︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 10 ᠤ ᠡᠳᠦᠷ᠂ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠶᠢᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠪᠡᠳᠴᠢᠲᠡᠨ ᠤ ᠡᠮᠴᠢᠯᠡᠭᠡᠨ ᠤ | ᠵᠠᠷᠤᠳᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠶᠢᠨ ᠵᠢᠷᠤᠭ ᠳᠦᠷᠰᠦ ᠶᠢᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠵᠦᠢᠯ ᠤᠨ ᠦᠨ᠎ᠡ | ᠬᠠᠩᠰᠢ ᠶᠢ ᠵᠢᠷᠤᠮᠵᠢᠭᠤᠯᠤᠨ ᠲᠣᠬᠢᠷᠠᠭᠤᠯᠬᠤ ᠲᠤᠬᠠᠢ ᠬᠠᠮᠢᠶ᠎ᠠ ᠪᠦᠬᠦᠢ ᠠᠵᠢᠯ ᠢ ᠢᠳᠡᠪᠬᠢᠲᠡᠢ ᠨᠠᠶᠢᠳᠠᠪᠤᠷᠢᠵᠢᠭᠤᠯᠵᠤ᠂ | ᠡᠩ ᠤᠨ ᠡᠮᠴᠢᠯᠡᠭᠡᠨ ᠤ ᠦᠢᠯᠡᠴᠢᠯᠡᠭᠡ᠂ ᠵᠢᠷᠤᠭ ᠳᠦᠷᠰᠦ ᠶᠢᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ | ᠵᠦᠢᠯ ᠤᠨ 206 ᠵᠦᠢᠯ ᠳᠤ ᠲᠣᠬᠢᠷᠠᠭᠤᠯᠤᠯᠲᠠ ᠬᠢᠬᠦ ᠶᠢᠨ ᠬᠠᠮᠲᠤ 161 ᠵᠦᠢᠯ ᠢ ᠥᠷᠭᠡᠳᠬᠡᠨ | ᠲᠣᠬᠢᠷᠠᠭᠤᠯᠤᠯᠲᠠ ᠬᠢᠪᠡ᠃ | ᠣᠶᠢᠯᠠᠭᠠᠭᠰᠠᠨ ᠢᠶᠠᠷ᠂ ᠡᠭᠦᠨ ᠳᠤ X ᠰᠠᠴᠤᠷᠠᠭ᠂ CT᠂ ᠰᠣᠷᠢᠨᠵᠢᠨ ᠳᠠᠷᠪᠢᠯᠲᠠ ᠶᠢᠨ | ᠴᠢᠩᠭᠠᠷᠠᠭᠤᠯᠤᠭᠰᠠᠨ ᠳᠦᠷᠰᠦ ᠪᠦᠲᠦᠭᠡᠬᠦ ᠵᠡᠷᠭᠡ ᠠᠨᠠᠭᠠᠬᠤ ᠤᠬᠠᠭᠠᠨ ᠤ ᠵᠢᠷᠤᠭ ᠳᠦᠷᠰᠦ ᠶᠢᠨ ᠦᠢᠯᠡᠴᠢᠯᠡᠭᠡᠨ ᠤ | ᠦᠨ᠎ᠡ ᠨᠡᠯᠢᠶᠡᠳ ᠶᠡᠭᠡ ᠬᠡᠮᠵᠢᠶ᠎ᠡ ᠪᠠᠷ ᠪᠠᠭᠤᠷᠠᠪᠠ᠂ ᠵᠢᠱᠢᠶᠡᠯᠡᠪᠡᠯ ᠭᠤᠷᠪᠠᠳᠤᠭᠠᠷ ᠳᠡᠰ ᠤᠨ ᠡᠮᠴᠢᠯᠡᠭᠡᠨ ᠤ | ᠪᠠᠶᠢᠭᠤᠯᠤᠮᠵᠢ ᠶᠢᠨ ᠴᠡᠭᠡᠵᠢᠨ ᠬᠡᠰᠡᠭ ᠤᠨ X ᠰᠠᠴᠤᠷᠠᠭ ᠤᠨ ᠦᠨ᠎ᠡ ᠶᠢ 35 ᠲᠥᠭᠦᠷᠢᠭ ᠪᠠᠶᠢᠭᠰᠠᠨ ᠠᠴᠠ 25 | ᠲᠥᠭᠦᠷᠢᠭ ᠪᠣᠯᠭᠠᠨ ᠲᠣᠬᠢᠷᠠᠭᠤᠯᠪᠠ︔ ᠲᠣᠯᠣᠭᠠᠢ ᠶᠢᠨX ᠰᠠᠴᠤᠷᠠᠭ ᠤᠨ ᠺᠣᠮᠫᠢᠦ᠋ᠲ᠋ᠧᠷ ᠤᠨ ᠳᠠᠪᠬᠤᠷᠭ᠎ᠠ ︵CT︶ | ᠶᠢᠨ ᠲᠡᠭᠰᠢ ᠰᠢᠷᠪᠢᠯᠲᠡ ᠶᠢᠨ ᠦᠨ᠎ᠡ ᠶᠢ 260 ᠲᠥᠭᠦᠷᠢᠭ ᠪᠠᠶᠢᠭᠰᠠᠨ ᠠᠴᠠ 200 ᠲᠥᠭᠦᠷᠢᠭ ᠪᠣᠯᠭᠠᠨ | ᠲᠣᠬᠢᠷᠠᠭᠤᠯᠪᠠ︔ ᠪᠦᠬᠦ ᠨᠢᠷᠤᠭᠤᠨ ᠤ X ᠰᠠᠴᠤᠷᠠᠭ ᠤᠨ ᠺᠣᠮᠫᠢᠦ᠋ᠲ᠋ᠧᠷ ᠤᠨ ᠳᠠᠪᠬᠤᠷᠭ᠎ᠠ ︵CT︶ ᠶᠢᠨ | ᠴᠢᠩᠭᠠᠷᠠᠭᠤᠯᠤᠭᠰᠠᠨ ᠰᠢᠷᠪᠢᠯᠲᠡ ᠶᠢᠨ ᠦᠨ᠎ᠡ ᠶᠢ 1500 ᠲᠥᠭᠦᠷᠢᠭ ᠪᠠᠶᠢᠭᠰᠠᠨ ᠠᠴᠠ 1125 ᠲᠥᠭᠦᠷᠢᠭ | ᠪᠣᠯᠭᠠᠨ ᠲᠣᠬᠢᠷᠠᠭᠤᠯᠪᠠ︔ ᠲᠢᠲᠢᠮ ᠰᠤᠳᠠᠯ ᠤᠨ ᠰᠣᠷᠢᠨᠵᠢᠨ ᠳᠠᠷᠪᠢᠯᠲᠠ ᠪᠠᠷ ᠳᠦᠷᠰᠦ ᠪᠦᠲᠦᠭᠡᠬᠦ ᠦᠨ᠎ᠡ ᠶᠢ | 920 ᠲᠥᠭᠦᠷᠢᠭ ᠪᠠᠶᠢᠭᠰᠠᠨ ᠠᠴᠠ 708 ᠲᠥᠭᠦᠷᠢᠭ ᠪᠣᠯᠭᠠᠨ ᠲᠣᠬᠢᠷᠠᠭᠤᠯᠪᠠ᠃ ᠲᠣᠰ ᠤᠳᠠᠭᠠᠨ ᠤ | ᠲᠣᠬᠢᠷᠠᠭᠤᠯᠤᠯᠲᠠ ᠨᠢ ᠡᠪᠡᠳᠴᠢᠲᠡᠨ ᠤ ᠪᠠᠶᠢᠴᠠᠭᠠᠯᠲᠠ ᠶᠢᠨ ᠵᠠᠷᠤᠳᠠᠯ ᠢ ᠶᠡᠭᠡ ᠬᠡᠮᠵᠢᠶ᠎ᠡ ᠪᠠᠷ ᠪᠠᠭᠤᠷᠠᠭᠤᠯᠵᠤ᠂ | ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠪᠡ᠃ | | |