ᠠᠮᠠᠷᠠᠯᠲᠠ ᠶᠢᠨ ᠮᠡᠳᠡᠭᠳᠡᠯ᠄ ᠨᠠᠢᠮᠠᠨ ᠡᠳᠦᠷ ᠠᠮᠠᠷᠠᠵᠤ ᠳᠣᠯᠤᠭᠠᠨ ᠡᠳᠦᠷ ᠠᠵᠢᠯᠯᠠᠨ᠎ᠠ
ᠨᠡᠶᠢᠲᠡᠯᠡᠭᠰᠡᠨ ᠴᠠᠭ᠄
2023/5/10
     6 ᠰᠠᠷ᠎ᠠ ᠶᠢᠨ 22 ᠤᠨ ᠡᠳᠦᠷ ᠪᠣᠯ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ᠃  22 ᠤᠨ ᠡᠳᠦᠷ ᠠᠴᠠ 24 ᠤ ᠡᠳᠦᠷ ᠪᠣᠯᠲᠠᠯ᠎ᠠ ᠴᠢᠯᠥᠭᠡ ᠲᠠᠯᠪᠢᠨ᠎ᠠ᠂ 25 ᠤ ᠡᠳᠦᠷ ︵ᠭᠠᠷᠠᠭ ᠤᠨ ᠡᠳᠦᠷ︶ ᠠᠵᠢᠯᠯᠠᠵᠤ᠂ ᠵᠠᠯᠭᠠᠭ᠎ᠠ ᠪᠠᠷ 6 ᠡᠳᠦᠷ ᠠᠵᠢᠯᠯᠠᠬᠤ ᠬᠡᠷᠡᠭᠲᠡᠶ᠂ ᠡᠨᠡ ᠵᠢᠯ ᠤᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠯᠤᠰ ᠤᠨ ᠪᠠᠶᠠᠷ ᠠᠴᠠ ᠡᠮᠦᠨ᠎ᠡ ᠰᠣᠯᠢᠵᠤ ᠠᠮᠠᠷᠠᠬᠤ ᠥᠬᠡᠶ᠂ ᠵᠠᠯᠭᠠᠭ᠎ᠠ ᠪᠠᠷ 8 ᠡᠳᠦᠷ ᠤᠨ ᠴᠢᠯᠥᠭᠡ ᠲᠠᠯᠪᠢᠬᠤ ᠪᠣᠯᠪᠠᠴᠤ ᠪᠠᠶᠠᠷ ᠤᠨ ᠡᠳᠦᠷ ᠤᠨ ᠳᠠᠷᠠᠭ᠎ᠠ ᠵᠠᠯᠭᠠᠭ᠎ᠠ ᠪᠠᠷ 7 ᠡᠳᠦᠷ ᠠᠵᠢᠯᠯᠠᠬᠤ ᠬᠡᠷᠡᠭᠲᠡᠶ᠃
     ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠡᠳᠦᠷ ᠬᠤᠭᠤᠴᠠᠭ᠎ᠠ ᠶᠢᠨ ᠪᠣᠳᠠᠲᠠᠶ ᠲᠣᠬᠢᠷᠠᠭᠤᠯᠤᠯᠲᠠ ᠶᠢ ᠳᠣᠤᠷᠠᠬᠢ ᠮᠡᠲᠦ ᠮᠡᠳᠡᠭᠳᠡᠪᠡ᠄      ᠡᠨᠡ ᠵᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ 6 ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ 3 ᠡᠳᠦᠷ ᠠᠮᠠᠷᠠᠨ᠎ᠠ᠂ 6 ᠡᠳᠦᠷ ᠠᠵᠢᠯᠯᠠᠨ᠎ᠠ᠂ 6 ᠰᠠᠷ᠎ᠠ ᠶᠢᠨ 25 ᠤ ᠡᠳᠦᠷ ︵ᠭᠠᠷᠠᠭ ᠤᠨ ᠡᠳᠦᠷ︶ ᠠᠵᠢᠯᠯᠠᠨ᠎ᠠ᠃
     ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠲᠤ 8 ᠡᠳᠦᠷ ᠴᠢᠯᠥᠭᠡ ᠲᠠᠯᠪᠢᠨ᠎ᠠ᠃ ᠡᠨᠡ ᠵᠢᠯ ᠤᠨ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ 8 ᠡᠳᠦᠷ ᠠᠮᠠᠷᠠᠵᠤ ᠪᠣᠯᠬᠤ ᠪᠣᠯᠪᠠᠴᠤ ᠪᠠᠶᠠᠷ ᠤᠨ ᠡᠳᠦᠷ ᠤᠨ ᠳᠠᠷᠠᠭ᠎ᠠ ᠵᠠᠯᠭᠠᠭ᠎ᠠ ᠪᠠᠷ 7 ᠡᠳᠦᠷ ᠠᠵᠢᠯᠯᠠᠨ᠎ᠠ᠂ 9 ᠰᠠᠷ᠎ᠠ ᠶᠢᠨ 29 ᠤ ᠡᠳᠦᠷ ᠠᠴᠠ 10 ᠰᠠᠷ᠎ᠠ ᠶᠢᠨ 6 ᠤ ᠡᠳᠦᠷ ᠪᠣᠯᠲᠠᠯ᠎ᠠ ᠨᠡᠶᠢᠲᠡ 8 ᠡᠳᠦᠷ ᠠᠮᠠᠷᠠᠵᠤ᠂ 10 ᠰᠠᠷ᠎ᠠ ᠶᠢᠨ 7 ᠤ ᠡᠳᠦᠷ᠂ 10 ᠰᠠᠷ᠎ᠠ ᠶᠢᠨ 8 ᠤ ᠡᠳᠦᠷ ᠠᠵᠢᠯᠯᠠᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号