ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠤᠷᠢᠨᠭᠡᠷ ᠰᠢᠶᠠᠨ ᠤ ᠶᠡᠭᠡ ᠠᠩᠭᠢ ᠶᠢᠨ ᠮᠠᠰᠢᠨᠲᠤ ᠪᠤᠰᠤ ᠲᠡᠷᠭᠡ ᠪᠠ ᠶᠠᠪᠠᠭᠠᠨ ᠬᠥᠮᠦᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2023/5/11
     ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠣᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠡᠳᠦᠷ ᠠᠴᠠ ᠡᠬᠢᠯᠡᠨ ᠮᠠᠰᠢᠨᠲᠤ ᠪᠤᠰᠤ ᠲᠡᠷᠭᠡ ᠵᠢᠴᠢ ᠶᠠᠪᠠᠭᠠᠨ ᠬᠥᠮᠦᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠴᠡᠭᠴᠡᠯᠡᠨ ᠵᠠᠰᠠᠬᠤ ᠬᠡᠪᠴᠢᠶ᠎ᠡ      ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤᠨ ᠤ ᠬᠠᠷᠢᠶ᠎ᠠ ᠲᠣᠭᠤᠷᠢᠭ ᠤᠨ ᠵᠠᠮ ᠢᠶᠠᠷ ᠨᠡᠪᠲᠡᠷᠡᠬᠦ ᠮᠠᠰᠢᠨᠲᠤ ᠪᠤᠰᠤ ᠲᠡᠷᠭᠡ ︵ᠳᠤᠭᠤᠶ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ ᠵᠡᠷᠭᠡ︶᠂ ᠶᠠᠪᠠᠭᠠᠨ ᠬᠥᠮᠦᠨ᠃      ᠬᠤᠶᠠᠷ᠂ ᠴᠡᠭᠴᠡᠯᠡᠨ ᠵᠠᠰᠠᠬᠤ ᠭᠤᠣᠯᠳᠠᠯᠭ᠎ᠠ      ᠮᠠᠰᠢᠨᠲᠤ ᠲᠡᠷᠭᠡᠨ ᠤ ᠵᠠᠮ ᠢ ᠡᠵᠡᠯᠡᠨ ᠬᠡᠷᠡᠭᠯᠡᠬᠦ᠂ ᠤᠯᠠᠭᠠᠨ ᠳ᠋ᠧᠩ ᠢ ᠵᠥᠷᠢᠴᠡᠬᠦ᠂ ᠰᠥᠷᠭᠡᠦ ᠴᠢᠭᠯᠡᠯ ᠢᠶᠠᠷ ᠶᠠᠪᠤᠬᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠤᠨᠤᠵᠤ ᠪᠠᠶᠢᠭ᠎ᠠ ᠬᠥᠮᠦᠰ ᠠᠶᠤᠯᠭᠦᠢ ᠶᠢᠨ ᠮᠠᠯᠠᠭᠠᠢ ᠵᠡᠭᠦᠬᠦ ᠦᠭᠡᠢ᠂ ᠶᠠᠪᠠᠭᠠᠨ ᠬᠥᠮᠦᠨ ᠶᠠᠪᠠᠭᠠᠨ ᠬᠥᠮᠦᠨ ᠤ ᠬᠥᠨᠳᠡᠯᠡᠨ ᠵᠠᠮ ᠢᠶᠠᠷ ᠶᠠᠪᠤᠬᠤ ᠦᠭᠡᠢ᠂ ᠲᠣᠭᠲᠠᠭᠠᠯ ᠢ ᠵᠥᠷᠢᠴᠡᠨ ᠬᠠᠯᠬᠠᠪᠴᠢ ᠬᠡᠷᠡᠰᠬᠡ ᠶᠢ ᠳᠠᠪᠠᠭ᠋ᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃      ᠭᠤᠷᠪᠠ᠂ ᠰᠢᠳᠬᠡᠬᠦ ᠬᠡᠯᠪᠡᠷᠢ      ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠨᠠᠶᠠ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠶᠠᠪᠠᠭᠠᠨ ᠬᠥᠮᠦᠨ᠂ ᠲᠡᠷᠭᠡᠨ ᠳᠤ ᠰᠠᠭᠤᠭᠴᠢ᠂ ᠮᠠᠰᠢᠨᠲᠤ ᠪᠤᠰᠤ ᠲᠡᠷᠭᠡᠨ ᠤ ᠵᠢᠯᠣᠭᠤᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠳᠠᠬᠢ ᠵᠠᠮ ᠨᠡᠪᠲᠡᠷᠡᠯᠭᠡ ᠶᠢᠨ ᠲᠤᠬᠠᠶ ᠲᠣᠭᠲᠠᠭᠠᠯ ᠢ ᠵᠥᠷᠢᠴᠡᠭᠰᠡᠨ ᠪᠠᠶᠢᠪᠠᠯ᠂ ᠳᠣᠩᠭᠤᠳᠬᠤ ᠪᠤᠶᠤ ᠲᠠᠪᠤᠨ ᠲᠥᠭᠦᠷᠢᠭ ᠠᠴᠠ ᠳᠡᠭᠡᠭᠰᠢ ᠲᠠᠪᠢᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠮᠠᠰᠢᠨᠲᠤ ᠪᠤᠰᠤ ᠲᠡᠷᠭᠡᠨ ᠤ ᠵᠢᠯᠣᠭᠤᠴᠢ ᠵᠣᠭᠤᠰ ᠢᠶᠠᠷ ᠲᠣᠷᠭᠠᠬᠤ ᠶᠢ ᠲᠡᠪᠴᠢᠪᠡᠯ᠂ ᠮᠠᠰᠢᠨᠲᠤ ᠪᠤᠰᠤ ᠲᠡᠷᠭᠡ ᠶᠢ ᠨᠢ ᠦᠯᠡᠳᠡᠭᠡᠨ ᠠᠪᠴᠤ ᠪᠣᠯᠤᠨ᠎ᠠ᠃      ︵ᠬᠤᠶᠠᠷ︶ ᠴᠡᠭᠴᠡᠯᠡᠨ ᠵᠠᠰᠠᠬᠤ ᠶᠠᠪᠤᠴᠠ ᠳᠤ᠂ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢᠨ ᠶᠣᠰᠣᠭᠠᠷ ᠰᠢᠳᠬᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠥᠷᠭᠡᠨ ᠤᠯᠠᠨ ᠬᠤᠳᠠ ᠶᠢᠨ ᠠᠷᠠᠳ ᠭᠠᠳᠠᠭᠰᠢ ᠶᠠᠪᠤᠬᠤ ᠳᠠᠭᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠲᠦᠷᠢᠮ ᠢ ᠴᠢᠩᠭ᠎ᠠ ᠵᠢᠷᠤᠮᠯᠠᠵᠤ᠂ ᠡᠭᠦᠷᠭᠡ ᠭᠦᠢᠴᠡᠳᠬᠡᠬᠦ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠮᠢᠶᠠᠷᠤᠯᠲᠠ ᠶᠢ ᠤᠬᠠᠮᠰᠠᠷ ᠠᠴᠠ ᠪᠠᠨ ᠲᠠᠭᠠᠵᠤ᠂ ᠠᠮᠤᠷ ᠲᠦᠪᠰᠢᠨ᠂ ᠰᠠᠭᠠᠳ ᠦᠭᠡᠢ᠂ ᠡᠮᠬᠢ ᠵᠢᠷᠤᠮ ᠲᠠᠢ᠂ ᠪᠣᠯᠪᠠᠰᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃      ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠤᠷᠢᠨᠭᠡᠷ ᠰᠢᠶᠠᠨ ᠤ ᠶᠡᠭᠡ ᠠᠩᠭᠢ      2023 ᠣᠨ ᠤ 5 ᠰᠠᠷ᠎ᠠ ᠶᠢᠨ 9 ᠤ ᠡᠳᠦᠷᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号