| | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ | ᠲᠤᠭᠤᠰᠢᠯᠠᠭᠤᠯᠤᠨ᠂ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠭᠦᠨᠵᠡᠭᠡᠶᠢᠷᠡᠨ ᠬᠥᠭᠵᠢᠬᠦ ᠶᠢ | ᠲᠦᠯᠬᠢᠨ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 8 ᠤ ᠡᠳᠦᠷ᠂ ᠬᠤᠷᠢᠨᠭᠡᠷ ᠰᠢᠶᠠᠨ ᠤ ᠬᠠᠤᠯᠢ ᠴᠠᠭᠠᠵᠠ ᠶᠢᠨ | ᠲᠣᠪᠴᠢᠶ᠎ᠠ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠱᠠᠪᠠᠭ᠋ᠠᠢ | ᠰᠢᠶᠠᠩ ᠤᠨ ᠨᠠᠭᠤᠷ ᠪᠠᠶᠢᠰᠢᠩ ᠲᠣᠰᠬᠤᠨ ᠳᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠰᠠᠷ᠎ᠠ︾ ᠶᠢᠨ ᠬᠠᠤᠯᠢ ᠴᠠᠭᠠᠵᠠ ᠶᠢ ᠬᠥᠳᠡᠭᠡ ᠲᠣᠰᠬᠤᠨ ᠳᠤ ᠬᠦᠷᠭᠡᠬᠦ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ᠂ ᠤᠬᠠᠭᠤᠯᠭ᠎ᠠ ᠶᠢᠨ ᠳᠡᠪᠲᠡᠷ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠢᠶᠠᠷ ᠤᠬᠠᠭᠤᠯᠪᠠ᠃ | ᠲᠣᠰ ᠤᠳᠠᠭᠠᠨ ᠤ ᠠᠵᠢᠯᠯᠠᠭ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ | ᠪᠢᠴᠢᠭ ᠤᠨ ᠬᠠᠤᠯᠢ︾ ︽ᠢᠷᠭᠡᠨ ᠤ ᠬᠠᠤᠯᠢ ᠶᠢᠨ ᠪᠢᠴᠢᠭ︾ ᠵᠡᠷᠭᠡ 200 ᠭᠠᠷᠤᠶ ᠤᠬᠠᠭᠤᠯᠭ᠎ᠠ ᠶᠢᠨ ᠳᠡᠪᠲᠡᠷ᠂ | 100 ᠭᠠᠷᠤᠶ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠤ ᠬᠠᠮᠲᠤ ᠥᠷᠭᠡᠨ ᠣᠯᠠᠨ ᠲᠦᠮᠡᠨ ᠳᠤ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠰᠤᠷᠤᠯᠴᠠᠬᠤ ᠶᠢᠨ ᠴᠢᠬᠤᠯᠠ ᠠᠴᠢ ᠬᠤᠯᠪᠣᠭᠳᠠᠯ ᠢ ᠲᠠᠶᠢᠯᠪᠤᠷᠢᠯᠠᠭᠰᠠᠨ ᠪᠠᠶᠢᠨ᠎ᠠ᠃ | | | | | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ | ᠥᠪᠡᠷ ᠤᠨ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠲᠠᠢ ᠤᠯᠠᠮ ᠨᠢᠭᠡ ᠠᠯᠬᠤᠮ ᠤᠶᠠᠯᠳᠤᠭᠤᠯᠵᠤ᠂ | ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ᠂ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠤᠯᠠᠮ ᠨᠢᠭᠡ | ᠠᠯᠬᠤᠮ ᠴᠢᠩᠭᠠᠳᠬᠠᠵᠤ᠂ ᠤᠯᠠᠨ ᠲᠦᠮᠡᠨ ᠢ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠡᠷᠢᠬᠦ ᠳᠠᠳᠬᠠᠯ ᠲᠠᠢ | ᠪᠣᠯᠭᠠᠪᠠ᠃ | ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ |