ᠬᠤᠷᠢᠨᠭᠡᠷ ᠰᠢᠶᠠᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/11
     ᠣᠶᠢᠷ᠎ᠠ ᠳᠤ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠵᠤ᠂ ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2022 ᠣᠨ ᠤ ᠪᠥᠬᠦ ᠰᠢᠶᠠᠨ ᠤ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠳ᠋ᠦᠩᠨᠡᠭᠰᠡᠨ ᠪᠥᠭᠡᠳ 2023 ᠣᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠵᠠᠶ
     ᠬᠤᠷᠠᠯ ᠠᠴᠠ᠂ ᠪᠠᠶᠢᠳᠠᠯ ᠢ ᠲᠣᠳᠣᠷᠬᠠᠢ ᠲᠠᠨᠢᠵᠤ᠂ ᠬᠠᠷᠠᠯᠲᠠ ᠪᠠᠨ ᠲᠣᠭᠲᠠᠭᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠪᠦᠬᠦ ᠰᠢᠶᠠᠨ ᠢᠶᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠤᠯᠤᠰ ᠤᠨ ᠲᠡᠰ ᠤᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠪᠣᠳᠠᠲᠠᠢ ᠠᠳᠬᠤᠨ ᠰᠠᠶᠢᠲᠤᠷ ᠠᠳᠬᠤᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠢ ᠪᠦᠬᠦ ᠬᠦᠴᠦᠨ ᠢᠶᠠᠷ ᠢᠶᠠᠨ ᠴᠣᠭᠴᠠᠯᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ︔ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠮᠠᠨ ᠤ ᠰᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠥᠴᠦᠬᠡᠨ ᠴᠦ ᠭᠤᠶᠢᠪᠢᠰᠢ ᠦᠭᠡᠢ ᠰᠠᠶᠢᠲᠤᠷ ᠠᠳᠬᠤᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠣᠭᠲᠠᠭᠤᠨ ᠪᠠᠶᠢᠯᠭᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠶ᠃ ︽ᠨᠤᠲᠤᠭ ᠤᠨ ᠣᠨᠴᠠ ᠭᠠᠷᠤᠯᠲᠠ︾ ᠶᠢ ᠭᠦᠨᠵᠡᠭᠡᠢ ᠪᠣᠳᠠᠲᠠᠶᠢᠵᠢᠭᠤᠯᠬᠤ ᠪᠠᠷ ᠬᠦᠴᠦᠯᠡᠵᠦ᠂ ᠬᠥᠳᠡᠭᠡ ᠲᠣᠰᠬᠤᠨ ᠤ ᠤᠨᠴᠠᠯᠢᠬᠳᠤ ᠡᠬᠢ ᠪᠠᠶᠠᠯᠢᠭ ᠲᠤ ᠲᠦᠰᠢᠭᠯᠡᠨ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠮᠠᠨ ᠤ ᠰᠢᠶᠠᠨ ᠤ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠨᠡᠷ᠎ᠡ ᠠᠯᠳᠠᠷᠰᠢᠯ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠥᠷᠭᠡᠳᠬᠡᠨ ᠬᠥᠭᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠤᠨᠴᠠᠯᠢᠬᠳᠤ ᠳᠠᠪᠠᠭᠤᠯᠢᠭ ᠠᠵᠤ ᠦᠢᠯᠡᠰ ᠢ ᠪᠤᠶᠢᠵᠢᠭᠤᠯᠵᠤ᠂ ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ
     ᠬᠤᠷᠠᠯ ᠠᠴᠠ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠮᠠᠨ ᠤ ᠰᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠣᠯᠤᠨ ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ᠂ ᠬᠥᠳᠡᠭᠡ ᠠᠵᠤ ᠠᠬᠤᠢ ᠶᠢ ᠠᠳᠬᠤᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠠᠮ ᠤᠨ ᠪᠠᠶᠢᠭᠤᠯᠤᠯᠲᠠ ᠶᠢ ᠠᠳᠬᠤᠵᠤ᠂ ᠬᠥᠭᠵᠢᠯ ᠮᠠᠨᠳᠤᠯ ᠢ ᠠᠬᠢᠭᠤᠯᠬᠤ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠡᠯ᠎ᠡ ᠵᠦᠢᠯ ᠤᠨ ᠪᠣᠳᠠᠲᠠᠢ ᠠᠵᠢᠯ ᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠩᠭᠠᠳᠬᠠᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号