ᠪᠦᠬᠦ ᠰᠢᠶᠠᠨ ᠤ ᠬᠡᠪᠴᠢᠶᠡᠨ ᠳᠤ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ ᠶᠢ ᠬᠡᠷᠡᠭᠯᠡᠬᠦ ᠲᠤᠬᠠᠶ ᠫᠠᠶᠢᠰᠠ ᠲᠡᠮᠳᠡᠭᠯᠡᠬᠦ ᠠᠵᠢᠯ ᠤᠨ ᠮᠡᠳᠡᠭᠳᠡᠯ
ᠨᠡᠶᠢᠲᠡᠯᠡᠭᠰᠡᠨ ᠴᠠᠭ᠄
2023/5/10
     ᠬᠤᠷᠢᠨᠭᠡᠷ ᠰᠢᠶᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶᠢᠯᠠᠨ ᠪᠤᠯᠢᠶᠠᠬᠤ ᠬᠡᠷᠡᠭ ᠢ ᠰᠡᠷᠭᠡᠶᠢᠯᠡᠨ ᠲᠡᠭᠦᠨ ᠳᠤ ᠴᠣᠬᠢᠯᠲᠠ ᠥᠭᠬᠦ ᠶᠢᠨ ᠲᠥᠯᠥᠭᠡ᠂ ᠮᠠᠨ ᠤ ᠰᠢᠶᠠᠨ 2022 ᠣᠨ ᠤ 1 ᠰᠠᠷ᠎ᠠ ᠶᠢᠨ 7 ᠤ ᠡᠳᠦᠷ ᠠᠴᠠ ᠡᠬᠢᠯᠡᠨ ᠮᠠᠨ ᠤ ᠵᠠᠮ ᠢᠶᠠᠷ ᠶᠠᠪᠤᠵᠤ ᠪᠠᠶᠢᠭ᠎ᠠ ᠬᠤᠶᠠᠷ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ ᠳᠤ ᠰᠦᠢᠳᠬᠡᠯ ᠬᠤᠷᠢᠶᠠᠬᠤ ᠥᠬᠡᠶ ᠪᠠᠷ ᠬᠤᠯᠠᠭᠠᠶ ᠶᠢ ᠰᠡᠷᠭᠡᠶᠢᠯᠡᠬᠦ ᠶᠢ ᠳᠡᠩᠰᠡᠯᠡᠨ ᠲᠡᠮᠳᠡᠭᠯᠡᠵᠦ ᠫᠠᠶᠢᠰᠠ ᠡᠯᠭᠦᠬᠦ ᠶᠢ ᠬᠡᠷᠡᠭᠵᠢᠭᠦᠯᠪᠡ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠳᠠᠭᠠᠵᠤ᠂ ᠣᠯᠠᠨ ᠲᠦᠮᠡᠨ ᠤ ᠬᠡᠷᠡᠭᠴᠡᠭᠡ ᠶᠢ ᠰᠢᠢᠳᠪᠦᠷᠢᠯᠡᠬᠦ ᠶᠢᠨ ᠲᠤᠰᠠᠳᠠ᠂ ᠮᠠᠨ ᠤ ᠲᠣᠪᠴᠢᠶ᠎ᠠ 2023 ᠣᠨ ᠤ 5 ᠰᠠᠷ᠎ᠠ ᠶᠢᠨ 8 ᠤ ᠡᠳᠦᠷ ᠠᠴᠠ ᠡᠬᠢᠯᠡᠨ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠳᠤᠭᠤᠶ ᠲᠡᠷᠭᠡ ︵ᠳᠣᠷᠣᠭᠰᠢ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ ᠭᠡᠵᠦ ᠲᠣᠪᠴᠢᠯᠠᠨ᠎ᠠ︶ ᠶᠢ ᠲᠥᠪᠯᠡᠷᠡᠭᠦᠯᠦᠨ ᠲᠡᠮᠳᠡᠭᠯᠡᠵᠦ ᠫᠠᠶᠢᠰᠠ ᠡᠯᠭᠦᠬᠦ ᠪᠠᠷ ᠲᠣᠭᠲᠠᠪᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠢᠴᠢ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠃      ᠨᠢᠭᠡ᠂ ᠫᠠᠶᠢᠰᠠ ᠡᠯᠭᠦᠬᠦ ᠬᠡᠪᠴᠢᠶ᠎ᠡ᠄ ᠬᠤᠷᠢᠨᠭᠡᠷ ᠰᠢᠶᠠᠨ ᠤ ᠬᠡᠪᠴᠢᠶᠡᠨ ᠳᠠᠬᠢ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ ︵ᠳᠥᠷᠪᠡᠨ ᠬᠦᠷᠳᠦᠲᠦ ᠲᠡᠷᠭᠡ ᠪᠠᠭᠲᠠᠬᠤ ᠥᠬᠡᠶ︶᠂ ᠫᠠᠶᠢᠰᠠ ᠡᠯᠭᠦᠭᠰᠡᠨ ᠥᠬᠡᠶ ᠬᠤᠶᠠᠷ ᠬᠦᠷᠳᠦᠲᠦ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠃      ᠬᠤᠶᠠᠷ᠂ ᠫᠠᠶᠢᠰᠠ ᠡᠯᠭᠦᠬᠦ ᠴᠠᠭ᠄ 2023 ᠣᠨ ᠤ 5 ᠰᠠᠷ᠎ᠠ ᠶᠢᠨ 8 ᠤ ᠡᠳᠦᠷ ᠠᠴᠠ ᠡᠬᠢᠯᠡᠨ᠎ᠡ᠃      ᠭᠤᠷᠪᠠ᠂ ᠫᠠᠶᠢᠰᠠᠨ ᠳᠤ ᠭᠠᠷᠤᠭᠰᠠᠨ ᠵᠠᠷᠤᠳᠠᠯ᠄ ᠫᠠᠶᠢᠰᠠᠨ ᠳᠤ ᠲᠡᠮᠳᠡᠭᠯᠡᠭᠦᠯᠬᠦ ᠳᠤ ᠰᠦᠢᠳᠬᠡᠯ ᠬᠤᠷᠢᠶᠠᠬᠤ ᠦᠭᠡᠢ᠃      ᠳᠥᠷᠪᠡ᠂ ᠫᠠᠶᠢᠰᠠ ᠡᠯᠭᠦᠬᠦ ᠠᠷᠭ᠎ᠠ ᠮᠠᠶ᠋ᠢᠭ᠄ ᠴᠧᠩ ᠭᠤᠸᠠᠨ ᠤ ᠲᠣᠮᠢᠯᠠᠭᠰᠠᠨ ᠰᠠᠯᠪᠤᠷᠢ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠲᠠᠢ ᠬᠠᠮᠲᠤᠷᠠᠨ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ︾ ᠠᠷᠭ᠎ᠠ ᠮᠠᠶ᠋ᠢᠭ ᠢᠶᠠᠷ ᠥᠷᠨᠢᠭᠦᠯᠵᠦ᠂ ᠣᠯᠠᠨ ᠲᠦᠮᠡᠨ ᠫᠠᠶᠢᠰᠠ ᠡᠯᠭᠦᠬᠦ ᠲᠣᠤᠷ ᠴᠡᠭ ᠲᠤ ᠬᠦᠷᠴᠦ᠂ ᠭᠠᠷ ᠤᠲᠠᠰᠤ ᠪᠠᠷ ︽ᠠᠶ ᠴᠢᠩ ᠴᠧᠩ︾ APP ᠳᠤ ᠭᠠᠷᠬᠤ ᠪᠠᠷ ᠳᠠᠮᠵᠢᠭᠤᠯᠤᠨ ᠭᠦᠢᠴᠡᠳᠬᠡᠨ᠎ᠡ᠃      ᠲᠠᠪᠤ᠂ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠄ ᠤᠢᠢᠷ᠎ᠠ ᠶᠢᠨ ᠬᠤᠭᠤᠴᠠᠭᠠᠨ ᠳᠤ ᠮᠠᠨ ᠤ ᠰᠢᠶᠠᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡᠨ ᠤ ᠤᠨᠤᠭᠴᠢᠳ ᠤᠨ ᠠᠶᠤᠯᠭᠦᠢ ᠶᠢᠨ ᠮᠠᠯᠠᠭᠠᠢ ᠵᠡᠭᠦᠭᠰᠡᠨ ᠦᠭᠡᠢ᠂ ᠰᠥᠷᠭᠡᠦ ᠶᠠᠪᠤᠭᠰᠠᠨ᠂ ᠤᠯᠠᠭᠠᠨ ᠳ᠋ᠧᠩ ᠢ ᠳᠠᠭᠠᠷᠢᠭᠰᠠᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠴᠠ ᠪᠣᠯᠤᠭᠰᠠᠨ ᠠᠳᠡᠯ ᠤᠨ ᠭᠡᠮᠲᠦᠯ ᠢ ᠪᠠᠭᠠᠰᠬᠠᠵᠤ᠂ ᠮᠠᠨ ᠤ ᠰᠢᠶᠠᠨ ᠤ ᠪᠦᠬᠦ᠋ᠢᠯᠡ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠵᠤ᠂ ᠠᠮᠤᠷ ᠲᠦᠪᠰᠢᠨ᠂ ᠡᠶ᠎ᠡ ᠵᠣᠬᠢᠴᠠᠩᠭᠤᠢ᠂ ᠪᠣᠯᠪᠠᠰᠤᠨ᠂ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃      ᠵᠢᠷᠭᠤᠭ᠎ᠠ᠂ ᠭᠤᠶᠤᠴᠢᠯᠠᠨ ᠠᠪᠬᠤ ᠵᠦᠢᠯᠡᠰ᠄      ᠲᠡᠷᠭᠡᠨ ᠤ ᠡᠵᠡᠨ ᠭᠠᠷ ᠭᠦᠢᠴᠡᠳᠬᠡᠯ ᠬᠢᠬᠦ ᠳᠡᠭᠡᠨ ᠡᠷᠬᠡᠪᠰᠢ ᠪᠦᠬᠦᠯᠢ ᠠᠷᠪᠠᠨ ᠨᠠᠢᠮᠠᠨ ᠨᠠᠰᠤ ᠬᠦᠷᠦᠭᠰᠡᠠ ᠪᠠᠶᠢᠬᠤ ᠬᠡᠷᠡᠭᠲᠡᠶ ᠪᠥᠭᠡᠳ ᠲᠡᠷᠭᠡ ᠪᠠᠨ ᠲᠤᠬᠠᠶ ᠶᠢᠨ ᠭᠠᠵᠠᠷ ᠲᠤᠨᠢ ᠤᠨᠦᠵᠤ ᠪᠠᠶᠢᠴᠠᠭᠠᠨ ᠰᠢᠯᠭᠠᠬᠤ ᠶᠢᠨ ᠬᠠᠮᠲᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠶ᠄      ︵ᠨᠢᠭᠡ︶ ᠲᠡᠷᠭᠡ ᠬᠥᠰᠬᠡ ᠶᠢᠨ ᠥᠮᠴᠢᠯᠡᠭᠴᠢ ᠶᠢᠨ ᠪᠡᠶ᠎ᠡ ᠶᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ᠃      ︵ᠬᠤᠶᠠᠷ︶ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠢᠷᠢ ᠲᠡᠩᠴᠡᠭᠰᠡᠨ ᠦᠨᠡᠮᠯᠡᠯ ᠪᠤᠶᠤ ᠲᠡᠷᠭᠡᠨ ᠤ ᠪᠦᠬᠦᠯᠢ ᠲᠡᠷᠭᠡ ᠶᠢ ᠦᠢᠯᠡᠳᠪᠦᠷᠢ ᠠᠴᠠ ᠭᠠᠷᠭᠠᠬᠤ ᠳᠤ ᠬᠢᠷᠢ ᠲᠡᠩᠴᠡᠭᠰᠡᠨ ᠭᠡᠷᠡᠴᠢ᠃      ︵ᠭᠤᠷᠪᠠ︶ ᠲᠡᠷᠭᠡ ᠬᠤᠳᠠᠯᠳᠤᠨ ᠠᠪᠤᠭᠰᠠᠨ ᠪᠠᠷᠢᠮᠲᠠ ᠪᠤᠶᠤ ᠲᠡᠷᠭᠡ ᠬᠤᠳᠠᠯᠳᠤᠨ ᠠᠪᠤᠭᠰᠠᠨ ᠪᠤᠰᠤᠳ ᠭᠡᠷᠡᠴᠢ ᠪᠠᠷᠢᠮᠲᠠ᠃      ᠲᠡᠷᠭᠡ ᠬᠤᠳᠠᠯᠳᠤᠨ ᠠᠪᠤᠭᠰᠠᠨ ᠭᠡᠷᠡᠴᠢ ᠪᠠᠷᠢᠮᠲᠠ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠢᠷᠢ ᠲᠡᠩᠴᠡᠭᠰᠡᠨ ᠦᠨᠡᠮᠯᠡᠯ ᠪᠤᠶᠤ ᠲᠡᠷᠭᠡ ᠬᠥᠰᠬᠡ ᠶᠢᠨ ᠪᠦᠬᠦᠯᠢ ᠲᠡᠷᠭᠡ ᠶᠢ ᠦᠢᠯᠡᠳᠪᠦᠷᠢ ᠠᠴᠠ ᠭᠠᠷᠭᠠᠬᠤ ᠳᠤ ᠬᠢᠷᠢ ᠲᠡᠩᠴᠡᠭᠰᠡᠨ ᠭᠡᠷᠡᠴᠢ ᠪᠠᠶᠢᠬᠤ ᠥᠭᠡᠢ ᠪᠣᠯ ᠥᠮᠴᠢᠯᠡᠭᠴᠢ ᠠᠴᠠ ᠲᠡᠷᠭᠡ ᠬᠥᠰᠬᠡ ᠶᠢᠨ ᠢᠷᠡᠯᠳᠡ ᠶᠢᠨ ᠬᠠᠤᠯᠢ ᠶᠣᠰᠣᠴᠢ ᠴᠢᠨᠠᠷ ᠲᠤ ᠪᠢᠴᠢᠭᠯᠡᠭᠰᠡᠨ ᠠᠮᠠᠯᠠᠯᠲᠠ ︵ᠬᠡᠪ ᠲᠥᠷᠢᠮ ᠤᠨ ᠠᠮᠠᠯᠠᠯᠲᠠ ᠶᠢᠨ ᠪᠢᠴᠢᠭ ᠢ ᠲᠠᠭᠯᠠᠨ᠎ᠠ︶ ᠬᠢᠬᠦ ᠪᠥᠭᠡᠳ ᠲᠠᠩᠰᠠᠯᠠᠵᠤ ᠫᠠᠶᠢᠰᠠ ᠡᠯᠭᠦᠨ ᠡᠯᠭᠦᠭᠰᠡᠨ ᠴᠦ ᠪᠣᠯᠤᠨ᠎ᠠ᠃      ᠲᠤᠯᠤᠭ᠎ᠠ᠂ ᠭᠤᠶᠤᠴᠢᠯᠠᠨ ᠠᠪᠬᠤ ᠭᠠᠵᠠᠷ᠄      1. ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤᠨ ᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠵᠡᠭᠦᠨ ᠡᠭᠦᠳᠡ      ᠬᠠᠶ᠋ᠢᠭ᠄ ᠰᠢᠨᠬᠤᠸᠠ ᠵᠡᠭᠡᠯᠢ ᠬᠢᠭᠡᠳ ᠱᠧᠩ ᠯᠢ ᠵᠠᠮ ᠤᠨ ᠠᠭᠤᠯᠵᠠᠷ ᠠᠴᠠ ᠪᠠᠷᠠᠭᠤᠨᠰᠢ 100 ᠮᠧᠲᠷ ᠤᠨ ᠪᠡᠶ᠎ᠡ ᠶᠢᠨ ᠲᠠᠮᠢᠷ ᠤᠨ ᠲᠠᠯᠠᠪᠠᠶ      2. ᠮᠢᠩ ᠾᠧ ᠲᠣᠨᠣᠯᠵᠢᠨ ᠵᠠᠮ ᠤᠨ ᠠᠭᠤᠯᠵᠠᠷ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠷᠠᠭᠤᠯ ᠤᠨ ᠲᠢᠩᠰᠡ      ᠬᠠᠶ᠋ᠢᠭ᠄ ᠱᠧᠩ ᠯᠢ ᠵᠠᠮ ᠪᠣᠯᠤᠨ ᠰᠢᠨ ᠮᠢᠨ ᠵᠡᠭᠡᠯᠢ ᠶᠢᠨ ᠵᠠᠮ ᠤᠨ ᠵᠡᠭᠦᠨ ᠬᠤᠶᠢᠲᠤ ᠥᠨᠴᠥᠭ      3. ᠬᠤᠶᠠᠳᠤᠭᠠᠷ ᠪᠦᠷᠢᠨ ᠪᠠᠭ᠎ᠠ ᠰᠤᠷᠭᠠᠭᠤᠯᠢ ᠶᠢᠨ ᠲᠣᠨᠣᠯᠵᠢᠨ ᠵᠠᠮ ᠤᠨ ᠠᠭᠤᠯᠵᠠᠷ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠷᠠᠭᠤᠯ ᠤᠨ ᠲᠢᠩᠰᠡ      ᠬᠠᠶ᠋ᠢᠭ᠄ ᠰᠢᠨ ᠮᠢᠨ ᠵᠡᠭᠡᠯᠢ ᠬᠢᠭᠡᠳ ᠱᠧᠩ ᠯᠧ ᠵᠡᠭᠡᠯᠢ ᠶᠢᠨ ᠵᠠᠮ ᠤᠨ ᠠᠭᠤᠯᠵᠠᠷ ᠤᠨ ᠵᠡᠭᠦᠨ ᠬᠤᠶᠢᠲᠤ ᠥᠨᠴᠥᠭ      4. ᠰᠢ ᠴᠢᠶᠣᠤ ᠵᠠᠮ ᠤᠨ ᠠᠭᠤᠯᠵᠠᠷ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠷᠠᠭᠤᠯ ᠤᠨ ᠲᠢᠩᠰᠡ      ᠬᠠᠶ᠋ᠢᠭ᠄ ᠰᠢᠨ ᠮᠢᠨ ᠵᠡᠭᠡᠯᠢ ᠬᠢᠭᠡᠳ ᠭᠠᠳᠠᠷ ᠲᠣᠭᠤᠷᠢᠯ ᠵᠠᠮ ᠤᠨ ᠪᠠᠷᠠᠭᠤᠨ ᠬᠤᠶᠢᠲᠤ ᠥᠨᠴᠥᠭ      5. ᠰᠢᠶᠠᠨ ᠤ ᠡᠮᠨᠡᠯᠭᠡ ᠶᠢᠨ ᠬᠤᠷᠢᠶᠠᠨ ᠤ ᠲᠣᠨᠣᠯᠵᠢᠨ ᠵᠠᠮ ᠤᠨ ᠠᠭᠤᠯᠵᠠᠷ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠷᠠᠭᠤᠯ ᠤᠨ ᠲᠢᠩᠰᠡ      ᠬᠠᠶ᠋ᠢᠭ᠄ ᠾᠧ ᠱᠧᠩ ᠵᠠᠮ ᠪᠣᠯᠤᠨ ᠰᠢᠨ ᠱᠧᠩ ᠵᠡᠭᠡᠯᠢ ᠶᠢᠨ ᠵᠠᠮ ᠤᠨ ᠪᠠᠷᠠᠭᠤᠨ ᠬᠤᠶᠢᠲᠤ ᠥᠨᠴᠥᠭ      ᠨᠠᠢᠮᠠ᠂ ᠪᠤᠰᠤᠳ ᠵᠦᠢᠯ᠄      ︵ᠨᠢᠭᠡ︶ ᠲᠣᠰ ᠤᠳᠠᠭᠠᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠤᠯᠠᠭᠠᠶᠢᠯᠠᠬᠤ ᠶᠢ ᠰᠡᠷᠭᠡᠶᠢᠯᠡᠬᠦ ᠶᠢ ᠳᠡᠩᠰᠡᠯᠡᠨ ᠲᠡᠮᠳᠡᠭᠯᠡᠬᠦ ᠠᠵᠢᠯ ᠨᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠡᠷᠭᠡ ᠬᠥᠰᠬᠡ ᠶᠢᠨ ᠰᠢᠨᠵᠢ ᠴᠢᠨᠠᠷ ᠢ ᠮᠠᠭᠠᠳᠯᠠᠨ ᠲᠣᠭᠲᠠᠭᠠᠬᠤ ᠳᠤ ᠬᠤᠯᠪᠣᠭᠳᠠᠬᠤ ᠥᠬᠡᠶ᠃      ︵ᠬᠤᠶᠠᠷ︶ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠤᠯᠠᠭᠠᠶᠢᠯᠠᠬᠤ ᠶᠢ ᠰᠡᠷᠭᠡᠶᠢᠯᠡᠬᠦ ᠣᠶᠤᠨᠴᠢ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠠᠮᠠᠭᠠᠯᠠᠵᠤ᠂ ᠬᠤᠶᠠᠷ ᠬᠡᠮᠵᠢᠯᠳᠦ ᠺᠣᠳ᠋ ᠢ ᠢᠯᠭᠠᠨ ᠲᠠᠨᠢᠬᠤ ᠵᠡᠷᠭᠡ ᠠᠷᠭ᠎ᠠ ᠪᠠᠷᠢᠯ ᠢ ᠬᠡᠷᠡᠭᠯᠡᠨ᠂ ᠬᠤᠯᠠᠭᠠᠶᠢᠯᠠᠬᠤ ᠶᠢ ᠰᠡᠷᠭᠡᠶᠢᠯᠡᠬᠦ ᠬᠠᠮᠢᠶᠠᠷᠤᠯᠲᠠ ᠪᠠ ᠬᠡᠷᠡᠭ ᠢ ᠲᠠᠩᠨᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃      ︵ᠭᠤᠷᠪᠠ︶ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠠᠬᠢᠯᠭᠠᠨ ᠬᠥᠳᠡᠯᠭᠡᠭᠦᠷᠲᠦ ᠲᠡᠷᠭᠡᠨ ᠤ ᠫᠠᠶᠢᠰᠠ ᠡᠯᠭᠦᠬᠦ ᠠᠵᠢᠯ ᠢ ᠣᠯᠠᠨ ᠠᠷᠭ᠎ᠠ ᠵᠠᠮ ᠢᠶᠠᠷ ᠳᠥᠯᠭᠢᠨ ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠫᠠᠶᠢᠰᠠ ᠲᠠᠢ ᠪᠠᠷ ᠪᠣᠷᠣᠯᠠᠭᠤᠯᠤᠨ᠎ᠠ᠃      ︵ᠳᠥᠷᠪᠡ︶ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠥᠮᠴᠢᠯᠡᠭᠴᠢ ᠨᠢ ᠰᠠᠶᠢᠨ ᠳᠤᠷ᠎ᠠ ᠠᠴᠠ ᠪᠠᠨ ᠲᠡᠷᠭᠡ ᠬᠥᠰᠬᠡ ᠶᠢᠨ ᠭᠤᠷᠪᠠᠳᠠᠬᠢ ᠡᠲᠡᠭᠡᠳ ᠤᠨ ᠬᠠᠷᠢᠭᠤᠴᠠᠯᠭ᠎ᠠ ᠶᠢᠨ ᠳᠠᠭᠠᠳᠬᠠᠯ᠂ ᠵᠢᠯᠣᠭᠤᠴᠢ ᠶᠢᠨ ᠬᠥᠮᠦᠨ ᠤ ᠳᠠᠭᠠᠳᠬᠠᠯ᠂ ᠬᠤᠯᠠᠭᠠᠶᠢᠯᠠᠨ ᠳᠡᠭᠡᠷᠡᠮᠳᠡᠬᠦ ᠳᠠᠭᠠᠳᠬᠠᠯ ᠢ ᠬᠤᠳᠠᠯᠳᠤᠨ ᠠᠪᠴᠤ᠂ ᠲᠡᠷᠭᠡ ᠬᠥᠰᠬᠡ ᠶᠢᠨ ᠥᠮᠴᠢᠯᠡᠭᠴᠢ ᠳᠤ ᠬᠥᠮᠦᠨ ᠤ ᠪᠡᠶ᠎ᠡ ᠶᠢᠨ ᠡᠳ᠋ ᠪᠣᠳᠠᠰ ᠤᠨ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠨ᠎ᠠ᠃      ᠥᠷᠭᠡᠨ ᠣᠯᠠᠨ ᠰᠠᠭᠤᠭᠠᠯᠢ ᠠᠷᠠᠳ ᠴᠠᠬᠢᠯᠭᠠᠨ ᠬᠥᠳᠡᠯᠭᠡᠭᠦᠷᠲᠦ ᠲᠡᠷᠭᠡᠨ ᠤ ᠬᠤᠯᠠᠭᠠᠶ ᠶᠢ ᠰᠡᠷᠭᠡᠶᠢᠯᠡᠬᠦ ᠳᠡᠩᠰᠡᠯᠡᠨ ᠲᠡᠮᠳᠡᠭᠯᠡᠬᠦ ᠠᠵᠢᠯ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃               ᠬᠤᠷᠢᠨᠭᠡᠷ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ               2023 ᠣᠨ ᠤ 5 ᠰᠠᠷ᠎ᠠ ᠶᠢᠨ 6 ᠤ ᠡᠳᠦᠷᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号