ᠴᠠᠭ ᠦᠶ᠎ᠡ ᠶᠢᠨ ᠳᠦᠷᠰᠦ ᠪᠠᠶᠢᠳᠠᠯ ᠢ ᠬᠠᠷᠠᠭᠤᠯᠤᠭᠰᠠᠨ᠂ ᠢᠯᠡ ᠲᠣᠳᠣ ᠣᠨᠴᠠᠯᠢᠭ ᠲᠠᠢ ︽ᠮᠦᠽᠧᠢ ᠶᠢᠨ ᠬᠤᠳᠠ︾  ᠶᠢ ᠴᠣᠭᠴᠠᠯᠠᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2023/5/11
     ᠪᠣᠣ ᠭᠠᠩ ᠮᠠᠨ ᠤ ᠬᠤᠲᠠ ᠶᠢᠨ ᠰᠣᠶᠣᠯ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ      ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 10 ᠤ ᠡᠳᠦᠷ᠂ ︽ᠳᠡᠯᠡᠬᠡᠢ ᠶᠢᠨ ᠮᠦᠽᠧᠢ ᠶᠢᠨ ᠡᠳᠦᠷ︾ ᠠᠴᠠ ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠮᠠᠨ ᠤ ᠬᠤᠳᠠ ᠶᠢᠨ ᠬᠡᠰᠡᠭ ᠮᠦᠽᠧᠢ ᠳᠤ ᠭᠦᠨᠵᠡᠭᠡᠶᠢᠷᠡᠵᠦ᠂ ᠰᠣᠶᠣᠯ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠬᠥᠬᠡᠬᠤᠲᠠ ᠶᠢᠨ ᠮᠦᠽᠧᠢ ᠂ ᠵᠠᠩᠵᠤᠨ ᠤ ᠶᠠᠮᠤᠨ ᠤ ᠮᠦᠽᠧᠢ᠂ ᠭᠦᠩᠵᠦ ᠶᠢᠨ ᠣᠷᠳᠣᠨ ᠤ ᠮᠦᠽᠧᠢ᠂ ᠲᠠᠪᠤᠨ ᠰᠤᠪᠤᠷᠭ᠎ᠠ ᠰᠦᠮ᠎ᠡ ᠶᠢᠨ ᠮᠦᠽᠧᠢ ᠳᠤ᠂ ᠪᠣᠣ ᠭᠠᠩ ᠳᠡᠯᠭᠡᠨ ᠦᠵᠡᠭᠦᠯᠬᠦ ᠵᠢᠷᠤᠭ ᠲᠥᠯᠥᠪᠯᠡᠭᠡ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠢᠴᠢ ᠵᠢᠭᠤᠯᠴᠢᠯᠠᠭᠴᠢᠳ ᠢ ᠬᠦᠯᠢᠶᠡᠨ ᠠᠪᠬᠤ᠂ ᠠᠵᠢᠯᠯᠠᠭ᠎ᠠ ᠥᠷᠨᠢᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠳᠠᠷᠠᠭᠠᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠪᠣᠣ ᠭᠠᠩ ᠵᠢᠭᠠᠵᠤ ᠭᠠᠷᠭᠠᠭᠰᠠᠨ ᠨᠢ᠂ ᠮᠦᠽᠧᠢ ᠨᠢ ᠲᠡᠦᠬᠡ ᠶᠢᠨ ᠬᠠᠳᠠᠭᠠᠯᠠᠭᠴᠢ ᠪᠠ ᠲᠡᠮᠳᠡᠭᠯᠡᠭᠴᠢ ᠪᠣᠯᠤᠭᠰᠠᠨ ᠤ ᠬᠤᠪᠢ ᠳᠤ᠂ ᠨᠢᠭᠡᠨ ᠬᠤᠳᠠ ᠶᠢᠨ ᠰᠣᠶᠣᠯ ᠤᠨ ᠪᠡᠯᠭᠡ ᠲᠡᠮᠳᠡᠭ ᠪᠣᠯᠵᠤ ᠪᠠᠶᠢᠳᠠᠭ᠂ ᠮᠥᠨᠴᠦ ᠥᠩᠭᠡᠷᠡᠭᠰᠡᠨ ᠤᠳᠤ ᠢᠷᠡᠭᠡᠳᠦᠢ ᠶᠢ ᠬᠤᠯᠪᠣᠭᠰᠠᠨ ᠬᠥᠭᠦᠷᠭᠡ ᠪᠣᠯᠵᠤ ᠪᠠᠶᠢᠳᠠᠭ᠃ ᠮᠠᠨ ᠤ ᠬᠤᠲᠠ ᠤᠳᠠᠭᠠᠨ ᠵᠢᠯ ᠤᠨ ᠲᠡᠦᠬᠡ ᠰᠣᠶᠣᠯ ᠲᠠᠢ᠂ ᠡᠯᠪᠡᠭ ᠳᠡᠯᠪᠡᠭ ᠰᠣᠶᠣᠯ ᠤᠨ ᠦᠵᠡᠰᠬᠦᠯᠡᠩ ᠤᠨ ᠡᠬᠢ ᠪᠠᠶᠠᠯᠢᠭ ᠲᠠᠢ ᠶᠤᠮ᠂ ᠰᠣᠶᠣᠯ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠴᠠᠭ ᠦᠶ᠎ᠡ ᠶᠢᠨ ᠳᠦᠷᠰᠦ ᠪᠠᠶᠢᠳᠠᠯ ᠢ ᠬᠠᠷᠠᠭᠤᠯᠤᠭᠰᠠᠨ᠂ ᠢᠯᠡ ᠲᠣᠳᠣ ᠣᠨᠴᠠᠯᠢᠭ ᠲᠠᠢ ︽ᠮᠦᠽᠧᠢ ᠶᠢᠨ ᠬᠤᠲᠠ︾ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠵᠦᠢ ᠵᠣᠬᠢᠰᠲᠠᠢ ᠪᠠᠶᠢᠷᠢᠰᠢᠭᠤᠯᠵᠤ᠂ ᠬᠤᠳᠠ ᠶᠢᠨ ᠮᠦᠽᠧᠢ ᠶᠢᠨ ᠬᠤᠯᠪᠣᠭ᠎ᠠ ᠶᠢ ᠲᠦᠷᠭᠡᠨ ᠪᠠᠶᠢᠭᠤᠯᠵᠤ᠂ ᠡᠯ᠎ᠡ ᠱᠠᠲᠤᠨ ᠤ ᠰᠣᠶᠣᠯ ᠦᠵᠡᠰᠬᠦᠯᠡᠩ ᠤᠨ ᠡᠬᠢ ᠪᠠᠶᠠᠯᠢᠭ ᠢ ᠨᠡᠩ ᠨᠢᠭᠡᠳᠦᠯᠲᠡᠢ ᠰᠠᠶᠢᠬᠠᠨ ᠲᠥᠯᠥᠪᠵᠢᠭᠦᠯᠵᠦ᠂ ᠬᠠᠮᠵᠢᠯᠴᠠᠨ ᠬᠠᠮᠲᠤᠷᠠᠯᠴᠠᠬᠤ ᠪᠠ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠬᠤ ᠬᠡᠷᠡᠭᠲᠡᠢ᠃ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠠᠮᠢᠯᠠᠭᠤᠯᠤᠨ ᠰᠠᠶᠢᠲᠤᠷ ᠬᠡᠷᠡᠭᠯᠡᠵᠦ᠂ ᠡᠯ᠎ᠡ ᠮᠦᠽᠧᠢ ᠶᠢᠨ ᠠᠳᠠᠯᠢ ᠪᠤᠰᠤ ᠪᠠᠶᠢᠷᠢ ᠲᠣᠭᠲᠠᠭᠠᠯᠲᠠ ᠶᠢ ᠦᠨᠳᠦᠰᠦᠯᠡᠨ ᠳᠡᠯᠭᠡᠨ ᠦᠵᠡᠭᠦᠯᠬᠦ ᠠᠭᠤᠯᠭ᠎ᠠ ᠶᠢ ᠪᠠᠶᠠᠯᠢᠭᠵᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠰᠣᠶᠣᠯ ᠦᠵᠡᠰᠬᠦᠯᠡᠩ ᠤᠨ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠤᠯᠪᠣᠵᠤ᠂ ᠰᠣᠶᠣᠯ ᠦᠵᠡᠰᠬᠦᠯᠡᠩ ᠤᠨ ᠲᠠᠯᠠᠪᠤᠷ ᠣᠷᠳᠣᠨ ᠢ ᠬᠡᠷᠡᠭᠯᠡᠵᠦ᠂ ᠰᠣᠶᠣᠯ ᠵᠢᠭᠤᠯᠴᠢᠯᠠᠯ ᠤᠨ ᠵᠠᠮ ᠱᠤᠭᠤᠮ ᠪᠣᠯᠣᠨ ᠣᠨᠴᠠᠯᠢᠭᠲᠤ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠲᠥᠰᠥᠪᠯᠡᠵᠦ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ︽ᠠᠮᠢᠯᠠᠭᠤᠯᠬᠤ︾ ᠬᠡᠷᠡᠭᠲᠡᠢ᠃ ᠪᠠᠶᠢᠭᠤᠯᠤᠮᠵᠢ ᠲᠣᠭᠲᠠᠴᠠ ᠳᠤ ᠰᠢᠨ᠎ᠡ ᠶᠢ ᠡᠭᠦᠳᠴᠦ᠂ ᠰᠣᠶᠣᠯ ᠦᠵᠡᠰᠬᠦᠯᠡᠩ ᠤᠨ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠰᠣᠶᠣᠯ ᠦᠵᠡᠰᠬᠦᠯᠡᠩ ᠤᠨ ᠲᠠᠯᠠᠪᠤᠷ ᠣᠷᠳᠣᠨ ᠤ ᠬᠠᠮᠢᠶᠠᠷᠤᠯᠲᠠ ᠬᠢᠨᠠᠨ ᠰᠢᠯᠭᠠᠯᠲᠠ ᠶᠢ ᠴᠢᠩᠭᠠᠳᠬᠠᠵᠤ᠂ ᠰᠣᠶᠣᠯ ᠦᠵᠡᠰᠬᠦᠯᠡᠩ ᠤᠨ ᠰᠢᠰᠲ᠋ᠧᠮ ᠤᠨ ᠤᠳᠤᠷᠢᠳᠬᠤ ᠪᠠᠭ ᠢ ᠢᠳᠡᠷᠡᠭᠦᠨ ᠲᠣᠬᠢᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠢ ᠮᠡᠷᠭᠡᠵᠢᠯ ᠤᠨ ᠰᠣᠶᠣᠯ ᠦᠵᠡᠰᠬᠦᠯᠡᠩ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠬᠡᠷᠡᠭᠲᠡᠢ᠃ ᠬᠠᠤᠯᠢᠵᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠣᠷᠣᠨ ᠤ ᠲᠥᠪ ᠤᠨ ᠰᠣᠶᠣᠯ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠦᠷᠢᠮ ᠪᠣᠯᠣᠨ ᠲᠡᠳᠬᠦᠬᠦ ᠲᠦᠷᠦ ᠶᠢᠨ ᠪᠣᠳᠣᠯᠭ᠎ᠠ ᠶᠢ ᠨᠡᠶᠢᠲᠡᠯᠡᠬᠦ ᠬᠡᠷᠡᠭᠲᠡᠢ᠃ ᠮᠦᠽᠧᠢ ᠶᠢᠨ ᠬᠤᠭᠤᠷᠣᠨᠳᠣᠬᠢ ᠰᠣᠯᠢᠯᠴᠠᠭ᠎ᠠ ᠪᠠᠨ ᠴᠢᠩᠭᠠᠳᠬᠠᠵᠤ᠂ ᠬᠠᠭᠠᠨ ᠤ ᠣᠷᠳᠣᠨ ᠤ ᠮᠦᠽᠧᠢ ᠵᠡᠷᠭᠡ ᠰᠣᠶᠣᠯ ᠦᠵᠡᠰᠬᠦᠯᠡᠩ ᠤᠨ ᠲᠠᠯᠠᠪᠤᠷ ᠣᠷᠳᠣᠨ  ᠯᠤᠭ᠎ᠠ ᠶᠢᠨ ᠨᠢᠭᠲᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠭᠤᠣᠯ ᠰᠡᠳᠦᠪᠲᠦ ᠦᠵᠡᠰᠬᠦᠯᠡᠩ ᠢ ᠰᠠᠶᠢᠲᠤᠷ ᠡᠷᠬᠢᠯᠡᠵᠦ᠂ ᠣᠷᠣᠨ ᠤ ᠲᠥᠪ ᠤᠨ ᠬᠤᠳᠠ ᠶᠢᠨ ᠰᠣᠶᠣᠯ ᠤᠨ ᠠᠭᠤᠯᠤᠭᠳᠠᠬᠤᠨ ᠢ ᠨᠡᠩ ᠰᠠᠶᠢᠨ ᠳᠡᠯᠭᠡᠨ ᠦᠵᠡᠭᠦᠯᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠰᠢᠨ ᠨᠠ᠂ ᠵᠠᠩ ᠵᠢᠢ ᠹᠧᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号