ᠬᠤᠷᠢᠨᠭᠡᠷ ᠰᠢᠶᠠᠨ ᠤ ᠰᠢᠨ᠎ᠡ ᠳᠡᠯᠭᠡᠭᠦᠷ ᠪᠠᠯᠭᠠᠰᠤ᠄ ᠰᠤᠷᠭᠠᠨ ᠬᠥᠮᠦᠵᠢᠯ ᠢ ᠰᠡᠳᠬᠢᠯ ᠳᠤ ᠪᠠᠨ ᠪᠣᠳᠣᠵᠣ  ᠰᠤᠷᠭᠠᠭᠤᠯᠢ ᠶᠢᠨ ᠬᠢᠨ ᠬᠡᠮᠡᠷᠯᠢᠭ ᠲᠤᠭ ᠬᠦᠷᠭᠡᠨ᠎ᠡ
ᠨᠡᠶᠢᠲᠡᠯᠡᠭᠰᠡᠨ ᠴᠠᠭ᠄
2023/5/11
     5 ᠰᠠᠷ᠎ᠠ ᠶᠢᠨ 8 ᠤ ᠡᠳᠦᠷ᠂ ᠰᠢᠨ᠎ᠡ ᠳᠡᠯᠭᠡᠭᠦᠷ ᠪᠠᠯᠭᠠᠰᠤᠨ ᠤ ᠰᠢᠨ᠎ᠡ ᠳᠡᠯᠭᠡᠭᠦᠷ ᠭᠤᠣᠯ ᠪᠠᠭ᠎ᠠ ᠰᠤᠷᠭᠠᠭᠤᠯᠢ ᠶᠢᠨ ᠵᠠᠬᠢᠷᠤᠯ ᠪᠣᠯᠤᠨ ᠪᠠᠭᠰᠢ ᠶᠢᠨ ᠲᠥᠯᠥᠭᠡᠯᠡᠭᠴᠢ ᠰᠢᠨ᠎ᠡ ᠳᠡᠯᠭᠡᠭᠦᠷ ᠪᠠᠯᠭᠠᠰᠤᠨ ᠤ ᠵᠠᠰᠠᠭ ᠤᠨ ᠣᠷᠳᠣᠨ ᠤ ᠳᠠᠷᠤᠭ᠎ᠠ ᠶᠢᠨ ᠠᠯᠪᠠᠨ ᠭᠡᠷ ᠲᠤ ︽ᠠᠷᠠᠳ ᠤᠨ ᠰᠤᠷᠭᠠᠨ ᠬᠥᠮᠦᠵᠢᠯ ᠢ ᠬᠠᠯᠠᠮᠵᠢᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠬᠡᠮᠡᠷᠯᠢᠭ ᠲᠤᠭ ᠢ ᠬᠦᠷᠭᠡᠵᠦ᠂ ᠪᠠᠯᠭᠠᠰᠤᠨ ᠤ ᠵᠠᠰᠠᠭ ᠤᠨ ᠣᠷᠳᠣᠨ ᠤ ᠬᠠᠨᠳᠢᠪᠯᠠᠭᠰᠠᠨ ᠰᠠᠭᠤᠷᠢ ᠲᠥᠬᠦᠭᠡᠷᠦᠮᠵᠢ ᠳᠤ ᠲᠠᠯᠠᠷᠬᠠᠵᠤ᠂ ᠰᠤᠷᠭᠠᠭᠤᠯᠢ ᠳᠤ ᠰᠤᠷᠭᠠᠨ ᠬᠥᠮᠦᠵᠢᠯ ᠤᠨ ᠲᠥᠬᠦᠭᠡᠷᠦᠮᠵᠢ ᠨᠡᠮᠡᠵᠦ᠂ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠬᠦ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃
      ᠥᠨᠢᠳᠡ ᠶᠢᠨ ᠶᠡᠭᠡ ᠪᠤᠳᠤᠯᠭ᠎ᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠎ᠠ᠃ ᠰᠢᠨ᠎ᠡ ᠳᠡᠯᠭᠡᠭᠦᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠳ ᠤᠨ ᠠᠮᠢᠳᠤᠷᠠᠯ ᠤᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠤᠷᠭᠠᠨ ᠬᠥᠮᠦᠵᠢᠯ ᠤᠨ ᠠᠷᠠᠳ ᠤᠨ ᠠᠮᠢᠳᠤᠷᠠᠯ ᠤᠨ ᠪᠢᠴᠢᠯ ᠪᠣᠳᠠᠲᠤ ᠶᠠᠪᠤᠳᠠᠯ︾ ᠢ ᠰᠠᠶᠢᠲᠤᠷ ᠡᠷᠭᠢᠯᠡᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠢ ᠨᠠᠷᠢᠯᠢᠭ ᠣᠨᠣᠴᠠᠲᠠᠶ ᠪᠠᠷ ᠬᠦᠴᠦᠯᠡᠨ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠳᠠᠬᠢ ᠰᠤᠷᠤᠭᠴᠢᠳ ᠤᠨ ᠰᠤᠷᠭᠠᠭᠤᠯᠢ ᠳᠤ ᠣᠷᠣᠬᠤ ᠬᠦᠴᠢᠷᠳᠡᠯ ᠪᠠ ᠠᠮᠢᠳᠤᠷᠠᠯ ᠤᠨ ᠬᠦᠴᠢᠷᠳᠡᠯ ᠢ ᠦᠨᠡᠨ ᠬᠦ ᠰᠢᠢᠳᠪᠦᠷᠢᠯᠡᠪᠡ᠃ ᠰᠢᠨ᠎ᠡ ᠳᠡᠯᠭᠡᠭᠦᠷ ᠭᠤᠣᠯ ᠪᠠᠭ᠎ᠠ ᠰᠤᠷᠭᠠᠭᠤᠯᠢ ᠠᠴᠠ ᠬᠦᠷᠭᠡᠵᠦ ᠢᠷᠡᠭᠰᠡᠨ ᠬᠡᠮᠡᠷᠯᠢᠭ ᠲᠤᠭ ᠪᠣᠯ ᠪᠠᠯᠭᠠᠰᠤᠨ ᠤ ᠪᠠᠶᠢᠭᠤᠯᠭ᠎ᠠ ᠶᠢᠨ ᠪᠦᠬᠦ ᠺᠠᠳ᠋ᠷᠴᠤᠳ ᠤᠨ ᠠᠵᠢᠯ ᠤᠨ ᠲᠠᠯ᠎ᠠ ᠪᠠᠷ ᠬᠢ ᠨᠤᠲᠠᠯᠠᠯᠲᠠ ᠮᠥᠨ᠂ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠵᠣᠷᠢᠭᠵᠢᠭᠤᠯᠤᠯ ᠪᠠ ᠱᠠᠭᠠᠷᠳᠠᠯᠭ᠎ᠠ ᠮᠥᠨ᠃      ᠬᠤᠶᠢᠰᠢᠳᠠ ᠶᠢᠨ ᠠᠵᠢᠯ ᠳᠤᠮᠳᠠ᠂ ᠰᠢᠨ᠎ᠡ ᠳᠡᠯᠭᠡᠭᠦᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠦᠯ ᠦᠭᠡᠢ ᠪᠠᠷ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ᠂ ᠰᠠᠶᠢᠨ ᠶᠠᠪᠤᠳᠠᠯ ᠬᠢᠬᠦ᠂ ᠵᠢᠩᠬᠢᠨᠢ ᠶᠠᠪᠤᠳᠠᠯ ᠬᠢᠬᠦ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠎ᠡ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号