᠣᠷᠭᠠᠬᠤ | ᠲᠣᠭᠲᠠᠴᠠ ᠶᠢ ᠪᠠᠶᠢᠭᠤᠯᠵᠤ᠂ ᠡᠨᠧᠷᠭᠢ ᠠᠷᠪᠢᠯᠠᠬᠤ ᠬᠦᠷᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ | ᠬᠦᠷᠲᠡᠬᠦ ᠶᠢ ᠠᠬᠢᠭᠤᠯᠤᠨ᠂ ᠰᠠᠯᠠᠭ᠎ᠠ ᠮᠥᠴᠢᠷ ᠠᠯᠤᠰᠯᠠᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠪᠠ | ᠤᠷᠮᠠᠰᠢᠭᠤᠯᠬᠤ ᠶᠢ ᠬᠡᠷᠡᠭᠵᠢᠭᠦᠯᠵᠦ᠂ ᠢᠲᠡᠭᠡᠮᠵᠢ ᠶᠢ ᠰᠡᠷᠭᠦᠭᠡᠬᠦ ᠪᠠ ᠣᠨᠳᠣᠤ ᠰᠠᠨᠠᠯ ᠢ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ᠂ ᠡᠨᠧᠷᠭᠢ ᠬᠡᠷᠡᠭᠯᠡᠵᠦ ᠢᠲᠡᠭᠡᠯ ᠠᠯᠳᠠᠭᠰᠠᠨ ᠨᠢᠭᠡᠴᠡ ᠶᠢ ᠬᠢᠨᠠᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠠᠷᠪᠢᠯᠠᠬᠤ ᠢᠲᠡᠭᠡᠮᠵᠢ ᠬᠢᠭᠡᠳ ᠡᠨᠧᠷᠭᠢ ᠬᠡᠷᠡᠭᠯᠡᠬᠦ ᠡᠷᠬᠡ ᠶᠢᠨ | ᠠᠷᠠᠯᠵᠢᠶ᠎ᠠ ᠶᠢᠨ ᠬᠤᠯᠪᠣᠭᠠᠯᠠᠨ ᠬᠥᠳᠡᠯᠦᠯᠴᠡᠬᠦ ᠶᠢ ᠬᠠᠶᠢᠨ ᠰᠦᠪᠡᠭᠴᠢᠯᠡᠵᠦ᠂ ᠡᠨᠧᠷᠭᠢ ᠠᠷᠪᠢᠯᠠᠵᠤ ᠥᠪᠡᠷ ᠢ ᠪᠠᠨ | ᠱᠠᠭᠠᠷᠳᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠡ᠄ ᠬᠤᠲᠠ ᠶᠢᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | 24. ᠬᠠᠷᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ︵1︶ ᠬᠠᠷᠠᠯᠲᠠᠲᠤ | ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠨᠢ ᠲᠣᠳᠣᠷᠬᠠᠶ᠂ ᠵᠣᠬᠢᠴᠠᠩᠭᠤᠶ | ᠪᠥᠭᠡᠳ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠨᠢ ᠬᠦᠴᠦᠲᠡᠶ ᠠᠵᠢᠯ ᠤᠨ ᠲᠣᠭᠲᠠᠴᠠ ᠶᠢ ᠪᠤᠢ ᠪᠣᠯᠭᠠᠨ᠎ᠠ᠃ | ︵2︶ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠪᠦᠬᠦ ᠬᠤᠲᠠ ᠶᠢᠨ ᠡᠨᠧᠷᠭᠢ | ᠠᠷᠪᠢᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠭᠦᠷᠭᠡ ᠬᠠᠷᠠᠯᠲᠠ ᠶᠢ ᠬᠤᠰᠢᠭᠤ ᠰᠢᠶᠠᠨ ᠲᠣᠭᠤᠷᠢᠭ | ᠪᠠ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠤᠪᠢᠶᠠᠷᠢᠯᠠᠨ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠠᠵᠢᠯ ᠲᠥᠷᠥᠯ᠂ ᠲᠣᠰ | ᠭᠠᠵᠠᠷ ᠣᠷᠣᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠪᠠ ᠡᠨᠧᠷᠭᠢ ᠬᠡᠷᠡᠭᠯᠡᠭᠰᠡᠨ ᠪᠠᠶᠢᠳᠠᠯ ᠢ | ᠮᠥᠷᠳᠡᠨ ᠦᠨᠡᠯᠡᠨ ᠵᠢᠱᠢᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠵᠢᠴᠢ ᠠᠵᠤ ᠠᠬᠤᠶᠢᠯᠠᠯ ᠤᠨ ᠡᠨᠧᠷᠭᠢ | ᠠᠷᠪᠢᠯᠠᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠵᠦ᠂ ︽ | ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠭᠤᠤᠯᠳᠠᠯᠭ᠎ᠠ ᠲᠠᠢ ᠡᠨᠧᠷᠭᠢ ᠬᠡᠷᠡᠭᠯᠡᠬᠦ | ᠨᠢᠭᠡᠴᠡ ᠶᠢ ᠰᠢᠮᠳᠠᠭᠤᠯᠵᠤ ᠪᠠᠶᠢᠭᠠᠳ ᠬᠠᠷᠢᠭᠤᠴᠠᠯᠭ᠎ᠠ ᠬᠠᠷᠠᠯᠲᠠ ᠶᠢ ᠨᠠᠶᠢᠳᠠᠪᠤᠷᠢᠵᠢᠭᠤᠯᠤᠨ᠎ᠠ᠃ ︵3︶ ᠬᠠᠤᠯᠢ | ᠬᠡᠷᠡᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠲᠡᠭᠦᠯᠳᠡᠷᠵᠢᠭᠦᠯᠵᠦ᠂ ᠬᠠᠷᠢᠭᠤᠴᠠᠬᠤ | ᠰᠠᠯᠠᠭ᠎ᠠ ᠮᠥᠴᠢᠷ ᠤᠨ ᠬᠠᠷᠠᠯᠲᠠ ᠶᠢ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠨ᠂ ᠠᠵᠢᠯ ᠤᠨ ᠨᠡᠶᠢᠯᠡᠮᠡᠯ | ᠬᠦᠴᠦᠨ ᠢ ᠪᠦᠷᠢᠯᠳᠦᠭᠦᠯᠵᠦ᠂ ᠡᠭᠦᠷᠭᠡ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ | ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠬᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︶ | 25. ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ︵1︶ ᠡᠨᠧᠷᠭᠢ ᠠᠷᠪᠢᠯᠠᠬᠤ ᠶᠢ ᠬᠢᠨᠠᠨ | ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠬᠤᠳᠠ᠂ ᠬᠤᠰᠢᠭᠤ ᠰᠢᠶᠠᠨ ᠲᠣᠭᠤᠷᠢᠭ | ᠬᠤᠶᠠᠷ ᠱᠠᠲᠤᠨ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠨᠧᠷᠭᠢ | ᠠᠷᠪᠢᠯᠠᠬᠤ ᠶᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠠᠵᠢᠯᠳᠠᠨ ᠤ ᠪᠣᠯᠪᠠᠰᠤᠷᠠᠭᠤᠯᠤᠯ ᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︵2︶ ᠡᠨᠧᠷᠭᠢ ᠶᠢᠨ ᠬᠡᠮᠵᠢᠯᠲᠡ ᠶᠢᠨ ᠠᠵᠢᠯ ᠢ | ᠴᠢᠩᠭᠠᠳᠬᠠᠨ᠂ ᠡᠨᠧᠷᠭᠢ ᠶᠢᠨ ᠬᠡᠮᠵᠢᠯᠲᠡ ᠶᠢᠨ ᠰᠢᠰᠲ᠋ᠧᠮᠵᠢ ᠶᠢ ᠪᠥᠷᠢᠨᠰᠢᠬᠦᠯᠵᠤ᠂ ᠪᠦᠷᠢᠳᠬᠡᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠡᠨᠧᠷᠭᠢ ᠶᠢᠨ ᠲᠤᠭ᠎ᠠ ᠪᠦᠷᠢᠳᠬᠡᠯ ᠤᠨ ᠠᠵᠢᠯᠳᠠᠨ ᠤ | ᠬᠦᠴᠦᠨ ᠢ ᠲᠡᠭᠦᠯᠳᠡᠷᠵᠢᠭᠦᠯᠦᠨ᠎ᠡ᠃ ︵3︶ ᠡᠨᠧᠷᠭᠢ ᠠᠷᠪᠢᠯᠠᠬᠤ ᠶᠢ ᠮᠡᠳᠡᠭᠦᠯᠬᠦ᠂ ᠡᠨᠧᠷᠭᠢ ᠶᠢᠨ ᠬᠢᠨᠠᠨ ᠪᠤᠳᠤᠬᠤ᠂ | ᠡᠨᠧᠷᠭᠢ ᠶᠢᠨ ᠠᠰᠢᠭᠯᠠᠮᠵᠢ ᠶᠢ ᠦᠨᠡᠯᠡᠬᠦ᠂ ᠪᠠᠶᠢᠴᠠᠭᠠᠨ ᠰᠢᠯᠭᠠᠬᠤ᠂ ᠡᠨᠧᠷᠭᠢ ᠠᠷᠪᠢᠯᠠᠬᠤ ᠶᠢ ᠬᠢᠨᠠᠨ ᠬᠠᠷᠭᠤᠭᠤᠯᠬᠤ᠂ | ᠭᠡᠷᠡᠴᠢᠯᠡᠬᠦ ᠵᠡᠷᠭᠡ ᠭᠤᠷᠪᠠᠳᠠᠬᠢ ᠡᠲᠡᠭᠡᠳ ᠠᠴᠠ ᠪᠠᠶᠢᠭᠤᠯᠤᠮᠵᠢ ᠶᠢ ᠢᠳᠡᠪᠬᠢᠲᠡᠶ ᠪᠠᠷ ᠪᠤᠶᠢᠵᠢᠭᠤᠯᠵᠤ᠂ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠭᠤᠷᠪᠠᠳᠠᠬᠢ ᠡᠲᠡᠭᠡᠳ ᠤᠨ ᠡᠨᠧᠷᠭᠢ ᠶᠢᠨ | ᠠᠰᠢᠭᠯᠠᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠦᠨ᠎ᠡ᠃ ︵ᠬᠠᠷᠢᠭᠤᠴᠠᠬᠤ ᠨᠢᠭᠡᠴᠡ᠄ | ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 26. ᠶᠠᠷᠢᠶ᠎ᠠ ᠬᠡᠯᠡᠯᠴᠠᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ︵1︶ ᠲᠧᠯᠸᠢᠰ᠂ ᠷᠠᠳᠢᠣ᠋ | ᠨᠡᠪᠲᠡᠷᠡᠭᠦᠯᠭᠡ᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠢ ᠬᠡᠷᠡᠭᠯᠡᠨ ᠡᠨᠧᠷᠭᠢ ᠠᠷᠪᠢᠯᠠᠬᠤ ᠮᠡᠳᠡᠯᠭᠡ ᠶᠢ | ᠲᠦᠭᠡᠮᠡᠯᠵᠢᠭᠦᠯᠵᠦ᠂ ᠸᠢᠴᠠᠲ᠂ ᠪᠢᠴᠢᠯ ᠪᠦᠷᠭᠡ᠂ ᠣᠬᠤᠷ ᠬᠠᠷᠠᠭᠠᠨ ᠳᠠᠪᠲᠠᠮᠵᠢ ᠵᠡᠷᠭᠡ ᠰᠢᠨ᠎ᠡ ᠵᠠᠭᠤᠴᠢᠯᠠᠭᠤᠷ ᠤᠨ | ᠳᠠᠪᠠᠭᠤᠯᠢᠭ ᠢ ᠪᠠᠳᠠᠷᠠᠭᠤᠯᠤᠨ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠤᠷᠴᠢᠯᠲᠤ ᠦᠢᠯᠡᠳᠪᠦᠷᠢᠯᠡᠯ ᠤᠨ | ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ ᠰᠠᠨᠠᠭᠠᠴᠢᠯᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ᠂ ᠲᠤᠷᠰᠢᠯᠭ᠎ᠠ ᠪᠠ | ᠠᠷᠭ᠎ᠠ ᠬᠢᠳᠡᠯ ᠢ ᠤᠬᠠᠭᠤᠯᠤᠨ᠎ᠠ᠃ ︵2︶ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠣᠯᠤᠨ | ᠡᠨᠧᠷᠭᠢ ᠠᠷᠪᠢᠯᠠᠬᠤ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠢᠯᠡᠳᠬᠦᠨ᠂ ᠰᠢᠨ᠎ᠡ ᠲᠤᠨᠤᠭ | ᠲᠥᠬᠦᠭᠡᠷᠦᠮᠵᠢ ᠶᠢ ᠲᠠᠨᠢᠯᠴᠠᠭᠤᠯᠬᠤ ᠬᠤᠷᠠᠯ ᠢ ᠡᠷᠬᠢᠯᠡᠵᠤ᠂ ᠡᠨᠧᠷᠭᠢ ᠠᠷᠪᠢᠯᠠᠬᠤ ᠳᠤ ᠨᠡᠶᠢᠭᠡᠮ ᠳᠠᠶᠠᠭᠠᠷ ᠢᠶᠠᠨ | ᠬᠠᠮᠲᠤᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ︵3︶ ᠡᠨᠧᠷᠭᠢ ᠠᠷᠪᠢᠯᠠᠬᠤ | ᠰᠠᠭᠤᠷᠢ ᠰᠤᠷᠭᠠᠨ ᠬᠥᠮᠦᠵᠢᠯ ᠢ ᠴᠢᠩᠭᠠᠳᠬᠠᠵᠤ᠂ ᠬᠠᠷᠠᠬᠠᠨ ᠪᠠᠭ᠎ᠠ ᠠᠴᠠ ᠪᠠᠨ ᠡᠨᠧᠷᠭᠢ ᠠᠷᠪᠢᠯᠠᠵᠤ ᠣᠷᠴᠢᠨ | ᠠᠬᠤᠶ ᠶᠢ ᠬᠠᠮᠠᠭᠠᠯᠠᠬᠤ ᠤᠬᠠᠮᠰᠠᠷ ᠢ ᠪᠤᠢ ᠪᠣᠯᠭᠠᠵᠤ᠂ ᠪᠦᠬᠦ ᠠᠷᠠᠳ ᠢᠷᠭᠡᠳ ᠤᠨ ᠡᠬᠢ ᠪᠠᠶᠠᠯᠢᠭ ᠢ ᠠᠷᠪᠢᠯᠠᠬᠤ ᠪᠠ | ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠡᠨᠧᠷᠭᠢ ᠠᠷᠪᠢᠯᠠᠬᠤ ᠪᠦᠬᠦ ᠠᠷᠠᠳ ᠤᠨ | ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ | ᠬᠠᠷᠢᠭᠤᠴᠠᠬᠤ ᠨᠢᠭᠡᠴᠡ᠄ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ︶ | | | |