ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠪᠠᠶᠢᠭᠤᠯᠵᠤ  ᠦᠢᠯᠡᠴᠢᠯᠡᠭᠡ ᠪᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠶ᠎ᠠ
ᠨᠡᠶᠢᠲᠡᠯᠡᠭᠰᠡᠨ ᠴᠠᠭ᠄
2023/4/20
     ᠵᠣᠴᠢᠨ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠤᠩ ᠯᠦᠩ᠂ ᠠᠵᠤ ᠠᠬᠤᠢ ᠠᠷᠠᠯᠵᠢᠶᠠᠨ ᠤ ᠰᠠᠯᠠᠭ᠎ᠠ ᠶᠢᠨ ᠰᠠᠯᠠᠭᠠᠨ ᠳᠠᠷᠤᠭ᠎ᠠ ᠯᠢ ᠸᠧᠢ᠂ ᠠᠵᠤ ᠠᠬᠤᠢ ᠠᠷᠠᠯᠵᠢᠶᠠᠨ ᠤ ᠰᠠᠯᠠᠭ᠎ᠠ ᠶᠢᠨ ᠯᠢ ᠰᠢᠤᠸᠠᠢ ᠮᠧᠩ
     ᠬᠠᠮᠢᠶᠠᠷᠤᠭᠴᠢ᠄      ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ  ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ  ᠦᠭᠡ ᠦᠯᠡᠳᠡᠭᠡᠵᠦ ᠵᠣᠴᠢᠳ ᠲᠠᠢ  ᠦᠵᠡᠯ ᠪᠤᠳᠤᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠤᠯᠴᠠᠬᠤ ᠶᠢ ᠪᠠᠶᠠᠷᠯᠠᠨ  ᠤᠭᠲᠤᠵᠤ ᠪᠠᠶᠢᠨ᠎ᠠ᠃        ᠬᠥᠲᠥᠯᠥᠭᠴᠢ᠄      ᠲᠤᠰ ᠤᠳᠠᠭᠠᠨ ᠤ ᠰᠤᠷᠪᠤᠯᠵᠢᠯᠠᠭ᠎ᠠ ᠶᠢᠨ ᠭᠤᠣᠯ ᠰᠡᠳᠦᠪ ᠪᠣᠯ ︽ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠪᠠᠶᠢᠭᠤᠯᠵᠤ  ᠦᠢᠯᠡᠴᠢᠯᠡᠭᠡ ᠪᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠶ᠎ᠠ︾᠃ ᠣᠷᠴᠢᠮ ᠤᠨ ᠵᠢᠯ ᠤᠨ ᠲᠤᠷᠰᠢ᠂ ᠮᠠᠨ ᠤ ᠤᠯᠤᠰ ᠤᠨ ᠪᠠᠷᠠᠭᠠᠨ ᠤ ᠭᠦᠢᠯᠭᠡᠭᠡᠨ ᠤ ᠦᠢᠯᠡᠰ ᠨᠡᠯᠢᠶᠡᠳ ᠲᠦᠷᠭᠡᠨ ᠬᠥᠭᠵᠢᠵᠦ᠂ ᠤᠯᠤᠰ ᠠᠷᠠᠳ ᠤᠨ ᠠᠵᠤ ᠠᠬᠤᠢ ᠳᠤᠮᠳᠠᠬᠢ ᠰᠠᠭᠤᠷᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠤᠳᠤᠷᠢᠳᠤᠮᠵᠢ ᠶᠢᠨ ᠴᠢᠨᠠᠷ ᠤᠨ ᠦᠢᠯᠡᠳᠦᠯ ᠢᠯᠡᠳᠲᠡ ᠳᠡᠭᠡᠭᠰᠢᠯᠡᠪᠡ᠃ ᠮᠠᠨ ᠤ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠡᠬᠡ ᠬᠠᠭᠤᠷᠠᠶ ᠶᠢᠨ ᠭᠠᠷᠠᠮ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠢᠳᠡᠪᠬᠢᠲᠡᠢ ᠮᠡᠳᠡᠭᠦᠯᠦᠨ ᠭᠤᠶᠤᠴᠢᠯᠠᠨ᠎ᠠ︾ ᠭᠡᠵᠦ ᠳᠤᠷᠠᠳᠪᠠ᠃ ᠥᠨᠥᠳᠥᠷ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠰᠠᠯᠠᠭᠠᠨ ᠤ ᠨᠥᠬᠦᠳ ᠢ ᠤᠷᠢᠵᠤ ᠡᠬᠡ ᠬᠠᠭᠤᠷᠠᠶ ᠶᠢᠨ ᠭᠠᠷᠠᠮ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠶ᠎ᠠ᠃      ᠬᠥᠲᠥᠯᠥᠭᠴᠢ᠄      ᠪᠢᠳᠠᠨ ᠳᠤ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠲᠣᠪᠴᠢ ᠲᠠᠨᠢᠯᠴᠠᠭᠤᠯᠵᠤ ᠥᠭᠭᠦᠨ᠎ᠡ ᠤᠤ︖      ᠯᠢᠦ ᠬᠤᠩ ᠯᠦᠩ᠄      ᠪᠠᠷᠠᠭᠠᠨ ᠤ ᠭᠦᠢᠯᠭᠡᠭᠡᠨ ᠤ ᠬᠦᠢᠰᠦ ᠪᠣᠯ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ᠂ ᠬᠠᠳᠠᠭᠠᠯᠠᠬᠤ᠂ ᠰᠠᠯᠭᠠᠨ ᠲᠠᠷᠬᠠᠭᠠᠬᠤ᠂ ᠳᠠᠮᠵᠢᠭᠤᠯᠤᠨ ᠲᠡᠭᠡᠭᠡᠪᠦᠷᠢᠯᠡᠬᠦ ᠵᠡᠷᠭᠡ ᠣᠯᠠᠨ ᠵᠦᠢᠯ ᠤᠨ ᠴᠢᠳᠠᠮᠵᠢ ᠶᠢ ᠲᠥᠪᠯᠡᠷᠡᠭᠦᠯᠦᠨ ᠪᠦᠷᠢᠯᠳᠦᠭᠦᠯᠦᠭᠰᠡᠨ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠰᠦᠷᠦᠭ ᠪᠠ ᠪᠠᠷᠠᠭᠠᠨ ᠤ ᠭᠦᠢᠯᠭᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠲᠥᠪ ᠪᠣᠯᠣᠨ᠎ᠠ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠣᠯ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠭᠤᠣᠯ ᠰᠠᠭᠤᠷᠢ ᠲᠥᠬᠦᠭᠡᠷᠦᠮᠵᠢ ᠮᠥᠨ᠂ ᠨᠥᠯᠥᠭᠡᠯᠡᠬᠦ ᠣᠷᠣᠨ ᠪᠦᠰᠡ  ᠨᠢ ᠨᠡᠩ ᠥᠷᠭᠡᠨ᠂ ᠲᠥᠪᠯᠡᠷᠡᠯ ᠤᠨ ᠦᠢᠯᠡᠳᠦᠯ ᠨᠢ ᠨᠡᠩ ᠴᠢᠩᠭ᠎ᠠ᠂ ᠦᠢᠯᠡᠴᠢᠯᠡᠭᠡᠨ ᠤ ᠴᠢᠳᠠᠮᠵᠢ ᠨᠢ ᠨᠡᠩ ᠰᠢᠯᠢᠳᠡᠭ᠂ ᠠᠵᠢᠯᠯᠠᠭᠠᠨ ᠤ ᠦᠷ᠎ᠡ ᠪᠦᠲᠦᠮᠵᠢ ᠨᠢ ᠨᠡᠩ ᠥᠨᠳᠥᠷ ᠪᠠᠶᠢᠳᠠᠭ ᠶᠡᠷᠦᠩᠬᠡᠶᠢᠯᠡᠭᠰᠡᠨ ᠴᠢᠨᠠᠷᠲᠠᠢ ᠪᠠᠷᠠᠭᠠᠨ ᠤ ᠭᠦᠢᠯᠭᠡᠭᠡᠨ ᠤ ᠬᠦᠢᠰᠦ ᠮᠥᠨ᠂ ᠪᠦᠬᠦ ᠤᠯᠤᠰ ᠤᠨ ᠪᠠᠷᠠᠭᠠᠨ ᠤ ᠭᠦᠢᠯᠭᠡᠭᠡᠨ ᠤ ᠲᠣᠣᠷ ᠲᠤ ᠵᠠᠩᠭᠢᠯᠠᠭ᠎ᠠ ᠶᠢᠨ ᠭᠤᠭᠴᠤᠭ᠎ᠠ᠂ ᠴᠢᠬᠤᠯᠠ ᠲᠠᠪᠴᠠᠩ ᠪᠠ ᠭᠤᠣᠯᠯᠠᠭᠴᠢ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ ᠪᠠᠶᠢᠳᠠᠭ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠡᠬᠡ ᠬᠠᠭᠤᠷᠠᠢ ᠶᠢᠨ ᠭᠠᠷᠠᠮ ᠤᠨ ᠬᠡᠯᠪᠡᠷᠢ᠂ ᠭᠠᠷᠠᠮ ᠤᠨ ᠬᠡᠯᠪᠡᠷᠢ᠂ ᠠᠭᠠᠷ ᠤᠨ ᠭᠠᠷᠠᠮ ᠤᠨ ᠬᠡᠯᠪᠡᠷᠢ᠂ ᠦᠢᠯᠡᠳᠪᠦᠷᠢᠯᠡᠯ ᠤᠨ ᠦᠢᠯᠡᠴᠢᠯᠡᠭᠡᠨ ᠤ ᠬᠡᠯᠪᠡᠷᠢ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ᠂ ᠡᠬᠡ ᠬᠠᠭᠤᠷᠠᠢ ᠳᠡᠭᠡᠷᠡᠬᠢ ᠬᠢᠯᠢ ᠶᠢᠨ ᠪᠣᠭᠤᠮᠲᠠ ᠶᠢᠨ ᠬᠡᠯᠪᠡᠷᠢ ᠵᠡᠷᠭᠡ 6 ᠲᠥᠷᠥᠯ ᠳᠤ ᠬᠤᠪᠢᠶᠠᠨ᠎ᠠ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠦᠨᠳᠦᠰᠦᠨ ᠪᠠᠶᠢᠷᠢᠰᠢᠯ ᠢ ᠣᠷᠣᠨ ᠪᠦᠰᠡ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠠᠵᠤ ᠦᠢᠯᠡᠰ ᠤᠨ ᠣᠷᠣᠨ ᠵᠠᠢ ᠶᠢᠨ ᠪᠠᠶᠢᠷᠢᠰᠢᠯ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠬᠡᠮᠵᠢᠶ᠎ᠡ ᠪᠠ ᠬᠥᠮᠥᠨ ᠠᠮᠠ ᠶᠢᠨ ᠲᠠᠷᠬᠠᠯᠲᠠ ᠵᠡᠷᠭᠡ  ᠶᠢ ᠦᠨᠳᠦᠰᠦᠯᠡᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ᠂ ᠠᠵᠤ ᠦᠢᠯᠡᠰ ᠤᠨ ᠪᠦᠲᠦᠴᠡ ᠶᠢᠨ ᠰᠢᠯᠢᠳᠡᠭᠵᠢᠨ ᠳᠡᠰ ᠳᠡᠪᠰᠢᠬᠦ ᠵᠡᠷᠭᠡ ᠬᠡᠷᠡᠭᠴᠡᠭᠡ  ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ︽ᠠᠷᠪᠠᠨ ᠭᠤᠯᠳᠤ ᠠᠷᠪᠠᠨ ᠬᠥᠨᠳᠡᠯᠡᠨ︾ ᠵᠠᠮ ᠲᠡᠭᠡᠭᠡᠪᠦᠷᠢ ᠶᠢᠨ ᠵᠠᠮ ᠪᠠ ᠤᠯᠤᠰ ᠤᠨ ᠳᠣᠲᠣᠭᠠᠳᠤ ᠶᠢᠨ ᠪᠠᠷᠠᠭᠠᠨ ᠤ ᠭᠦᠢᠯᠭᠡᠭᠡᠨ ᠤ ᠶᠡᠭᠡ ᠵᠠᠮ ᠤᠨ ᠦᠨᠳᠦᠰᠦᠨ ᠪᠠᠶᠢᠷᠢᠰᠢᠯ ᠲᠠᠢ ᠤᠶᠠᠯᠳᠤᠭᠤᠯᠤᠨ᠂ ᠵᠣᠬᠢᠬᠤ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ 127 ᠬᠤᠳᠠ ᠶᠢ ᠰᠣᠩᠭᠤᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠠᠴᠢᠬᠤ ᠬᠤᠳᠠ ᠪᠣᠯᠭᠠᠵᠤ᠂ 212 ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠂ ᠡᠭᠦᠨ ᠳᠤ 41 ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ᠂ 30 ᠭᠠᠷᠠᠮ ᠤᠨ ᠬᠡᠯᠪᠡᠷᠢ ᠶᠢᠨ᠂ 23 ᠠᠭᠠᠷ ᠤᠨ ᠭᠠᠷᠠᠮ ᠤᠨ ᠬᠡᠯᠪᠡᠷᠢ ᠶᠢᠨ᠂ 47 ᠦᠢᠯᠡᠳᠪᠦᠷᠢᠯᠡᠯ ᠤᠨ ᠦᠢᠯᠡᠴᠢᠯᠡᠭᠡᠨ ᠤ ᠬᠡᠯᠪᠡᠷᠢ ᠶᠢᠨ᠂ 55 ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ᠂ 16 ᠡᠬᠡ ᠬᠠᠭᠤᠷᠠᠢ ᠶᠢᠨ ᠬᠢᠯᠢ ᠶᠢᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠪᠠᠭᠲᠠᠭᠠᠨ᠎ᠠ᠃ 2025 ᠣᠨ ᠪᠣᠯᠬᠤ ᠳᠤ᠂ 150 ᠣᠷᠴᠢᠮ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠪᠠᠶᠢᠷᠢᠰᠢᠭᠤᠯᠤᠨ ᠪᠦᠲᠦᠭᠡᠨ ᠪᠠᠶᠢᠭᠤᠯᠤᠨ᠎ᠠ᠃      ᠬᠥᠲᠥᠯᠥᠭᠴᠢ᠄      ᠪᠢᠳᠠᠨ ᠳᠤ ᠮᠠᠨ ᠤ ᠬᠤᠲᠠ ᠶᠢᠨ ᠣᠳᠣ ᠨᠢᠭᠡᠨᠲᠡ ᠣᠯᠣᠭᠰᠠᠨ ᠬᠤᠶᠠᠷ ︽ᠠᠯᠲᠠᠨ ᠦᠰᠦᠭᠲᠦ ᠫᠠᠶᠢᠰᠠ︾  ᠶᠢ ᠲᠠᠨᠢᠯᠴᠠᠭᠤᠯᠵᠤ ᠥᠭᠭᠦᠨ᠎ᠡ ᠤᠤ︖      ᠯᠢᠦ ᠬᠤᠩ ᠯᠦᠩ᠄            ᠬᠥᠬᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠨᠢ 2021 ᠣᠨ ᠤ 10 ᠳ᠋ᠤᠭᠠᠷ ᠰᠠᠷ᠎ᠠ ᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠵᠢᠭᠰᠠᠭᠠᠭᠳᠠᠪᠠ᠃ ᠬᠦᠢᠰᠦ ᠨᠢ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ᠂ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠠᠷᠠᠭᠠᠨ ᠤ ᠭᠦᠢᠯᠭᠡᠭᠡᠨ ᠤ ᠲᠣᠭᠤᠷᠢᠭ ᠪᠣᠯᠣᠨ ᠲᠢᠶᠧ ᠲᠦᠩ ᠪᠠᠷᠠᠭᠠᠨ ᠤ ᠭᠦᠢᠯᠭᠡᠭᠡᠨ ᠤ ᠲᠣᠭᠤᠷᠢᠭ ᠢᠶᠠᠷ ᠪᠦᠷᠢᠯᠳᠦᠪᠡ᠃ 2022 ᠣᠨ ᠤ 10 ᠳ᠋ᠤᠭᠠᠷ ᠰᠠᠷ᠎ᠠ ᠳᠤ᠂ ᠬᠥᠬᠡᠬᠤᠲᠠ ᠶᠢᠨ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠠᠮᠵᠢᠯᠲᠠ ᠲᠠᠢ ᠪᠠᠷ ᠤᠯᠤᠰ ᠤᠨ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠠᠮᠵᠢᠯᠲᠠ ᠲᠠᠢ ᠣᠷᠣᠪᠠ᠃ ᠪᠢᠳᠠᠨ ᠬᠥᠬᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠬᠤᠶᠠᠷ ︽ᠠᠯᠲᠠᠨ ᠦᠰᠦᠭᠲᠦ ᠫᠠᠶᠢᠰᠠ︾ ᠶᠢ ᠰᠠᠶᠢᠲᠤᠷ ᠠᠰᠢᠭᠯᠠᠨ᠂ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠳᠤ ᠦᠢᠯᠡᠴᠢᠯᠡᠭᠰᠡᠨ᠂ ᠪᠡᠭᠡᠵᠢᠩ ᠲᠢᠶᠠᠨᠵᠢᠨ ᠾᠧᠪᠧᠢ ᠳᠤ ᠬᠠᠨᠳᠤᠭᠤᠯᠤᠭᠰᠠᠨ᠂ ᠪᠥᠬᠦ ᠤᠯᠤᠰ ᠢ ᠬᠠᠮᠤᠷᠤᠭᠰᠠᠨ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ᠎ᠠ᠃
     ᠬᠥᠲᠥᠯᠥᠭᠴᠢ᠄      ᠡᠬᠡ ᠬᠠᠭᠤᠷᠠᠢ ᠶᠢᠨ ᠭᠠᠷᠠᠮ ᠤᠨ ᠲᠤᠬᠠᠢ ᠪᠢᠳᠠᠨ ᠲᠠᠶᠢᠯᠪᠤᠷᠢᠯᠠᠵᠤ ᠥᠭᠭᠦᠨ᠎ᠡ ᠤᠤ︖      ᠯᠢ ᠸᠧᠢ᠄      ᠡᠬᠡ ᠬᠠᠭᠤᠷᠠᠢ ᠶᠢᠨ ᠭᠠᠷᠠᠮ ᠪᠣᠯ ᠳᠣᠲᠣᠭᠠᠳᠤ ᠬᠠᠭᠤᠷᠠᠢ ᠶᠢᠨ ᠭᠠᠵᠠᠷ ᠣᠷᠣᠨ ᠤ ᠭᠠᠷᠠᠮ ᠤᠨ ᠦᠢᠯᠡᠴᠢᠯᠡᠭᠡᠨ ᠤ ᠴᠢᠳᠠᠮᠵᠢ ᠶᠢ ᠪᠦᠷᠢᠯᠳᠦᠭᠦᠯᠵᠦ᠂ ᠭᠠᠷᠠᠮ ᠤᠨ ᠦᠢᠯᠡᠴᠢᠯᠡᠭᠡᠨ ᠤ ᠲᠣᠣᠷ ᠢ ᠤᠷᠲᠤᠳᠬᠠᠬᠤ ᠴᠢᠬᠤᠯᠠ ᠰᠠᠭᠤᠷᠢ ᠲᠥᠬᠦᠭᠡᠷᠦᠮᠵᠢ ᠪᠠ ᠴᠢᠬᠤᠯᠠ ᠬᠦᠴᠦᠨ ᠵᠦᠢᠯ ᠢ ᠲᠥᠪᠯᠡᠷᠡᠭᠦᠯᠦᠭᠰᠡᠨ ᠠᠴᠢᠶᠠᠯᠠᠭᠴᠢ ᠮᠥᠨ᠃ ᠮᠠᠨ ᠤ ᠳᠣᠲᠣᠭᠠᠳᠤ ᠬᠠᠭᠤᠷᠠᠢ ᠶᠢᠨ ᠭᠠᠵᠠᠷ ᠣᠷᠣᠨ ᠤ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠲᠠᠰᠤᠷᠠᠯᠲᠠ ᠦᠭᠡᠢ ᠪᠠᠭᠤᠷᠠᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠠᠶᠢᠨ ᠰᠠᠶᠢᠬᠠᠨ ᠪᠠ ᠥᠷᠢᠰᠦᠯᠳᠦᠬᠦ ᠬᠦᠴᠦᠨ ᠲᠠᠢ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠣᠷᠴᠢᠨ ᠲᠣᠭᠤᠷᠢᠨ ᠢ ᠲᠦᠷᠭᠡᠳᠬᠡᠨ ᠪᠣᠶ ᠪᠣᠯᠭᠠᠬᠤ᠂ ᠳᠣᠲᠣᠭᠠᠳᠤ ᠬᠠᠭᠤᠷᠠᠢ ᠶᠢᠨ ᠭᠠᠵᠠᠷ ᠣᠷᠣᠨ ᠤ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠵᠡᠷᠭᠡ ᠳᠤ ᠪᠠᠶᠢᠯᠳᠤᠬᠤ ᠪᠣᠳᠣᠯᠭ᠎ᠠ ᠶᠢᠨ᠂ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃      ᠬᠥᠲᠥᠯᠥᠭᠴᠢ᠄      ᠡᠬᠡ ᠬᠠᠭᠤᠷᠠᠢ ᠶᠢᠨ ᠭᠠᠷᠠᠮ ᠢᠶᠠᠷ ᠬᠦᠢᠰᠦ ᠪᠣᠯᠭᠠᠭᠰᠠᠨ ᠪᠠᠷᠠᠭᠠᠨ ᠤ ᠭᠦᠢᠯᠭᠡᠭᠡᠨ ᠤ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮᠵᠢ ᠶᠢ ᠪᠠᠶᠢᠭᠤᠯᠬᠤ ᠨᠢ ᠶᠠᠮᠠᠷ ᠤᠳᠬ᠎ᠠ ᠠᠭᠤᠯᠭ᠎ᠠ ᠲᠠᠢ ᠪᠤᠢ︖      ᠯᠢ ᠸᠧᠢ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠣᠯᠣᠨ 2035 ᠣᠨ ᠤ ᠠᠯᠤᠰ ᠬᠡᠲᠦ ᠶᠢᠨ ᠬᠠᠷᠠᠯᠲᠠ ᠶᠢᠨ ᠬᠥᠲᠥᠯᠪᠦᠷᠢ︾ ︵ᠲᠣᠪᠴᠢᠯᠠᠭᠠᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠭᠡᠳᠡᠭ︶ ᠳᠤ᠂ ︽ᠪᠠᠷᠠᠭᠠᠨ ᠤ ᠭᠦᠢᠯᠭᠡᠭᠡ︾ ᠦᠰᠦᠭ 21 ᠤᠳᠠᠭ᠎ᠠ ᠢᠯᠡᠷᠡᠵᠦ᠂ ︽ᠬᠠᠩᠭᠠᠯᠭ᠎ᠠ ᠶᠢᠨ ᠬᠡᠯᠬᠢᠶ᠎ᠡ︾ 14 ᠤᠳᠠᠭ᠎ᠠ ᠢᠯᠡᠷᠡᠵᠦ᠂ ︽ᠠᠵᠤ ᠦᠢᠯᠡᠰ ᠤᠨ ᠬᠡᠯᠬᠢᠶ᠎ᠡ︾ 23 ᠤᠳᠠᠭ᠎ᠠ ᠢᠯᠡᠷᠡᠵᠦ᠂ ︽ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ︾ 10 ᠤᠳᠠᠭ᠎ᠠ ᠢᠯᠡᠷᠡᠵᠦ᠂ ᠢᠯᠠᠩᠭᠤᠶ᠎ᠠ ︽ᠦᠢᠯᠡᠳᠬᠦ ᠦᠢᠯᠡᠰ ᠤᠨ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ᠂ ᠦᠢᠯᠡᠴᠢᠯᠡᠭᠡᠨ ᠤ ᠦᠢᠯᠡᠰ ᠢ ᠴᠡᠴᠡᠭᠯᠡᠭᠦᠯᠦᠨ ᠬᠥᠭᠵᠢᠭᠦᠯᠬᠦ᠂ ᠤᠯᠤᠰ ᠤᠨ ᠳᠣᠲᠣᠭᠠᠳᠤ ᠶᠢᠨ ᠣᠷᠴᠢᠯ ᠢ ᠰᠠᠭᠠᠳ ᠦᠭᠡᠢ ᠨᠡᠪᠲᠡᠷᠡᠭᠦᠯᠬᠦ᠂ ᠲᠣᠭᠠᠴᠢᠯᠠᠭᠰᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ︾ ᠳᠤᠮᠳᠠ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠥᠭᠵᠢᠯᠲᠡ ᠳᠤ ᠨᠠᠩ ᠥᠨᠳᠥᠷ ᠦᠢᠯᠡᠴᠢᠯᠡᠭᠡᠨ ᠤ ᠱᠠᠭᠠᠷᠳᠠᠯᠭ᠎ᠠ ᠳᠤᠷᠠᠳᠴᠤ᠂ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠪᠠᠶᠢᠷᠢ ᠰᠠᠭᠤᠷᠢ ᠪᠠ ᠦᠢᠯᠡᠳᠦᠯ ᠢ ᠤᠷᠢᠳ ᠡᠮᠦᠨ᠎ᠡ ᠪᠠᠶᠢᠭ᠎ᠠ ᠦᠭᠡᠢ ᠳᠡᠭᠡᠭᠰᠢᠯᠡᠪᠡ᠃ ᠤᠳᠤ ᠦᠶ᠎ᠡ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠬᠥᠭᠵᠢᠯᠲᠡ ᠶᠢᠨ ᠵᠢᠮ᠎ᠡ ᠶᠣᠰᠣ ᠶᠢ ᠦᠨᠳᠦᠰᠦᠯᠡᠪᠡᠯ᠂ ᠴᠢᠨᠠᠷ ᠰᠠᠶᠢᠲᠠᠢ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠨᠢ ᠨᠢᠭᠡᠨᠲᠡ ᠮᠠᠨ ᠤ ᠤᠯᠤᠰ ᠤᠨ ᠣᠳᠣᠬᠢᠴᠢᠯᠠᠯᠲᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠲᠤᠯᠭᠠᠭᠤᠷᠢᠯᠠᠯ ᠪᠠ ᠤᠳᠤᠷᠢᠳᠤᠮᠵᠢ ᠪᠣᠯᠵᠠᠢ᠃ ᠡᠬᠡ ᠬᠠᠭᠤᠷᠠᠢ ᠶᠢᠨ ᠭᠠᠷᠠᠮ ᠳᠤ ᠠᠪᠴᠤ ᠬᠡᠯᠡᠪᠡᠯ᠂ ᠳᠠᠷᠤᠢ ᠳᠣᠲᠣᠭᠠᠳᠤ ᠬᠠᠭᠤᠷᠠᠢ ᠶᠢᠨ ᠭᠠᠵᠠᠷ ᠣᠷᠣᠨ ᠳᠤ ᠮᠠᠨ ᠤ ᠤᠯᠤᠰ ᠤᠨ ᠭᠠᠷᠠᠮ᠂ ᠭᠠᠷᠠᠮ ᠳᠠᠭᠠᠤ ᠶᠢᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠳᠣᠲᠣᠭᠠᠳᠤ ᠬᠠᠭᠤᠷᠠᠢ ᠶᠢᠨ ᠭᠠᠵᠠᠷ ᠣᠷᠣᠨ ᠳᠤ ︽ᠶᠡᠭᠡ ᠣᠷᠴᠢᠯ︾ ︽ᠬᠤᠣᠰ ᠣᠷᠴᠢᠯ︾ ᠤᠨ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠢ ᠪᠣᠶ ᠪᠣᠯᠭᠠᠬᠤ ᠪᠠᠷ ᠴᠢᠭᠯᠡᠯ ᠪᠣᠯᠭᠠᠨ᠂ ᠡᠬᠡ ᠬᠠᠭᠤᠷᠠᠢ ᠶᠢᠨ ᠭᠠᠷᠠᠮ ᠤᠨ ᠴᠢᠳᠠᠮᠵᠢ ᠶᠢ ᠲᠡᠭᠦᠯᠳᠡᠷᠵᠢᠭᠦᠯᠬᠦ ᠪᠠ ᠡᠬᠡ ᠬᠠᠭᠤᠷᠠᠢ ᠪᠠ ᠲᠡᠯᠡᠶ ᠲᠠᠩᠭᠢᠰ ᠤᠨ ᠬᠤᠣᠰ ᠴᠢᠭᠯᠡᠯᠲᠦ ᠪᠠᠷᠠᠭᠠᠨ ᠤ ᠭᠦᠢᠯᠭᠡᠭᠡᠨ ᠤ ᠶᠡᠭᠡ ᠵᠠᠮ ᠢ ᠪᠠᠶᠢᠭᠤᠯᠵᠤ᠂ ᠳᠣᠲᠣᠭᠠᠳᠤ ᠬᠠᠭᠤᠷᠠᠢ ᠶᠢᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠪᠠ ᠠᠵᠤ ᠦᠢᠯᠡᠰ ᠤᠨ ᠪᠠᠶᠢᠷᠢᠰᠢᠯ ᠤᠨ ᠣᠷᠴᠢᠨ ᠨᠥᠬᠦᠴᠡᠯ ᠢ ᠪᠣᠶ ᠪᠣᠯᠭᠠᠬᠤ ᠳᠤ ᠨᠥᠬᠦᠴᠡᠯ ᠪᠦᠷᠢᠯᠳᠦᠭᠦᠯᠵᠦ ᠥᠭᠴᠡᠢ᠃      ᠬᠥᠲᠥᠯᠥᠭᠴᠢ᠄      ᠡᠬᠡ ᠬᠠᠭᠤᠷᠠᠢ ᠶᠢᠨ ᠭᠠᠷᠠᠮ ᠤᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤᠮᠳᠠ ᠬᠦᠴᠦᠨ ᠵᠦᠢᠯ ᠢ ᠬᠡᠷᠬᠢᠨ ᠲᠦᠷᠭᠡᠨ ᠲᠥᠪᠯᠡᠷᠡᠭᠦᠯᠬᠦ ᠪᠤᠢ︖      ᠯᠢ ᠰᠢᠤᠸᠠᠢ ᠮᠧᠩ᠄      ᠡᠩ ᠲᠡᠷᠢᠭᠦᠨ ᠳᠤ ᠡᠬᠡ ᠬᠠᠭᠤᠷᠠᠢ ᠶᠢᠨ ᠭᠠᠷᠠᠮ ᠤᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠤᠨ ᠠᠵᠢᠯᠯᠠᠭᠠᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠥᠨᠳᠥᠷ ᠪᠠᠷᠢᠮᠵᠢᠶ᠎ᠠ ᠲᠠᠢ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠬᠤ ᠠᠴᠠ ᠭᠠᠷᠳᠠᠵᠤ᠂ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠤ ᠠᠰᠢᠭᠲᠠᠢ ᠰᠠᠶᠢᠨ ᠰᠠᠶᠢᠬᠠᠨ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠲᠣᠬᠢᠷᠠᠭᠤᠯᠬᠤ ᠶᠢᠨ ︽ᠪᠣᠭᠤᠮᠢ︾ ᠶᠢᠨ ᠬᠢᠵᠠᠭᠠᠷᠯᠠᠯ ᠢ ᠨᠡᠪᠲᠡᠷᠡᠭᠦᠯᠦᠨ᠎ᠡ᠃ ᠳᠠᠷᠠᠭ᠎ᠠ ᠨᠢ ᠡᠬᠡ ᠬᠠᠭᠤᠷᠠᠢ ᠶᠢᠨ ᠭᠠᠷᠠᠮ ᠤᠨ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ ᠲᠣᠬᠢᠷᠠᠭᠤᠯᠬᠤ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠢᠭᠡ ᠲᠠᠯ᠎ᠠ ᠪᠠᠷ ᠬᠤᠳᠠ ᠶᠢᠨ ᠪᠥᠭᠡᠮᠨᠡᠷᠡᠯ ᠤᠨ ᠪᠠᠷᠠᠭᠠᠨ ᠤ ᠭᠦᠢᠯᠭᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ᠎ᠡ᠃ ᠨᠥᠭᠦᠭᠡ ᠲᠠᠯ᠎ᠠ ᠪᠠᠷ᠂ ᠪᠥᠭᠡᠮᠨᠡᠷᠡᠯ ᠤᠨ ᠬᠤᠲᠠ ᠶᠢᠨ ᠬᠤᠭᠤᠷᠣᠨᠳᠤᠬᠢ ᠪᠠᠷᠠᠭᠠᠨ ᠤ ᠭᠦᠢᠯᠭᠡᠭᠡᠨ ᠤ ᠲᠣᠣᠷ ᠰᠦᠯᠵᠢᠶᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠬᠥᠲᠥᠯᠥᠭᠴᠢ᠄      ᠮᠠᠨ ᠤ ᠬᠤᠲᠠ ᠶᠢᠨ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠭᠤᠶᠤᠴᠢᠯᠠᠨ ᠮᠡᠳᠡᠭᠦᠯᠬᠦ ᠠᠵᠢᠯ ᠣᠳᠣᠬᠠᠨ ᠳᠤ ᠠᠯᠢ ᠱᠠᠲᠤᠨ ᠳᠤ ᠣᠷᠣᠭᠠᠳ ᠪᠠᠶᠢᠨ᠎ᠠ︖      ᠯᠢ ᠰᠢᠤᠸᠠᠢ ᠮᠧᠩ᠄      ︽ᠬᠥᠬᠡᠬᠤᠲᠠ ᠶᠢᠨ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ︾ ᠢ ᠨᠠᠶᠢᠷᠠᠭᠤᠯᠤᠨ ᠵᠣᠬᠢᠶᠠᠬᠤ ᠡᠮᠦᠨ᠎ᠡ ᠬᠤᠭᠤᠴᠠᠭᠠᠨ ᠤ ᠠᠵᠢᠯ ᠳᠤ᠂ ᠪᠢᠳᠡ ︽ᠲᠣᠭᠤᠷᠢᠨ ᠦᠵᠡᠵᠦ ᠰᠤᠷᠤᠯᠴᠠᠬᠤ᠂ ᠰᠠᠨᠠᠯ ᠰᠣᠯᠢᠯᠴᠠᠨ ᠰᠠᠭᠤᠵᠤ ᠶᠠᠷᠢᠯᠴᠠᠬᠤ︾ ᠢᠶᠠᠷ ᠭᠤᠣᠯ ᠰᠡᠳᠦᠪ ᠪᠣᠯᠭᠠᠵᠤ᠂ ᠭᠤᠶᠤᠴᠢᠯᠠᠨ ᠮᠡᠳᠡᠭᠦᠯᠬᠦ ᠶᠢ ᠲᠦᠯᠬᠢᠨ ᠠᠬᠢᠭᠤᠯᠬᠤ ᠠᠯᠢ ᠣᠯᠠᠨ ᠠᠵᠢᠯ ᠢ ᠥᠷᠨᠢᠭᠦᠯᠵᠦ᠂ ᠡᠭᠦᠨ ᠳᠤ᠄ ᠭᠤᠣᠯᠳᠠᠯᠭ᠎ᠠ ᠲᠠᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠵᠢᠴᠢ ᠭᠠᠵᠠᠷ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ᠢ ᠣᠯᠠᠨ ᠤᠳᠠᠭ᠎ᠠ ᠵᠣᠬᠢᠶᠠᠨ ᠪᠠᠶᠢᠭᠤᠯᠵᠤ ᠬᠥᠬᠡᠬᠤᠲᠠ ᠶᠢᠨ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠭᠤᠶᠤᠴᠢᠯᠠᠨ ᠮᠡᠳᠡᠭᠦᠯᠬᠦ ᠠᠵᠢᠯ ᠤᠨ ᠰᠠᠭᠤᠳᠠᠯ ᠤᠨ ᠬᠤᠷᠠᠯ ᠬᠢᠵᠦ᠂ ᠲᠡᠷᠢᠭᠦᠨ ᠤ ᠭᠠᠵᠠᠷ ᠣᠷᠣᠨ ᠳᠤ ᠣᠴᠢᠵᠤ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠤᠭᠰᠠᠨ ᠲᠤᠷᠰᠢᠯᠭ᠎ᠠ ᠶᠢ ᠪᠠᠶᠢᠴᠠᠭᠠᠨ ᠰᠤᠷᠤᠯᠴᠠᠵᠤ᠂ ᠪᠠᠷᠠᠭᠠᠨ ᠤ ᠭᠦᠢᠯᠭᠡᠭᠡᠨ ᠤ ᠬᠦᠢᠰᠦ ᠶᠢ ᠠᠴᠢᠶᠠᠯᠠᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠠᠷᠠᠯᠵᠢᠶᠠᠨ ᠤ ᠵᠤᠷᠭᠠᠨ ᠤ ᠵᠣᠬᠢᠶᠠᠨ ᠪᠠᠶᠢᠭᠤᠯᠤᠭᠰᠠᠨ 2023 ᠣᠨ ᠤ ᠪᠠᠷᠠᠭᠠᠨ ᠤ ᠭᠦᠢᠯᠭᠡᠭᠡᠨ ᠤ ᠬᠦᠷᠢᠶᠡᠨ ᠳᠠᠬᠢ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠠᠵᠢᠯ ᠤᠨ ᠬᠤᠷᠠᠯ ᠳᠤ ᠣᠷᠣᠯᠴᠠᠭᠤᠯᠵᠤ᠂ ᠣᠳᠣ ᠪᠣᠯᠬᠤ ᠳᠤ ᠡᠮᠦᠨᠡᠬᠢ ᠬᠤᠭᠤᠴᠠᠭᠠᠨ ᠤ ᠮᠠᠲ᠋ᠧᠷᠢᠶᠠᠯ ᠴᠤᠭᠯᠠᠭᠤᠯᠬᠤ᠂ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠨᠲᠡ ᠡᠬᠢᠯᠡᠭᠦᠯᠦᠭᠡᠳ ᠪᠠᠶᠢᠨ᠎ᠠ᠃ ᠪᠣᠳᠠᠲᠠᠢ ᠭᠤᠶᠤᠴᠢᠯᠠᠨ ᠮᠡᠳᠡᠭᠦᠯᠬᠦ ᠠᠵᠢᠯ ᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ ᠪᠠᠭᠤᠯᠭᠠᠬᠤ ᠪᠠᠷ ᠪᠠᠷᠢᠮᠵᠢᠶ᠎ᠠ ᠪᠣᠯᠭᠠᠨ᠎ᠠ᠃      ᠬᠠᠮᠢᠶᠠᠷᠤᠭᠴᠢ᠄      ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠤᠩ ᠯᠦᠩ᠂ ᠠᠵᠤ ᠠᠬᠤᠢ ᠠᠷᠠᠯᠵᠢᠶᠠᠨ ᠤ ᠰᠠᠯᠠᠭ᠎ᠠ ᠶᠢᠨ ᠰᠠᠯᠠᠭᠠᠨ ᠳᠠᠷᠤᠭ᠎ᠠ ᠯᠢ ᠸᠧᠢ᠂ ᠠᠵᠤ ᠠᠬᠤᠢ ᠠᠷᠠᠯᠵᠢᠶᠠᠨ ᠤ ᠰᠠᠯᠠᠭ᠎ᠠ ᠶᠢᠨ ᠯᠢ ᠰᠢᠤᠸᠠᠢ ᠮᠧᠩ ᠨᠠᠷ ᠲᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠯ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号