ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠪᠣᠳᠠᠲᠤ ᠦᠷ᠎ᠡ ᠪᠦᠲᠦᠮᠵᠢ ᠣᠯᠵᠤ 3447.56 ᠲᠦᠮᠡᠨ ᠲᠥᠭᠦᠷᠢᠭ ᠤᠨ ᠪᠡᠯᠡ ᠮᠥᠩᠭᠦ ᠠᠷᠪᠢᠯᠠᠵᠤ ᠠᠷᠪᠢᠯᠠᠭᠰᠠᠨ ᠨᠣᠷᠮ᠎ᠠ 4.09% ᠬᠦᠷᠴᠡᠢ
ᠨᠡᠶᠢᠲᠡᠯᠡᠭᠰᠡᠨ ᠴᠠᠭ᠄
2023/4/26
      ︵ᠰᠤᠷᠪᠤᠯᠵᠢᠯᠠᠭᠴᠢ ᠰᠥᠩ ᠰᠢᠶᠠᠩ ᠬᠤᠸᠠ︶ ᠨᠢᠭᠡᠳᠦᠭᠡᠷ ᠤᠯᠠᠷᠢᠯ ᠳᠤ᠂ ᠮᠠᠨ ᠤ ᠤᠯᠤᠰ ᠤᠨ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠪᠣᠳᠠᠲᠤ ᠦᠷ᠎ᠡ ᠪᠦᠲᠦᠮᠵᠢ ᠣᠯᠪᠠ᠄ ᠪᠥᠬᠦ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠤᠭᠰᠠᠨ ᠬᠡᠮᠵᠢᠶ᠎ᠡ 84209.52 ᠲᠦᠮᠡᠨ ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 44982.18 ᠲᠦᠮᠡᠨ ᠲᠥᠭᠦᠷᠢᠭ ᠨᠡᠮᠡᠭᠳᠡᠪᠡ︔ ᠪᠣᠳᠠᠲᠠᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ 80761.96 ᠲᠦᠮᠡᠨ ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 42657.47 ᠲᠦᠮᠡᠨ ᠲᠥᠭᠦᠷᠢᠭ ᠨᠡᠮᠡᠭᠳᠡᠵᠡᠢ︔3447.56 ᠲᠦᠮᠡᠨ ᠲᠥᠭᠦᠷᠢᠭ ᠤᠨ ᠪᠡᠯᠡ ᠮᠥᠩᠭᠦ ᠠᠷᠪᠢᠯᠠᠵᠤ᠂ ᠪᠡᠯᠡ ᠮᠥᠩᠭᠦ ᠠᠷᠪᠢᠯᠠᠭᠰᠠᠨ ᠨᠣᠷᠮ᠎ᠠ 4.09% ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.23 ᠵᠠᠭᠤᠨ ᠤ ᠨᠢᠭᠡᠴᠢ ᠨᠡᠮᠡᠭᠳᠡᠪᠡ᠃ ᠡᠭᠦᠨ ᠳᠤ᠄ ᠪᠥᠬᠦ ᠬᠤᠲᠠ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠤᠳᠠᠯᠳᠤᠨ ᠠᠪᠤᠭᠰᠠᠨ ᠵᠣᠭᠤᠰ ᠤᠨ ᠲᠤᠭ᠎ᠠ 70313.43 ᠲᠦᠮᠡᠨ ᠲᠥᠭᠦᠷᠢᠭ ᠬᠦᠷᠴᠦ᠂ ᠪᠣᠳᠠᠲᠠᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠶᠢᠨ 87% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠪᠣᠳᠠᠲᠠᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠠᠴᠠ 41978.13 ᠲᠦᠮᠡᠨ ᠲᠥᠭᠦᠷᠢᠭ ᠨᠡᠮᠡᠭᠳᠡᠪᠡ︔ ᠡᠨᠧᠷᠭᠢ ᠠᠷᠪᠢᠯᠠᠬᠤ᠂ ᠤᠰᠤ ᠠᠷᠪᠢᠯᠠᠬᠤ ᠦᠢᠯᠡᠳᠬᠦᠨ ᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ 484.81 ᠲᠦᠮᠡᠨ ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 338.60 ᠲᠦᠮᠡᠨ ᠲᠥᠭᠦᠷᠢᠭ ᠨᠡᠮᠡᠭᠳᠡᠨ᠂ ᠲᠣᠰ ᠦᠢᠯᠡᠳᠬᠦᠨ ᠤ ᠭᠠᠷᠴᠠᠭ ᠠᠴᠠ ᠬᠤᠳᠠᠯᠳᠤᠨ ᠠᠪᠬᠤ ᠵᠣᠭᠤᠰ ᠤᠨ ᠲᠤᠭ᠎ᠠ ᠶᠢᠨ 72% ᠢ ᠡᠵᠡᠯᠡᠪᠡ︔ ᠣᠷᠴᠢᠨ ᠠᠬᠤᠢ ᠶᠢᠨ ᠬᠠᠮᠠᠭᠠᠯᠠᠯᠲᠠ ᠶᠢᠨ ᠦᠢᠯᠡᠳᠬᠦᠨ ᠢ ᠬᠤᠳᠠᠯᠳᠤᠨ ᠠᠪᠤᠭᠰᠠᠨ ᠵᠣᠭᠤᠰ ᠤᠨ ᠲᠤᠭ᠎ᠠ 668.54 ᠲᠦᠮᠡᠨ ᠲᠥᠭᠦᠷᠢᠭ ᠬᠦᠷᠴᠦ᠂ ᠲᠣᠰ ᠦᠢᠯᠡᠳᠬᠦᠨ ᠤ ᠭᠠᠷᠴᠠᠭ ᠠᠴᠠ ᠬᠤᠳᠠᠯᠳᠤᠨ ᠠᠪᠤᠭᠰᠠᠨ ᠵᠣᠭᠤᠰ ᠤᠨ ᠲᠤᠭ᠎ᠠ ᠶᠢᠨ 86% ᠶᠢ ᠡᠵᠡᠯᠡᠪᠡ᠃      ᠡᠨᠡ ᠵᠢᠯ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠬᠠᠲᠠᠭᠤ ᠳᠦᠷᠢᠮ ᠤᠨ ᠵᠥᠭᠡᠯᠡᠨ ᠬᠠᠮᠢᠶᠠᠷᠤᠯᠲᠠ ᠳᠤ᠂ ︽ᠬᠢᠨᠠᠯᠲᠠ ᠲᠠᠯᠪᠢᠬᠤ + ᠦᠢᠯᠡᠴᠢᠯᠡᠭᠡ︾ ᠶᠢ ᠵᠡᠷᠭᠡᠪᠡᠷ ᠶᠠᠪᠤᠭᠤᠯᠬᠤ ᠵᠠᠭᠪᠤᠷ ᠢᠶᠠᠷ ᠬᠤᠳᠠᠯᠳᠤᠨ ᠠᠪᠤᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ︽ᠵᠠᠢ ᠵᠠᠪᠰᠠᠷ ᠦᠭᠡᠢ︾ ︽ᠨᠢᠭᠤᠷ ᠡᠰᠡᠷᠭᠦᠯᠡᠨ︾ ︽ᠪᠠᠶᠢᠩᠭᠤᠵᠢᠭᠤᠯᠵᠤ︾᠂ ᠬᠤᠳᠠᠯᠳᠤᠨ ᠠᠪᠬᠤ ᠡᠯ᠎ᠡ ᠲᠠᠯ᠎ᠠ ᠶᠢᠨ ᠭᠤᠣᠯ ᠴᠣᠭᠴᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠴᠢᠳᠠᠪᠤᠷᠢ ᠵᠢᠴᠢ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠪᠠ ᠪᠦᠲᠦᠮᠵᠢᠲᠡᠢ ᠬᠡᠷᠡᠭᠵᠢᠭᠦᠯᠬᠦ ᠶᠢ ᠠᠬᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠪᠠ᠃      ᠳᠠᠷᠠᠭᠠᠴᠢ ᠶᠢᠨ ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠳᠠᠯᠳᠤᠨ ᠠᠪᠤᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠬᠦ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ᠂ ᠬᠤᠳᠠᠯᠳᠤᠨ ᠠᠪᠬᠤ ᠶᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠶᠢ ᠭᠤᠣᠯᠳᠠᠯᠭ᠎ᠠ ᠲᠠᠢ ᠠᠩᠬᠠᠷᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ︽ᠡᠭᠦᠯᠡᠨ ᠲᠠᠪᠴᠠᠩ︾ ᠳᠤ ᠲᠦᠰᠢᠭᠯᠡᠨ᠂ ᠲᠣᠭᠠᠴᠢᠯᠠᠭᠰᠠᠨ ᠦᠢᠯᠡᠴᠢᠯᠡᠭᠡ ᠪᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠲᠤᠰᠠᠯᠠᠬᠤ ᠪᠠᠷ ᠠᠵᠠ ᠲᠣᠬᠢᠶᠠᠯ ᠪᠣᠯᠭᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ  ᠯᠦᠭᠡ ᠨᠢᠭᠲᠠ ᠬᠠᠷᠢᠴᠠᠭ᠎ᠠ ᠲᠠᠢ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢᠨ ᠪᠡᠯᠡ ᠲᠣᠬᠢᠷᠠᠭᠤᠯᠭ᠎ᠠ᠂ ᠵᠠᠰᠠᠭ ᠤᠨ ᠣᠷᠳᠣᠨ ᠤ ᠨᠣᠭᠤᠭᠠᠨ ᠬᠤᠳᠠᠯᠳᠤᠨ ᠠᠪᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠳᠤᠮᠳᠠ ᠵᠢᠵᠢᠭ ᠠᠵᠤ ᠠᠬᠤᠶᠢᠯᠠᠯ ᠢ ᠲᠡᠳᠬᠦᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃             ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号