ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠢᠨ ᠬᠤᠷᠢᠨᠭᠡᠷ ᠰᠢᠶᠠᠨ ᠳᠤ ᠬᠦᠷᠴᠦ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/5/11
     5 ᠰᠠᠷ᠎ᠠ ᠶᠢᠨ 10 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ ᠶᠢᠨ ᠪᠠ ᠪᠦᠯᠬᠦᠮ ᠳᠠᠭᠠᠭᠤᠯᠤᠨ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠲᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ᠃ ᠰᠢᠨ᠎ᠡ ᠴᠠᠭ ᠦᠶ᠎ᠡ ᠶᠢᠨ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠨ ᠬᠥᠭᠵᠢᠬᠦ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠰᠢᠨ᠎ᠡ ᠦᠵᠡᠯ ᠰᠠᠨᠠᠭ᠎ᠠ᠂ ᠰᠢᠨ᠎ᠡ ᠴᠢᠭᠯᠡᠯ ᠢ ᠬᠠᠮᠲᠤᠪᠠᠷ ᠰᠦᠪᠡᠭᠴᠢᠯᠡᠭᠰᠡᠨ ᠪᠠᠶᠢᠨ᠎ᠠ᠃
     ᠬᠠᠮ ᠵᠠᠭᠤᠴᠢᠯᠠᠭᠤᠷ ᠤᠨ ᠲᠥᠪ ᠲᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠶᠠᠷᠢᠯᠴᠠᠨ ᠰᠣᠯᠢᠯᠴᠠᠬᠤ ᠬᠡᠯᠪᠡᠷᠢ ᠪᠠᠷ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠨᠡᠪᠲᠡᠷᠡᠭᠦᠯᠬᠦ ᠲᠠᠰᠤᠭ᠂ ᠨᠡᠪᠲᠡᠷᠡᠭᠦᠯᠬᠦ ᠮᠠᠰᠢᠨ ᠤ ᠦᠷᠦᠭᠡ᠂ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ᠂ ᠵᠢᠯᠣᠭᠤᠳᠤᠨ ᠲᠤᠬᠢᠷᠠᠭᠤᠯᠬᠤ ᠲᠥᠪ ᠵᠡᠷᠭᠡ ᠳᠤ ᠬᠦᠷᠴᠦ᠂ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠴᠢᠳᠠᠮᠵᠢ ᠶᠢᠨ ᠪᠠᠶᠢᠷᠢᠰᠢᠭᠤᠯᠤᠯᠲᠠ᠂ ᠲᠠᠪᠴᠠᠩ ᠤᠨ ᠪᠠᠶᠢᠭᠤᠯᠤᠯᠲᠠ ᠵᠢᠴᠢ ᠪᠦᠬᠦᠯᠢ ᠴᠣᠭᠴᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠮᠠᠨ ᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠬᠠᠮ ᠵᠠᠭᠤᠴᠢᠯᠠᠭᠤᠷ ᠤᠨ ᠲᠥᠪ ᠤᠨ ︽ᠨᠢᠭᠡ ᠲᠥᠪ ᠨᠢᠭᠡ ᠺᠣᠮᠫᠠᠨᠢ︾ ᠶᠢᠨ ᠠᠵᠢᠯᠯᠠᠭᠠᠨ ᠤ ᠵᠠᠭᠪᠤᠷ᠂ ᠡᠯ᠎ᠡ ᠲᠠᠪᠴᠠᠩ ᠤᠨ ᠡᠵᠡᠩᠨᠡᠯᠲᠡ ᠶᠢᠨ ᠪᠠᠶᠢᠳᠠᠯ᠂ ᠪᠥᠬᠦ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠡᠷᠭᠡ ᠲᠠᠯ᠎ᠠ ᠶᠢᠨ ᠲᠤᠷᠰᠢᠯᠭ᠎ᠠ ᠪᠠ ᠠᠷᠭ᠎ᠠ ᠬᠢᠳᠡᠯ ᠢ ᠬᠤᠪᠢᠶᠠᠯᠴᠠᠨ ᠡᠳ᠋ᠯᠡᠪᠡ᠃ ᠬᠤᠶᠠᠷ ᠲᠠᠯ᠎ᠠ ᠪᠠᠷ ᠢᠶᠠᠨ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ᠂ ︽ᠰᠣᠨᠢᠨ ᠮᠡᠳᠡᠭᠡ + ᠬᠤᠳᠠᠯᠳᠤᠭᠠᠨ ᠤ ᠶᠠᠪᠤᠳᠠᠯ︾ ᠤᠨ ᠵᠠᠭᠪᠤᠷ ᠤᠨ ᠠᠵᠢᠯᠯᠠᠭᠠᠨ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠨ ᠶᠠᠷᠢᠯᠴᠠᠪᠠ᠃
     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠲᠤᠰ ᠤᠳᠠᠭ᠎ᠠ ᠶᠢᠨ ᠰᠤᠷᠤᠯᠴᠠᠯᠭ᠎ᠠ ᠰᠣᠯᠢᠯᠴᠠᠭ᠎ᠠ ᠪᠠᠷ ᠳᠠᠮᠵᠢᠭᠤᠯᠵᠤ᠂ ᠬᠤᠶᠠᠷ ᠭᠠᠵᠠᠷ ᠤᠨ ᠬᠠᠮ ᠵᠠᠭᠤᠴᠢᠯᠠᠭᠤᠷ ᠤᠨ ᠲᠥᠪ ᠤᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠲᠠᠯ᠎ᠠ ᠪᠠᠷ ᠬᠢ ᠰᠣᠯᠢᠯᠴᠠᠭ᠎ᠠ ᠪᠠ ᠤᠯᠤᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢᠶᠠᠷ ᠬᠠᠷᠢᠯᠴᠠᠨ ᠲᠤᠯᠢ ᠪᠣᠯᠭᠠᠵᠤ᠂ ᠰᠢᠨ᠎ᠡ ᠴᠠᠭ ᠦᠶ᠎ᠡ ᠶᠢᠨ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠭᠤᠣᠯ ᠵᠠᠭᠤᠴᠢᠯᠠᠭᠤᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号