ᠬᠤᠷᠢᠨᠭᠡᠷ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽5.8 ᠬᠥᠮᠦᠯᠢᠭ ᠦᠵᠡᠯ ᠤᠨ ᠨᠡᠶᠢᠲᠡ ᠶᠢᠨ ᠠᠰᠠᠷᠠᠮᠵᠢ ᠶᠢᠨ ᠡᠳᠦᠷ︾ ᠤᠨ ᠤᠯᠠᠨ ᠢᠶᠠᠷ ᠢᠶᠠᠨ ᠴᠤᠭᠯᠠᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/10
     5 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠥᠪᠥᠷ ᠮᠣᠩᠭᠤᠯ ᠤᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠂ ᠤᠯᠠᠭᠠᠨ ᠰᠠᠷᠭᠠᠶ ᠬᠠᠶᠢᠷ᠎ᠠ ᠬᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠱᠧᠩ ᠱᠢ ᠶᠢᠨ ᠪᠠᠴᠢᠮ ᠪᠠᠶᠢᠳᠠᠯ ᠠᠷᠭᠠᠴᠠᠭᠠᠵᠤ ᠠᠪᠤᠷᠠᠨ ᠲᠤᠰᠠᠯᠠᠬᠤ ᠦᠢᠯᠡᠴᠢᠯᠡᠭᠡᠨ ᠤ ᠠᠩᠭᠢ ᠲᠠᠢ ᠬᠠᠮᠲᠤᠷᠠᠨ ᠱᠧᠩ ᠯᠧ ᠲᠠᠯᠠᠪᠠᠶ ᠳᠤ ︽5.8 ᠬᠥᠮᠦᠯᠢᠭ ᠦᠵᠡᠯ ᠤᠨ ᠨᠡᠶᠢᠲᠡ ᠶᠢᠨ ᠠᠰᠠᠷᠠᠮᠵᠢ ᠶᠢᠨ ᠡᠳᠦᠷ︾ ᠤᠨ ᠤᠯᠠᠨ ᠢᠶᠠᠷ ᠢᠶᠠᠨ ᠴᠤᠭᠯᠠᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠠᠵᠢᠯᠲᠠᠳ ᠰᠠᠭᠤᠭᠠᠯᠢ ᠠᠷᠠᠳ ᠲᠤ ︽5.8 ᠬᠥᠮᠦᠯᠢᠭ ᠦᠵᠡᠯ ᠤᠨ ᠨᠡᠶᠢᠲᠡ ᠶᠢᠨ ᠠᠰᠠᠷᠠᠮᠵᠢ ᠶᠢᠨ ᠡᠳᠦᠷ︾ ᠤᠨ ᠣᠯᠠᠨ ᠢᠶᠠᠷ ᠢᠶᠠᠨ ᠴᠤᠭᠯᠠᠭᠤᠯᠬᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠪᠡ︔ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠰᠦᠢᠳᠬᠡᠯ ᠬᠤᠷᠢᠶᠠᠬᠤ ᠥᠬᠡᠶ ᠪᠠᠷ ᠣᠯᠠᠨ ᠳᠤ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠬᠦ ᠪᠠ ᠠᠯᠪᠠᠨ ᠵᠢᠷᠤᠮ ᠤᠨ ᠡᠮᠴᠢᠯᠡᠭᠡᠨ ᠤ ᠯᠠᠪᠯᠠᠯᠲᠠ ᠬᠢᠵᠦ ᠥᠭᠪᠡ︔ ᠥᠪᠥᠷ ᠮᠣᠩᠭᠤᠯ ᠤᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠰᠠᠭᠤᠭᠠᠯᠢ ᠠᠷᠠᠳ ᠲᠤ ᠨᠢᠳᠦᠨ ᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠨᠢᠳᠦᠨ ᠤ ᠡᠷᠡᠭᠦᠯ ᠮᠡᠨᠳᠦ ᠡᠷᠡᠭᠦᠯᠵᠢᠯ ᠤᠨ ᠮᠡᠳᠡᠯᠭᠡ ᠶᠢ ᠤᠬᠠᠭᠤᠯᠪᠠ︔ ᠡᠯ᠎ᠡ ᠣᠷᠣᠯᠴᠠᠭᠰᠠᠨ ᠨᠢᠭᠡᠴᠡ ᠨᠦᠭᠦᠳ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠤᠨ ᠮᠡᠳᠡᠯᠭᠡ ᠳᠤ ᠴᠢᠭᠯᠡᠭᠦᠯᠦᠨ ᠤᠬᠠᠭᠤᠯᠭ᠎ᠠ ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ ᠢᠯᠡᠷᠡᠭᠦᠯᠪᠡ᠃
     ᠪᠢᠳᠡ ᠬᠥᠳᠡᠯᠦᠯᠴᠡᠵᠦ᠂ ᠬᠥᠮᠦᠨ ᠪᠦᠬᠦᠨ ᠤ ᠰᠡᠳᠬᠢᠯ ᠢ ᠳᠣᠭᠳᠣᠯᠤᠭᠤᠯᠵᠤ᠂ ᠬᠠᠶᠢᠷ᠎ᠠ ᠪᠠᠷ ᠡᠳᠦᠷ ᠪᠣᠯᠭᠠᠨ ᠢ ᠲᠡᠪᠡᠷᠢᠶ᠎ᠡ︕ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠤᠶᠠᠴᠢ ᠦᠭᠡᠢ ᠰᠠᠶᠢᠨ ᠦᠢᠯᠡ ᠠᠵᠢᠯᠯᠠᠭ᠎ᠠ ᠨᠢ ᠬᠦᠴᠢᠷᠳᠡᠯ ᠳᠤ ᠲᠤᠯᠭᠠᠷᠠᠭᠰᠠᠨ ᠬᠥᠮᠦᠰ ᠲᠤ ᠠᠮᠢ ᠨᠠᠰᠤᠨ ᠤ ᠬᠠᠯᠠᠭᠤᠨ ᠳᠤᠯᠠᠭᠠᠨ᠂ ᠣᠷᠣᠰᠢᠨ ᠲᠣᠭᠲᠠᠨᠢᠬᠤ ᠰᠥᠰᠥ ᠵᠣᠷᠢᠭ ᠪᠠ ᠠᠮᠢᠳᠤᠷᠠᠯ ᠤᠨ ᠬᠦᠰᠡᠯ ᠡᠷᠡᠮᠡᠯᠵᠡᠯ ᠢ ᠠᠪᠴᠢᠷᠠᠵᠤ ᠥᠭᠭᠦᠨ᠎ᠡ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号