ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠤᠨ ᠪᠠᠶᠢᠷᠢᠯᠠᠭᠤᠯᠬᠤ ᠬᠤᠷᠠᠯ ᠵᠢᠴᠢ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/28
     ᠾᠧ ᠬᠠᠢ ᠳ᠋ᠦᠩ ᠬᠤᠷᠠᠯ ᠢ ᠡᠷᠬᠢᠯᠡᠪᠡ      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 27 ᠤ ᠡᠳᠦᠷ᠂ ᠪᠦᠬᠦ ᠬᠤᠳᠠ ᠶᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠤᠨ ᠪᠠᠶᠢᠷᠢᠯᠠᠭᠤᠯᠬᠤ ᠬᠤᠷᠠᠯ ᠵᠢᠴᠢ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠵᠤ᠂ ᠮᠠᠨ ᠤ ᠬᠤᠳᠠ ᠶᠢᠨ ᠡᠯ᠎ᠡ ᠭᠠᠵᠠᠷ ᠣᠷᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠨᠢᠭᠡᠳᠦᠭᠡᠷ ᠤᠯᠠᠷᠢᠯ ᠤᠨ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠡᠷᠦᠩᠬᠡᠢ ᠦᠨᠡᠯᠡᠯᠲᠡ ᠬᠢᠭᠰᠡᠨ ᠪᠠᠶᠢᠨ᠎ᠠ᠃      ᠬᠤᠷᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠪᠦᠬᠦ ᠬᠤᠲᠠ ᠪᠣᠯᠣᠨ ᠲᠤᠰ ᠰᠠᠯᠠᠭ᠎ᠠ ᠮᠥᠴᠢᠷ ᠲᠤᠰ ᠬᠦᠷᠢᠶ᠎ᠡ ᠴᠠᠷᠠᠭ᠎ᠠ ᠶᠢᠨ ᠨᠢᠭᠡᠳᠦᠭᠡᠷ ᠤᠯᠠᠷᠢᠯ ᠤᠨ ᠠᠵᠢᠯ ᠳᠤ ᠣᠯᠣᠭᠰᠠᠨ ᠱᠠᠲᠤ ᠦᠶ᠎ᠡ ᠶᠢᠨ ᠴᠢᠨᠠᠷᠲᠠᠢ ᠠᠮᠵᠢᠯᠲᠠ ᠪᠦᠲᠦᠮᠵᠢ ᠶᠢᠨ ᠲᠣᠭᠤᠷᠢᠨ ᠳᠤ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ  ᠶᠢᠨ ᠲᠤᠬᠠᠢ ᠬᠠᠷᠢᠭᠤ ᠮᠡᠳᠡᠭᠦᠯᠦᠯᠲᠡ ᠬᠢᠪᠡ︔᡽ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠲᠣᠰ ᠭᠠᠵᠠᠷ ᠣᠷᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠪᠡ︔ ᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠢᠯᠣᠭᠤᠳᠤᠯᠭ᠎ᠠ ᠲᠣᠬᠢᠷᠠᠭᠤᠯᠭ᠎ᠠ ᠶᠢᠨ ᠲᠥᠪ ᠠᠴᠠ ᠪᠥᠬᠦ ᠬᠤᠲᠠ ᠶᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃      ᠾᠧ ᠬᠠᠢ ᠳ᠋ᠦᠩ ᠴᠢᠬᠤᠯᠠᠴᠢᠯᠠᠬᠤ ᠳᠠᠭᠠᠨ᠂ ᠬᠤᠶᠠᠳᠤᠭᠠᠷ ᠤᠯᠠᠷᠢᠯ ᠨᠢ ᠳᠡᠭᠡᠷᠡᠬᠢ ᠶᠢ ᠵᠠᠯᠭᠠᠮᠵᠢᠯᠠᠵᠤ ᠳᠣᠷᠣᠭᠰᠢ ᠤᠯᠠᠮᠵᠢᠯᠠᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠤᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ  ᠬᠢᠨ ᠪᠠᠶᠢᠳᠠᠯ ᠢ ᠵᠥᠪ ᠡᠵᠡᠮᠰᠢᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠭᠤᠣᠯ ᠪᠣᠯᠬᠤ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠥᠷᠢ ᠰᠢᠷᠢ ᠶᠢ ᠢᠯᠭᠠᠷᠠᠭᠤᠯᠬᠤ᠂ ᠠᠵᠢᠯ ᠣᠯᠭᠤᠬᠤ ᠵᠡᠷᠭᠡ ᠬᠠᠷᠠᠯᠲᠠ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃ ᠲᠠᠷᠢᠶᠠᠯᠠᠩ ᠤᠨ ᠦᠢᠯᠡᠳᠪᠦᠷᠢᠯᠡᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠪᠤᠷ ᠤᠨ ᠲᠠᠷᠢᠯᠭ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠭᠤᠣᠯᠳᠠᠯᠭ᠎ᠠ ᠲᠠᠢ ᠲᠦᠷᠦᠯ ᠵᠦᠢᠯ ᠵᠡᠷᠭᠡ ᠲᠠᠯ᠎ᠠ ᠪᠠᠷ ᠬᠦᠴᠦ ᠣᠷᠣᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠠᠵᠢᠯᠯᠠᠭᠠᠨ ᠢ ᠦᠨᠡᠨ ᠬᠦ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠢ ᠬᠦᠴᠦᠯᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠪᠠᠶᠢᠳᠠᠯ ᠢ ᠦᠷᠭᠦᠯᠵᠢᠯᠡᠨ ᠪᠠᠲᠤᠯᠠᠵᠤ᠂ ︽ᠰᠠᠶᠢᠨ ᠠᠵᠢᠯᠯᠠᠭ᠎ᠠ︾ ᠶᠢ ᠡᠷᠬᠢᠯᠡᠵᠦ᠂ ᠰᠢᠨ᠎ᠡ ᠬᠢᠯᠠᠰ ᠴᠡᠭ ᠢ ᠪᠤᠢ ᠪᠣᠯᠭᠠᠵᠤ᠂ ︽ᠠᠭᠤᠷ ᠤᠲᠤᠭ᠎ᠠ︾ ᠶᠢ ᠥᠳᠬᠡᠷᠡᠭᠦᠯᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ ᠂ ᠠᠬᠢᠭᠤᠯᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ︽ᠤᠷᠢᠬᠤ︾ ᠪᠠ ︽ᠨᠠᠶᠢᠳᠠᠪᠤᠷᠢᠵᠢᠭᠤᠯᠬᠤ︾ ᠳᠡᠭᠡᠷ᠎ᠡ ᠭᠤᠣᠯᠳᠠᠯᠭ᠎ᠠ ᠲᠠᠢ ᠬᠦᠴᠦᠯᠡᠵᠦ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠵᠡᠷᠭᠡ ᠰᠠᠯᠠᠭ᠎ᠠ ᠮᠥᠴᠢᠷ ᠤᠳ ᠤᠯᠠᠨ ᠠᠷᠭ᠎ᠠ ᠵᠠᠮ ᠢᠶᠠᠷ ᠣᠷᠣᠯᠭ᠎ᠠ ᠶᠢ ᠨᠡᠮᠡᠭᠳᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠲᠤᠭ᠎ᠠ ᠪᠦᠷᠢᠳᠬᠡᠯ ᠤᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠯ᠎ᠡ ᠠᠵᠢᠯ ᠲᠥᠷᠥᠯ᠂ ᠡᠯ᠎ᠡ ᠬᠦᠷᠢᠶ᠎ᠡ ᠴᠠᠷᠠᠭ᠎ᠠ ᠶᠢᠨ ᠪᠦᠷᠢᠳᠬᠡᠬᠦ ᠶᠣᠰᠣᠲᠠᠢ ᠶᠢ ᠪᠦᠬᠦᠨ ᠢ ᠪᠦᠷᠢᠳᠬᠡᠬᠦ ᠬᠡᠷᠡᠭᠲᠡᠢ᠃ ᠨᠢᠭᠡᠨᠲᠡ ᠲᠣᠭᠲᠠᠭᠠᠭᠰᠠᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠤᠨ ᠲᠣᠭᠲᠠᠴᠠ ᠶᠣᠰᠣᠭᠠᠷ᠂ ᠵᠠᠭᠠᠯᠳᠤᠯᠭ᠎ᠠ ᠶᠢ ᠬᠦᠯᠢᠶᠡᠨ ᠠᠪᠴᠤ ᠬᠠᠷᠢᠭᠤ ᠥᠭᠬᠦ ᠨᠣᠷᠮ᠎ᠠ᠂ ᠰᠢᠢᠳᠪᠦᠷᠢᠯᠡᠬᠦ ᠨᠤᠷᠮ᠎ᠠ᠂ ᠤᠯᠠᠨ ᠲᠦᠮᠡᠨ ᠤ ᠬᠠᠨᠤᠮᠵᠢ ᠶᠢᠨ ᠨᠤᠷᠮ᠎ᠠ ᠶᠢᠨ ᠲᠠᠯ᠎ᠠ ᠪᠠᠷ ᠵᠦᠢᠯ ᠳᠠᠷᠠᠭᠠᠯᠠᠨ ᠬᠠᠷᠢᠴᠠᠭᠤᠯᠵᠤ᠂ ᠵᠦᠢᠯ ᠳᠠᠷᠠᠭᠠᠯᠠᠨ ᠰᠢᠪᠲᠤᠯᠬᠤ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠰᠢᠨ ᠢᠦᠢ᠂ ᠰᠢᠦᠢ ᠱᠧᠦ ᠵᠢᠢ᠂ ᠮᠠ ᠪᠢᠩ ᠴᠢᠤᠸᠠᠨ᠂ ᠯᠢ ᠰᠢᠶᠣᠣ ᠶᠠᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠨᠠᠷ ᠬᠤᠷᠠᠯ ᠳᠤ ᠣᠷᠣᠯᠴᠠᠪᠠ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号