︵ᠰᠤᠷᠪᠤᠯᠵᠢᠯᠠᠭᠴᠢ ᠸᠠᠩ ᠵᠦᠩ ᠵᠸᠦ︶ ᠡᠨᠡ ᠵᠢᠯ ᠤᠨ 5 ᠳ᠋ᠤᠭᠠᠷ ᠰᠠᠷ᠎ᠠ ᠶᠢᠨ 12 ᠤᠨ ᠡᠳᠦᠷ ᠪᠣᠯ | 15 ᠳᠠᠬᠢ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠣᠨ᠎ᠠ᠂ ᠡᠨᠡ ᠵᠢᠯ ᠤᠨ | ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠨᠢ ︽ᠭᠠᠮᠰᠢᠭ ᠤᠨ ᠠᠶᠤᠯ | ᠲᠦᠭᠰᠢᠭᠦᠷᠢ ᠶᠢ ᠰᠡᠷᠭᠡᠶᠢᠯᠡᠵᠦ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠶ᠎ᠠ︾ ᠭᠡᠳᠡᠭ ᠢᠶᠠᠷ ᠭᠤᠣᠯ | ᠰᠡᠳᠦᠪ ᠪᠣᠯᠭᠠᠵᠠᠢ᠃ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠪᠥᠬᠦ | ᠲᠠᠯ᠎ᠠ ᠪᠠᠷ ᠣᠯᠠᠨ ᠠᠷᠭ᠎ᠠ ᠵᠠᠮ ᠢᠶᠠᠷ ᠣᠯᠠᠨ ᠲᠦᠮᠡᠨ ᠳᠤ ᠲᠦᠭᠡᠮᠡᠯᠵᠢᠭᠦᠯᠵᠦ᠂ ᠣᠯᠠᠨ ᠨᠡᠶᠢᠲᠡ ᠶᠢᠨ ᠭᠠᠵᠠᠷ | ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠠᠯ᠎ᠠ ᠪᠠᠷ ᠬᠢ ᠠᠩᠬᠠᠷᠤᠯ ᠤᠨ ᠬᠡᠮᠵᠢᠶ᠎ᠡ ᠪᠠ ᠣᠷᠣᠯᠴᠠᠬᠤ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 9 ᠤ ᠡᠳᠦᠷ ᠤᠨ | ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠠᠴᠠ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠲᠠᠢ ᠬᠠᠮᠲᠤᠷᠠᠨ ᠡᠷᠭᠢᠯᠡᠭᠰᠡᠨ 2023 ᠣᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠡᠳᠦᠷ ᠤᠨ ᠥᠪᠥᠷ ᠮᠣᠩᠭᠤᠯ ᠤᠨ ᠭᠤᠣᠯ ᠲᠠᠯᠠᠪᠤᠷ ᠤᠨ ᠠᠵᠢᠯᠯᠠᠭ᠎ᠠ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠣᠷᠳᠣᠨ ᠳᠤ ᠶᠠᠪᠤᠭᠳᠠᠪᠠ᠃ | ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ︽ | ᠤᠯᠤᠰ ᠤᠨ ᠲᠠᠰ ᠤᠨ ᠭᠠᠵᠠᠷ ᠬᠥᠳᠡᠯᠦᠯᠲᠡ ᠶᠢ ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ | ᠬᠥᠮᠦᠵᠢᠯ ᠤᠨ ᠰᠠᠭᠤᠷᠢᠨ ᠭᠠᠵᠠᠷ︾ ᠤᠨ ᠫᠠᠶᠢᠰᠠ ᠣᠯᠭᠤᠪᠠ᠃ ᠣᠶᠢᠯᠠᠭᠠᠭᠰᠠᠨ ᠢᠶᠠᠷ᠂ 2022 ᠣᠨ ᠳᠤ᠂ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤᠮᠳᠠᠳᠤ ᠤᠯᠤᠰ ᠤᠨ ᠭᠠᠵᠠᠷ | ᠬᠥᠳᠡᠯᠦᠯᠲᠡ ᠶᠢᠨ ᠲᠣᠪᠴᠢᠶ᠎ᠠ ᠶᠢᠨ ᠦᠨᠡᠯᠡᠯᠲᠡ ᠪᠠᠷ ᠳᠡᠮᠵᠢᠨ᠂ ︽ᠤᠯᠤᠰ ᠤᠨ ᠲᠠᠰ ᠤᠨ ᠭᠠᠵᠠᠷ ᠬᠥᠳᠡᠯᠦᠯᠲᠡ ᠶᠢ | ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ︾ ᠢᠶᠠᠷ | ᠦᠨᠡᠯᠡᠭᠳᠡᠵᠡᠢ᠃ ︽ᠭᠠᠵᠠᠷ ᠬᠥᠳᠡᠯᠦᠯᠲᠡ ᠶᠢ ᠤᠷᠢᠳᠴᠢᠯᠠᠨ ᠵᠢᠱᠢᠬᠦ ᠳᠤ ᠶᠠᠭᠠᠬᠢᠭᠠᠳ ᠡᠶᠢᠮᠦ ᠬᠦᠴᠢᠷ ᠪᠠᠶᠢᠳᠠᠭ ᠪᠣᠶ | ︾ ᠭᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠦᠴᠦᠭᠡ ᠶᠢ ᠲᠣᠭᠯᠠᠵᠤ᠂ ᠥᠪᠥᠷ ᠮᠣᠩᠭᠤᠯ ᠤᠨ ᠭᠠᠵᠠᠷ | ᠬᠥᠳᠡᠯᠦᠯᠲᠡ ᠶᠢᠨ ᠥᠷᠲᠡᠭᠡ ᠶᠢᠨ ᠳᠡᠭᠡᠳᠦ ᠵᠡᠷᠭᠡ ᠶᠢᠨ ᠢᠨᠵᠧᠨᠧᠷ ᠬᠤᠸ ᠮᠧᠢ ᠰᠢᠶᠠᠨ ︽ᠭᠠᠵᠠᠷ ᠬᠥᠳᠡᠯᠬᠦ ᠳᠤ | ᠥᠪᠡᠷ ᠢ ᠪᠠᠨ ᠬᠡᠷᠬᠢᠨ ᠬᠠᠮᠠᠭᠠᠯᠠᠬᠤ ᠶᠢ ᠴᠢ ᠮᠡᠳᠡᠨ᠎ᠡ ᠤᠤ︾ ᠭᠡᠬᠦ ᠮᠡᠲᠦ ᠶᠢᠨ ᠭᠠᠵᠠᠷ ᠬᠥᠳᠡᠯᠦᠯᠲᠡ ᠠᠴᠠ | ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠪᠡ᠃ | ᠵᠠᠯᠭᠠᠭᠠᠳ᠂ ᠮᠠᠨ ᠤ ᠣᠷᠣᠨ ᠪᠠᠶᠠᠯᠢᠭ ᠠᠭᠤᠯᠭ᠎ᠠ ᠲᠠᠢ ᠬᠥᠳᠡᠯᠭᠡᠭᠡᠨ ᠤ ᠬᠡᠯᠪᠡᠷᠢ ᠪᠠᠷ ᠳᠠᠮᠵᠢᠭᠤᠯᠤᠨ᠂ | ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠠᠷᠭ᠎ᠠ ᠮᠠᠶ᠋ᠢᠭ ᠢᠶᠠᠷ ᠳᠠᠮᠵᠢᠨ ᠨᠠᠩ ᠣᠯᠠᠨ ᠬᠦᠮᠦᠰ ᠤᠨ | ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠨᠢ ᠴᠢᠩᠭᠠᠷᠠᠭᠤᠯᠵᠤ᠂ ᠭᠠᠵᠠᠷ | ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠠᠬᠤ ᠬᠠᠷᠢᠯᠴᠠᠨ | ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | |