ᠠᠷᠠᠳ ᠤᠨ ᠵᠣᠪᠠᠭᠤᠷᠢ ᠶᠢ ᠲᠠᠶᠢᠯᠵᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ — ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤ ᠶᠢᠨ ᠳ᠋ᠠ ᠨᠠᠨ ᠭᠸᠤ ᠲᠣᠰᠬᠤᠨ ᠤ ᠨᠠᠮ ᠤᠨ ᠡᠭᠦᠷ ᠲᠠᠪᠤᠨ ᠪᠠᠲᠤᠯᠠᠭᠠᠲᠤ ᠡᠷᠦᠬᠡ ᠶᠢ ᠬᠠᠪᠰᠤᠷᠤᠨ ᠡᠮᠨᠡᠭᠦᠯᠪᠡ
ᠨᠡᠶᠢᠲᠡᠯᠡᠭᠰᠡᠨ ᠴᠠᠭ᠄
2023/5/10
     ︽ᠮᠠ ᠨᠠᠮ ᠤᠨ ᠡᠭᠦᠷ ᠤᠨ ᠱᠦᠵᠢ ᠲᠠ ᠰᠠᠢᠨ ᠤᠤ᠂ ᠮᠠᠨ ᠤ ᠲᠣᠰᠬᠤᠨ ᠤ ᠲᠠᠪᠤᠨ ᠪᠠᠲᠤᠯᠠᠭᠠᠲᠤ ᠡᠷᠦᠬᠡ ᠵᠠᠩ ᠶᠤᠸᠠᠨ ᠰᠢᠶᠤᠤ ᠠᠮᠢᠰᠬᠤᠭ᠎ᠠ ᠠᠪᠬᠤ ᠳᠤ ᠬᠦᠴᠢᠷᠳᠡᠵᠦ᠂ ᠥᠨᠥᠳᠦᠷ ᠬᠠᠨᠵᠤᠨ ᠳᠡᠭᠡᠷ᠎ᠡ ᠪᠠᠨ ᠤᠨᠲᠠᠭᠠᠳ ᠶᠡᠷᠦ ᠳᠤᠤᠭᠠᠷᠤᠭᠰᠠᠨ ᠦᠭᠡᠶ᠂ ᠲᠠ ᠨᠢᠭᠡ ᠴᠠᠭ ᠭᠠᠷᠭᠠᠵᠤ ᠪᠠᠢᠭᠠᠳ ᠢᠷᠡᠵᠦ ᠦᠵᠡᠭᠡᠷᠡᠶ︾ ᠭᠡᠪᠡ᠃ 5 ᠰᠠᠷ᠎ᠠ ᠶᠢᠨ 6 ᠤ ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠳ᠋ᠠ ᠨᠠᠨ ᠭᠸᠤ ᠲᠣᠰᠬᠤᠨ ᠤ ᠠᠷᠠᠳ ᠱᠢ ᠵᠠᠨ ᠱᠠᠨ ᠲᠣᠰᠬᠤᠨ ᠤ ᠨᠠᠮ ᠤᠨ ᠡᠭᠦᠷ ᠤᠨ ᠱᠦᠵᠢ ᠮᠠ ᠹᠸᠢ ᠳᠤ ᠤᠲᠠᠰᠤ ᠠᠪᠴᠤ ᠪᠠᠴᠢᠮ ᠶᠠᠭᠠᠷᠠᠯᠲᠠᠢ ᠶᠠᠷᠢᠪᠠ᠃ ᠣᠶᠢᠯᠠᠭᠠᠭᠰᠠᠨ ᠢᠶᠠᠷ᠂ ᠵᠠᠩ ᠶᠤᠸᠠᠨ ᠰᠢᠶᠤᠤ ᠪᠣᠯ ᠴᠧᠩ ᠭᠤᠸᠠᠨ ᠪᠠᠯᠭᠠᠰᠤᠨ ᠤ ᠳ᠋ᠠ ᠨᠠᠨ ᠭᠸᠦ ᠲᠣᠰᠬᠤᠨ ᠤ ᠲᠠᠷᠠᠬᠠᠶ ᠠᠰᠠᠷᠠᠨ ᠲᠡᠵᠢᠭᠡᠬᠦ ᠲᠠᠪᠤᠨ ᠪᠠᠲᠤᠯᠠᠭᠠᠲᠤ ᠡᠷᠦᠬᠡ ᠪᠣᠯᠤᠨ᠎ᠠ᠂ ᠵᠢᠯ ᠲᠤᠷᠰᠢ ᠭᠠᠭᠴᠠᠭᠠᠷ ᠰᠠᠭᠤᠵᠤ᠂ ᠠᠮᠢᠳᠤᠷᠠᠯ ᠤᠨ ᠢᠷᠡᠯᠲᠡ ᠥᠬᠡᠶ᠂ ᠠᠰᠠᠷᠠᠨ ᠲᠡᠵᠢᠭᠡᠬᠦ ᠡᠭᠦᠷᠭᠡ ᠲᠠᠢ ᠬᠥᠮᠦᠨ ᠭᠡᠵᠦ ᠲᠣᠭᠲᠠᠭᠠᠬᠤ ᠶᠢᠨ ᠠᠷᠭ᠎ᠠ ᠥᠬᠡᠶ᠂ ᠨᠠᠰᠤᠨ ᠤ ᠨᠡᠮᠡᠭᠳᠡᠬᠦ ᠶᠢ ᠳᠠᠭᠠᠯᠳᠤᠨ ᠪᠡᠶ᠎ᠡ ᠮᠠᠬᠠᠪᠣᠳ ᠤᠨ ᠲᠠᠯ᠎ᠠ ᠪᠠᠷ ᠡᠯᠳᠡᠪ ᠵᠦᠢᠯ ᠤᠨ ᠬᠡᠮ ᠰᠣᠭᠤᠭ ᠲᠠᠢ ᠪᠣᠯᠵᠠᠶ᠃      ᠨᠠᠮ ᠤᠨ ᠡᠭᠦᠷ ᠤᠨ ᠱᠦᠵᠢ ᠮᠠ ᠹᠸᠢ ᠪᠠᠶᠢᠳᠠᠯ ᠢ ᠮᠡᠳᠡᠭᠰᠡᠨ ᠤ ᠳᠠᠷᠠᠭ᠎ᠠ᠂ ᠲᠡᠷᠡ ᠳᠠᠷᠤᠢ ᠳᠤᠨᠢ ᠮᠠᠰᠢᠨ ᠲᠡᠷᠭᠡ ᠪᠠᠷ ᠵᠠᠩ ᠶᠤᠸᠠᠨ ᠤ ᠭᠡᠷ ᠲᠤ ᠬᠦᠷᠴᠦ᠂ ᠡᠪᠡᠳᠴᠢᠨ ᠤ ᠪᠠᠶᠢᠳᠠᠯ ᠬᠦᠨᠳᠦ ᠪᠠᠶᠢᠬᠤ ᠡᠰᠡᠬᠦ ᠶᠢ ᠣᠶᠢᠯᠠᠭᠠᠵᠤ᠂ ᠪᠠᠴᠢᠮ ᠡᠮᠨᠡᠯᠭᠡ ᠳᠤ ᠬᠦᠷᠭᠡᠵᠦ ᠡᠮᠨᠡᠭᠦᠯᠬᠦ ᠴᠢᠬᠤᠯᠠᠲᠠᠢ ᠪᠠᠶᠢᠬᠤ ᠶᠢ ᠣᠶᠢᠯᠠᠭᠠᠵᠤ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠡᠶ᠎ᠡ ᠶᠢᠨ ᠦᠨᠡᠮᠯᠡᠯ᠂ ᠡᠮᠨᠡᠯᠭᠡ ᠳᠤ ᠰᠠᠭᠤᠬᠤ ᠬᠡᠷᠡᠭᠰᠡᠯ ᠵᠡᠷᠭᠡ ᠶᠢ ᠪᠡᠯᠡᠳᠬᠡᠵᠦ᠂ ᠳᠠᠷᠦ᠋ᠢᠬᠠᠨ ᠮᠠᠰᠢᠨ ᠲᠡᠷᠭᠡ ᠪᠠᠷ ᠰᠢᠶᠠᠨ ᠤ ᠡᠮᠨᠡᠯᠭᠡ ᠶᠢᠨ ᠬᠤᠷᠢᠶ᠎ᠠ ᠳᠤ ᠬᠦᠷᠭᠡᠵᠡᠢ᠃
     ᠳᠠᠷᠠᠭ᠎ᠠ ᠨᠢ᠂ ᠲᠣᠰᠬᠤᠨ ᠤ ᠨᠠᠮ ᠤᠨ ᠡᠭᠦᠷ ᠤᠨ ᠱᠦᠵᠢ ᠮᠠ ᠹᠸᠢ᠂ ᠳᠡᠳ᠋ ᠱᠦᠵᠢ ᠯᠢᠦ ᠹᠧᠩ ᠵᠡᠷᠭᠡ ᠬᠥᠮᠦᠰ ᠵᠠᠩ ᠶᠤᠸᠠᠨ ᠰᠢᠶᠤᠤ ᠳᠤ ᠪᠠᠷ᠎ᠠ ᠪᠤᠯᠵᠤ ᠡᠯ᠎ᠡ ᠵᠦᠢᠯ ᠤᠨ ᠪᠠᠶᠢᠴᠠᠭᠠᠯᠲᠠ ᠬᠢᠵᠦ᠂ ᠲᠡᠭᠦᠨ ᠳᠤ ᠡᠮᠨᠡᠯᠭᠡ ᠳᠤ ᠣᠷᠣᠬᠤ ᠭᠠᠷ ᠭᠦᠢᠴᠡᠳᠬᠡᠯ ᠬᠢᠵᠦ ᠥᠭᠴᠦ᠂ ᠡᠮᠴᠢ ᠲᠠᠢ ᠬᠠᠷᠢᠯᠴᠠᠵᠤ ᠠᠪᠤᠷᠠᠨ ᠵᠠᠰᠠᠬᠤ ᠲᠥᠰᠦᠯ ᠢ ᠵᠥᠪᠳᠡᠵᠦ᠂ ᠲᠤᠰᠬᠠᠢ ᠬᠥᠮᠦᠨ ᠢᠶᠠᠷ ᠬᠠᠷᠠᠭᠠᠯᠵᠠᠭᠤᠯᠬᠤ ᠠᠵᠢᠯ ᠢ ᠰᠠᠶᠢᠲᠤᠷ ᠲᠤᠬᠢᠷᠠᠭᠤᠯᠵᠤ᠂ ᠨᠠᠰᠤᠲᠠᠨ ᠢ ᠡᠪᠡᠳᠴᠢᠲᠡᠨ ᠤ ᠦᠷᠦᠭᠡ ᠳᠤ ᠠᠮᠤᠷ ᠲᠦᠪᠰᠢᠨ ᠢᠶᠠᠷ ᠬᠦᠷᠭᠡᠭᠰᠡᠨ ᠳᠠᠷᠠᠭ᠎ᠠ ᠲᠡᠳᠡᠨ ᠤ ᠰᠡᠳᠬᠢᠯ ᠰᠠᠶ᠋ᠢ ᠠᠭᠤᠵᠢᠷᠠᠪᠠ᠃
     ᠲᠣᠰᠬᠤᠨ ᠤ ᠠᠷᠠᠳ ᠤᠨ ᠭᠡᠨᠡᠳᠲᠡ ᠶᠢᠨ ᠡᠪᠡᠳᠴᠢᠨ ᠡᠮᠭᠡᠭ ᠤᠨ ᠡᠮᠦᠨ᠎ᠡ᠂ ᠲᠣᠰᠬᠤᠨ ᠤ ᠺᠠᠳ᠋ᠷᠴᠤᠳ ᠵᠠᠩᠭᠢᠯᠠᠭ᠎ᠠ ᠶᠢᠨ ᠦᠶ᠎ᠡ ᠳᠤ ᠲᠣᠰᠬᠤᠨ ᠤ ᠠᠷᠠᠳ ᠤᠨ ᠭᠡᠷ ᠤᠨ ᠬᠥᠮᠦᠰ ᠪᠤᠯᠵᠤ᠂ ᠵᠠᠩ ᠶᠤᠸᠠᠨ ᠰᠢᠶᠤᠤ ᠳᠤ ᠬᠠᠯᠠᠮᠵᠢᠯᠠᠯ ᠪᠠ ᠬᠠᠶᠢᠷ᠎ᠠ ᠬᠠᠯᠠᠮᠵᠢ ᠬᠠᠩᠭᠠᠵᠤ᠂ ᠨᠠᠮ ᠪᠠ ᠵᠠᠰᠠᠭ ᠤᠨ ᠣᠷᠳᠣᠨ ᠠᠴᠠ ᠠᠷᠠᠳ ᠤᠯᠠᠨ ᠢ ᠬᠠᠯᠠᠮᠵᠢᠯᠠᠵᠤ ᠪᠠᠶᠢᠬᠤ ᠶᠢ ᠢᠯᠡᠷᠡᠭᠦᠯᠪᠡ᠃ ᠮᠠ ᠹᠸᠢ ᠢᠯᠡᠷᠬᠡᠶᠢᠯᠡᠬᠦ ᠳᠡᠭᠡᠨ᠂ ᠲᠠᠪᠤᠨ ᠪᠠᠲᠤᠯᠠᠭᠠᠲᠤ ᠨᠠᠰᠤᠲᠠᠨ ᠪᠣᠯ ᠡᠨᠡ ᠬᠦ ᠨᠡᠶᠢᠭᠡᠮ ᠳᠡᠭᠡᠷᠡᠬᠢ ᠣᠨᠴᠠᠭᠠᠶ ᠬᠠᠮᠲᠤᠯᠢᠭ ᠮᠥᠨ᠂ ᠪᠠᠰᠠ ᠴᠤ ᠨᠡᠶᠢᠭᠡᠮ ᠤᠨ ᠠᠩᠬᠠᠷᠤᠯ ᠢ ᠬᠠᠮᠤᠭ ᠠᠴᠠ ᠢᠯᠡᠭᠦᠤ ᠲᠠᠲᠠᠬᠤ ᠴᠢᠬᠤᠯᠠᠲᠠᠶ ᠬᠠᠮᠲᠤᠯᠢᠭ ᠮᠥᠨ᠂ ᠪᠢᠳᠡ ᠲᠡᠳᠡᠨ ᠢ ᠦᠨᠡᠨ ᠬᠦ ᠬᠠᠯᠠᠮᠵᠢᠯᠠᠵᠤ᠂ ᠲᠡᠳᠡᠨ ᠢ ᠥᠲᠡᠯᠦᠭᠡ ᠨᠠᠰᠤᠨ ᠳᠠᠭᠠᠨ ᠲᠦᠰᠢᠭ ᠲᠠᠢ᠂ ᠡᠪᠡᠳᠴᠢᠯᠡᠬᠦ ᠳᠤ ᠡᠮᠴᠢᠯᠡᠭᠡ ᠲᠠᠢ ᠪᠣᠯᠭᠠᠵᠤ᠂ ᠲᠡᠳᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠶ ᠭᠡᠵᠡᠶ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号