2023 ᠣᠨ ᠤ ᠬᠥᠬᠡᠬᠤᠲᠠ ᠶᠢᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/4/27
     ︵ᠰᠤᠷᠪᠤᠯᠵᠢᠯᠠᠭᠴᠢ ᠯᠢᠦ ᠱᠠ ᠱᠠ︶ 4 ᠳ᠋ᠦ᠋ᠭᠡᠷ ᠰᠠᠷ᠎ᠠ ᠶᠢᠨ 26 ᠤ ᠡᠳᠦᠷ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ 2023 ᠣᠨ ᠤ ᠬᠥᠬᠡᠬᠤᠲᠠ ᠶᠢᠨ ︽ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠡᠬᠢᠯᠡᠪᠡ᠃      ᠠᠵᠢᠯᠯᠠᠭ᠎ᠠ ᠶᠢᠨ ᠠᠬᠤᠢ ᠲᠠᠯᠠᠪᠠᠢ ᠳᠤ᠂ ᠬᠥᠬᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠡᠯᠴᠢᠨ ᠰᠠᠨᠠᠭᠠᠴᠢᠯᠠᠭ᠎ᠠ ᠶᠢᠨ ᠪᠢᠴᠢᠭ ᠢ ᠤᠩᠰᠢᠭᠰᠠᠨ ᠪᠥᠭᠡᠳ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠦᠵᠡᠭᠦᠯᠦᠯᠭᠡ ᠶᠢᠨ ᠰᠠᠮᠪᠠᠷ᠎ᠠ ᠳᠡᠯᠭᠡᠬᠦ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠥᠷᠭᠡᠨ ᠤᠯᠠᠨ ᠬᠤᠳᠠ ᠶᠢᠨ ᠠᠷᠠᠳ ᠲᠤ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠪᠣᠯᠣᠨ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠪᠠ᠃      ᠲᠤᠬᠠᠢ ᠶᠢᠨ ᠡᠳᠦᠷ᠂ ᠮᠠᠨ ᠤ ᠬᠤᠲᠠ ᠪᠠᠰᠠ ᠰᠢᠨ᠎ᠡ ᠬᠤᠲᠠ ᠲᠣᠭᠤᠷᠢᠭ ᠤᠨ ᠭᠦᠩᠵᠦ ᠶᠢᠨ ᠣᠷᠳᠣᠨ ᠨᠡᠶᠢᠭᠡᠮ ᠲᠣᠭᠤᠷᠢᠭ᠂ ᠬᠤᠲᠣᠩ ᠠᠷᠠᠳ ᠤᠨ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠨᠢᠭᠡᠳᠦᠭᠡᠷ ᠺᠣᠮᠫᠠᠨᠢ᠂ ᠢᠦᠢ ᠴᠢᠤᠸᠠᠨ ᠲᠣᠭᠤᠷᠢᠭ ᠤᠨ ᠶᠡᠭᠡ ᠵᠣᠣ ᠲᠠᠯᠠᠪᠠᠶ᠂ ᠰᠢᠨ᠎ᠡ ᠬᠤᠲᠠ ᠲᠣᠭᠤᠷᠢᠭ ᠤᠨ ᠰᠤ᠋ ᠬᠤ᠋ ᠵᠡᠭᠡᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ᠂ ᠰᠠᠶᠢᠬᠠᠨ ᠲᠣᠭᠤᠷᠢᠭ ᠤᠨ ᠰᠢᠯᠢ ᠶᠢᠨ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠣᠯᠣᠨ ᠦᠴᠦᠸᠠᠨ ᠰᠢᠶᠠᠨ ᠤ ᠰᠢᠨ᠎ᠡ ᠳᠡᠯᠡᠬᠡᠢ ᠲᠠᠯᠠᠪᠠᠶ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠠᠢ᠃ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠵᠠᠭᠤᠨ ᠲᠠᠯᠠᠪᠠᠢ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ︾᠂ 56 ᠳ᠋ᠤᠭᠠᠷ ᠵᠠᠮ ᠤᠨ ︽ᠪᠦᠯᠬᠦᠮᠳᠡᠨ ᠤᠷᠤᠭᠰᠢᠯᠠᠬᠤ ᠲᠡᠮᠳᠡᠭᠲᠦ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠭᠦᠳᠡᠯ ᠤᠬᠠᠭᠤᠯᠭ᠎ᠠ ᠵᠡᠷᠭᠡ ᠠᠵᠢᠯᠯᠠᠭ᠎ᠠ ᠶᠢ ᠲᠣᠰ ᠲᠣᠰ ᠥᠷᠨᠢᠭᠦᠯᠪᠡ᠃      ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠡᠨᠡ ᠵᠢᠯ ᠤᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠨᠢ ᠲᠠᠰ ᠳᠠᠪᠬᠤᠷᠭ᠎ᠠ ᠬᠤᠪᠢᠶᠠᠨ᠂ ᠪᠦᠬᠦᠨ ᠢ ᠬᠠᠮᠤᠷᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠢᠳᠡᠪᠬᠢᠲᠡᠢ ᠣᠷᠣᠯᠴᠠᠭᠤᠯᠬᠤ ᠬᠡᠯᠪᠡᠷᠢ ᠪᠠᠷ ︽8+N︾ ᠶᠢᠨ ᠤᠬᠠᠭᠤᠯᠭ᠎ᠠ ᠪᠠ ᠨᠠᠢᠮᠠᠨ ᠵᠦᠢᠯ ᠤᠨ ᠭᠤᠣᠯ ᠰᠡᠳᠦᠪᠲᠦ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠡᠯ᠎ᠡ ᠬᠠᠮᠢᠶ᠎ᠠ ᠪᠦᠬᠦᠢ ᠨᠢᠭᠡᠴᠡ ᠲᠠᠢ ᠬᠠᠮᠲᠤᠷᠠᠨ ︽ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠠᠭᠤᠨ ᠲᠠᠯᠠᠪᠠᠢ ᠤᠬᠠᠭᠤᠯᠭ᠎ᠠ ᠲᠠᠶᠢᠯᠤᠮᠵᠢ︾᠂ ︽︿ᠰᠣᠨᠣᠰ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠡᠯᠡᠵᠦ ᠪᠠᠶᠢᠨ᠎ᠠ﹀︱ ᠪᠢᠴᠢᠬᠠᠨ ᠲᠠᠶᠢᠯᠪᠤᠷᠢᠯᠠᠭᠴᠢ ᠶᠢᠨ ᠠᠵᠢᠯᠯᠠᠭ᠎ᠠ︾᠂ ︽ᠡᠨᠡ ᠪᠣᠯ ᠳᠠᠷᠤᠢ ᠮᠢᠨᠤ ᠠᠮᠢᠳᠤᠷᠠᠵᠤ ᠪᠠᠶᠢᠭ᠎ᠠ ᠬᠥᠬᠡᠬᠤᠲᠠ᠂ ᠬᠥᠬᠡᠬᠤᠲᠠ ᠶᠢ ᠲᠠᠨᠢᠶ᠎ᠠ︾ ᠵᠡᠷᠭᠡ ᠡᠯ᠎ᠡ ᠵᠦᠢᠯ ᠤᠨ ᠣᠨᠴᠠᠯᠢᠭ ᠲᠠᠢ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠬᠠᠮ ᠵᠠᠭᠤᠴᠢᠯᠠᠭᠤᠷ᠂ ᠤᠯᠠᠨ ᠲᠠᠯ᠎ᠠ ᠠᠴᠠ ᠨᠠᠮ ᠤᠨ ᠦᠨᠳᠦᠰᠦᠲᠡᠨ ᠤ ᠤᠨᠤᠯ ᠳᠦᠷᠦ ᠶᠢᠨ ᠪᠣᠳᠣᠯᠭ᠎ᠠ ᠪᠣᠯᠣᠨ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠬᠤ ᠪᠠᠷ ᠳᠠᠮᠵᠢᠭᠤᠯᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳᠠᠰᠤᠷᠠᠯᠳᠠ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠣ᠋ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠨᠡᠩ ᠥᠨᠳᠥᠷ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠷ ᠣᠷᠣᠨ ᠤ ᠲᠥᠪ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃      ᠮᠠᠨ ᠤ ᠬᠤᠲᠠ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ  ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠬᠠᠨ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ ᠪᠣᠳᠠᠲᠠᠢ ᠳᠤ ᠰᠠᠭᠤᠷᠢᠯᠠᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠩ ᠥᠷᠭᠡᠨ ᠳᠡᠯᠭᠡᠷ᠂ ᠨᠠᠩ ᠭᠦᠨ ᠲᠠᠰ ᠳᠠᠪᠬᠤᠷᠭ᠎ᠠ ᠳᠤ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠥᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠣᠷᠣᠨ ᠤ ᠲᠥᠪ ᠤᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号