ᠱᠧᠩ ᠯᠧ ᠵᠡᠭᠡᠯᠢ  ᠬᠤᠷᠢᠨᠭᠡᠷ ᠠᠴᠠ ᠶᠠᠩ ᠴᠢᠶᠦ᠋ᠨ ᠭᠧᠦ ᠬᠦᠷᠬᠦ ᠵᠠᠮ  ᠬᠤᠷᠢᠨᠭᠡᠷ ᠠᠴᠠ ᠴᠢᠩ ᠱᠦᠢ ᠾᠧ ᠬᠦᠷᠬᠦ ᠵᠠᠮ ᠬᠤᠷᠢᠨᠭᠡᠷ ᠠᠴᠠ ᠲᠣᠭᠲᠠᠬᠤ ᠰᠢᠶᠠᠨ ᠬᠦᠷᠬᠦ ᠵᠠᠮ ᠤᠨ ᠵᠠᠮ ᠬᠠᠷᠢᠯᠴᠠᠭᠠᠨ ᠤ ᠲᠡᠮᠳᠡᠭ ᠵᠢᠷᠤᠭᠠᠰᠤ ᠶᠢ ᠥᠭᠡᠷᠡᠴᠢᠯᠡᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/4/17
ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠶᠡᠭᠡ ᠠᠩᠭᠢ᠄      ᠬᠠᠷᠢᠶᠠᠲᠤ ᠣᠷᠣᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠶᠡᠷᠦᠩᠬᠡᠶᠢᠯᠡᠨ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠶᠢ ᠪᠥᠬᠦ ᠲᠠᠯ᠎ᠠ ᠪᠠᠷ ᠴᠢᠩᠭᠠᠷᠠᠭᠤᠯᠤᠨ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠮ ᠳᠡᠭᠡᠷᠡᠬᠢ ᠬᠠᠮᠢᠶᠠᠷᠤᠨ ᠡᠵᠡᠮᠳᠡᠬᠦ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠡᠪᠡᠷ ᠲᠡᠭᠰᠢ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠬᠤ  ᠶᠢᠨ ᠲᠤᠰᠠᠳᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠠᠷ ᠳᠠᠮᠵᠢᠭᠠᠳ᠂ ᠣᠳᠣᠬᠠᠨ ᠳᠤ ᠱᠧᠩ ᠯᠧ ᠵᠡᠭᠡᠯᠢ᠂ ᠬᠤᠷᠢᠨᠭᠡᠷ ᠠᠴᠠ ᠶᠠᠩ ᠴᠢᠶᠦ᠋ᠨ ᠭᠧᠦ ᠬᠦᠷᠬᠦ ᠵᠠᠮ᠂ ᠬᠤᠷᠢᠨᠭᠡᠷ ᠠᠴᠠ ᠴᠢᠩ ᠱᠦᠢ ᠾᠧ ᠬᠦᠷᠬᠦ ᠵᠠᠮ᠂ ᠬᠤᠷᠢᠨᠭᠡᠷ ᠠᠴᠠ ᠲᠣᠭᠲᠠᠬᠤ ᠰᠢᠶᠠᠨ ᠬᠦᠷᠬᠦ ᠵᠠᠮ ᠤᠨ ᠮᠠᠰᠢᠨᠲᠤ ᠲᠡᠷᠭᠡ ᠪᠣᠯᠣᠨ ᠮᠠᠰᠢᠨᠲᠤ ᠪᠤᠰᠤ ᠲᠡᠷᠭᠡᠨ ᠤ ᠵᠠᠮ ᠢ ᠢᠯᠭᠠᠬᠤ ᠳᠤ ᠪᠡᠷᠬᠡ ᠠᠴᠠ ᠪᠣᠯᠵᠤ᠂ ᠮᠠᠰᠢᠨᠲᠤ ᠪᠤᠰᠤ ᠲᠡᠷᠭᠡ᠂ ᠶᠠᠪᠠᠭᠠᠨ ᠬᠥᠮᠥᠨ ᠳᠤ ᠲᠤᠶᠢᠯ ᠤᠨ ᠶᠡᠭᠡ ᠠᠮᠤᠷ ᠲᠦᠪᠰᠢᠨ ᠤ ᠳᠠᠯᠳᠠ ᠬᠡᠮ ᠠᠪᠴᠢᠷᠠᠵᠤ ᠪᠠᠶᠢᠨ᠎ᠠ᠃ ᠣᠳᠣᠬᠠᠨ ᠳᠤ ᠵᠠᠮ ᠤᠨ ᠬᠡᠰᠡᠭ ᠤᠨ ᠲᠡᠷᠭᠡ ᠶᠠᠪᠤᠬᠤ ᠬᠡᠮᠵᠢᠶ᠎ᠡ ᠶᠡᠭᠡ ᠪᠣᠯᠬᠤᠷ ᠲᠡᠷᠭᠡ ᠶᠠᠪᠤᠬᠤ ᠶᠠᠪᠤᠴᠠ ᠳᠤ ᠵᠠᠮ ᠬᠠᠷᠢᠯᠴᠠᠭᠠᠨ ᠤ ᠲᠦᠭᠵᠢᠷᠡᠯ ᠠᠮᠠᠷᠬᠠᠨ ᠡᠭᠦᠰᠴᠦ ᠪᠠᠶᠢᠨ᠎ᠠ᠃      ᠳᠡᠭᠡᠷ᠎ᠡ ᠳᠤᠷᠠᠳᠤᠭᠰᠠᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢᠨ ᠲᠥᠯᠥᠭᠡ᠂ ᠰᠤᠳᠤᠯᠬᠤ ᠪᠠᠷ ᠳᠡᠮᠵᠢᠨ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠴᠠ ᠮᠠᠨ ᠤ ᠰᠢᠶᠠᠨ ᠤ ᠱᠧᠩ ᠯᠧ ᠵᠡᠭᠡᠯᠢ᠂ ᠬᠤᠷᠢᠨᠭᠡᠷ ᠠᠴᠠ ᠶᠠᠩ ᠴᠢᠶᠦ᠋ᠨ ᠭᠧᠦ ᠬᠦᠷᠬᠦ ᠵᠠᠮ  ᠬᠤᠷᠢᠨᠭᠡᠷ ᠠᠴᠠ ᠴᠢᠩ ᠱᠦᠢ ᠾᠧ ᠬᠦᠷᠬᠦ ᠵᠠᠮ ᠬᠤᠷᠢᠨᠭᠡᠷ ᠠᠴᠠ ᠲᠣᠭᠲᠠᠬᠤ ᠰᠢᠶᠠᠨ ᠬᠦᠷᠬᠦ ᠵᠠᠮ ᠤᠨ ᠬᠤᠶᠠᠷ ᠬᠠᠵᠠᠭᠤ ᠶᠢᠨ ᠬᠠᠯᠬᠠᠪᠴᠢ ᠬᠡᠷᠡᠰᠬᠡ ᠪᠠ ᠵᠠᠮ ᠬᠠᠷᠢᠯᠴᠠᠭᠠᠨ ᠤ ᠲᠡᠮᠳᠡᠭ ᠵᠢᠷᠤᠭᠠᠰᠤ ᠶᠢ ᠥᠭᠡᠷᠡᠴᠢᠯᠡᠬᠦ ᠠᠵᠢᠯ ᠢ ᠥᠷᠨᠢᠭᠦᠯᠬᠦ ᠶᠢᠨ ᠬᠠᠮᠲᠤ ᠲᠤᠷᠰᠢᠨ ᠠᠵᠢᠯᠯᠠᠭᠤᠯᠬᠤ ᠠᠯᠪᠠᠨ ᠵᠠᠷ ᠨᠡᠶᠢᠲᠡᠯᠡᠬᠦ ᠬᠡᠷᠡᠭᠲᠡᠢ᠃ ᠲᠤᠷᠰᠢᠨ ᠠᠵᠢᠯᠯᠠᠭᠤᠯᠬᠤ ᠱᠠᠲᠤᠨ ᠳᠤ᠂ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠬᠠᠮᠢᠶ᠎ᠠ ᠪᠦᠬᠦᠢ ᠠᠵᠢᠯᠲᠠᠨ ᠵᠠᠮ ᠬᠠᠷᠢᠯᠴᠠᠭᠠᠨ ᠤ ᠴᠠᠭᠳᠠᠭ᠎ᠠ ᠲᠠᠢ ᠬᠠᠮᠵᠢᠯᠴᠠᠨ ᠵᠠᠮ ᠬᠠᠷᠢᠯᠴᠠᠭᠠᠨ ᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠬᠦ ᠶᠢᠨ ᠬᠠᠮᠲᠤ ᠥᠷᠭᠡᠨ ᠣᠯᠠᠨ ᠰᠠᠭᠤᠭᠠᠯᠢ ᠠᠷᠠᠳ ᠪᠣᠯᠣᠨ ᠵᠢᠯᠣᠭᠤᠴᠢ ᠪᠠ ᠠᠶᠠᠨᠴᠢᠳ ᠲᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠪᠤᠷᠢᠯᠠᠯᠲᠠ ᠶᠢᠨ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠠᠭᠠᠨ ᠵᠠᠮ ᠱᠤᠭᠤᠮ ᠢ ᠤᠷᠢᠳᠴᠢᠯᠠᠨ ᠰᠠᠶᠢᠲᠤᠷ ᠲᠥᠯᠥᠪᠵᠢᠭᠦᠯᠬᠦ ᠶᠢ ᠰᠠᠨᠠᠭᠤᠯᠵᠤ᠂ ᠵᠠᠰᠠᠮᠠᠯ ᠵᠠᠮ ᠢ ᠬᠥᠨᠳᠡᠯᠡᠨ ᠥᠩᠭᠡᠷᠡᠬᠦ᠂ ᠲᠤᠰᠠᠭᠠᠷᠯᠠᠬᠤ ᠬᠠᠰᠢᠯᠭ᠎ᠠ ᠶᠢ ᠳᠠᠪᠠᠭ᠋ᠤ ᠵᠢᠴᠢ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠥᠯᠥ ᠵᠢᠷᠤᠮᠯᠠᠬᠤ ᠵᠡᠷᠭᠡ ᠦᠶᠯᠡ ᠠᠵᠢᠯᠯᠠᠭ᠎ᠠ ᠡᠭᠦᠰᠬᠦ ᠠᠴᠠ  ᠵᠠᠶᠢᠯᠠᠰᠬᠢᠬᠤ ᠬᠡᠷᠡᠭᠲᠡᠢ᠃                    ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ                    2023 ᠣᠨ ᠤ 4 ᠰᠠᠷ᠎ᠠ ᠶᠢᠨ 10 ᠤ ᠡᠳᠦᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号