ᠬᠤᠶᠠᠷ ᠵᠢᠯ ᠤᠨ ᠴᠠᠯᠢᠩ ᠤᠨ ᠮᠥᠩᠭᠦ ᠪᠠᠨ ᠪᠤᠴᠠᠭᠠᠵᠤ ᠠᠪᠤᠭᠠᠳ ᠬᠡᠬᠦᠳᠡᠭ ᠳᠦᠭᠦᠷᠲᠡᠯ᠎ᠡ ᠪᠠᠶᠠᠷᠯᠠᠵᠤ ᠬᠡᠮᠡᠷᠯᠢᠭ ᠲᠤᠭ ᠬᠦᠷᠭᠡᠵᠦ ᠪᠠᠶᠢᠨ᠎ᠠ
ᠨᠡᠶᠢᠲᠡᠯᠡᠭᠰᠡᠨ ᠴᠠᠭ᠄
2023/5/11
     5 ᠰᠠᠷ᠎ᠠ ᠶᠢᠨ 8 ᠤ ᠡᠳᠦᠷ᠂ ᠬᠥᠳᠡᠯᠮᠦᠷᠢ ᠶᠢᠨ ᠬᠥᠯᠥᠰᠥ ᠣᠯᠭᠤᠮᠵᠢ ᠶᠢ ᠨᠡᠬᠡᠮᠵᠢᠯᠡᠨ ᠠᠪᠬᠤ ᠵᠢᠭᠤᠷᠠᠯᠳᠤᠭᠠᠨ ᠤ ᠭᠤᠷᠪᠠᠨ ᠬᠡᠷᠡᠭ ᠤᠨ ᠲᠤᠬᠠᠶ ᠶᠢᠨ ᠬᠥᠮᠦᠨ ᠤ ᠲᠥᠯᠥᠭᠡᠯᠡᠭᠴᠢ ᠥᠪᠡᠷ ᠤᠨ ᠭᠠᠷ ᠢᠶᠠᠷ ᠢᠶᠠᠨ ︽ᠠᠷᠠᠳ ᠤᠨ ᠲᠥᠯᠥᠭᠡ ᠡᠶᠡᠳᠡᠭᠦᠯᠦᠨ ᠪᠤᠶᠠᠨ ᠦᠢᠯᠡᠳᠴᠦ᠂ ᠦᠨᠡᠨ ᠰᠡᠳᠬᠢᠯ ᠢᠶᠠᠷ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ︾ ᠭᠡᠰᠡᠨ ᠬᠡᠮᠡᠷᠯᠢᠭ ᠲᠤᠭ ᠢ ᠬᠤᠷᠢᠨᠭᠡᠷ ᠰᠢᠶᠠᠨ ᠤ ᠠᠷᠠᠳ ᠤᠨ ᠰᠢᠭᠦᠬᠦ ᠬᠤᠷᠢᠶᠠᠨ ᠳᠤ ᠬᠦᠷᠭᠡᠵᠡᠶ᠃ ᠣᠨᠴᠠ ᠤᠷᠢᠭᠰᠠᠨ ᠡᠶᠡᠳᠡᠭᠦᠯᠦᠭᠴᠢ ᠶᠦᠨ ᠬᠤᠢ ᠷᠦ᠋ ᠶᠢᠨ ᠨᠠᠷᠢᠨ ᠬᠢᠨᠠᠮᠠᠭᠠᠢ ᠡᠶᠡᠳᠡᠭᠦᠯᠦᠭᠰᠡᠨ ᠳᠤ ᠲᠠᠯᠠᠷᠬᠠᠵᠤ ᠪᠠᠶᠢᠬᠤ ᠰᠡᠳᠬᠢᠯᠭᠡ ᠪᠠᠨ ᠢᠯᠡᠳᠬᠡᠬᠦ ᠶᠢᠨ ᠬᠠᠮᠲᠤ᠄ ︽ᠬᠤᠷᠢᠨᠭᠡᠷ ᠰᠢᠶᠠᠨ ᠤ ᠠᠷᠠᠳ ᠤᠨ ᠰᠢᠭᠦᠬᠦ ᠬᠤᠷᠢᠶ᠎ᠠ ᠳᠤ ᠲᠠᠯᠠᠷᠬᠠᠵᠤ ᠪᠠᠶᠢᠨ᠎ᠠ᠂ ᠶᠦᠨ ᠬᠤᠢ ᠷᠦ᠋ ᠶᠢᠨ ᠡᠶᠡᠳᠡᠭᠦᠯᠭᠡ ᠳᠤ ᠲᠠᠯᠠᠷᠬᠠᠵᠤ ᠪᠠᠶᠢᠨ᠎ᠠ᠂ ᠪᠢᠳᠡᠨ ᠳᠤ ᠬᠤᠶᠠᠷ ᠵᠢᠯ ᠰᠢᠬᠠᠮ ᠥᠷᠢᠲᠦᠭᠰᠡᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠠᠮᠵᠢᠯᠲᠠ ᠲᠠᠢ ᠪᠤᠴᠠᠭᠠᠵᠤ ᠠᠪᠤᠭᠰᠠᠨ ᠳᠤ ᠲᠠᠯᠠᠷᠬᠠᠵᠤ ᠪᠠᠶᠢᠨ᠎ᠠ︾ ᠭᠡᠵᠦ ᠰᠡᠳᠬᠢᠯ ᠳᠣᠭᠳᠣᠯᠤᠨ ᠬᠡᠯᠡᠪᠡ᠃
     ᠬᠡᠷᠡᠭ ᠤᠨ ᠦᠨᠳᠦᠰᠦᠨ ᠪᠠᠶᠢᠳᠠᠯ ᠭᠤᠷᠪᠠᠨ ᠲᠤᠬᠠᠶ ᠶᠢᠨ ᠬᠥᠮᠦᠨ ᠱᠠᠨᠳᠦ᠋ᠩ ᠤᠨ ᠨᠢᠭᠡᠨ ᠠᠮᠤᠷ ᠢ ᠬᠠᠮᠠᠭᠠᠯᠠᠬᠤ ᠦᠢᠯᠡᠴᠢᠯᠡᠭᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ ᠳᠤ ᠠᠵᠢᠯᠯᠠᠵᠤ᠂ ᠠᠮᠤᠷ ᠢ ᠬᠠᠮᠠᠭᠠᠯᠠᠬᠤ ᠠᠵᠢᠯ ᠢ ᠬᠢᠵᠦ ᠥᠩᠭᠡᠷᠡᠵᠡᠶ᠃ ᠠᠵᠢᠯᠯᠠᠵᠤ ᠪᠠᠶᠢᠭ᠎ᠠ ᠬᠤᠭᠤᠴᠠᠭᠠᠨ ᠳᠤ ᠬᠤᠶᠠᠷ ᠡᠲᠡᠭᠡᠳ ᠢᠶᠠᠷ ᠢᠶᠠᠨ ᠰᠠᠷ᠎ᠠ ᠶᠢᠨ ᠴᠠᠯᠢᠩ ᠢ 3000 ᠲᠥᠭᠦᠷᠢᠭ ᠭᠡᠵᠦ ᠪᠣᠯᠵᠣᠨ ᠲᠣᠭᠲᠠᠵᠠᠶ᠃ ᠭᠤᠷᠪᠠᠨ ᠲᠤᠬᠠᠶ ᠶᠢᠨ ᠬᠥᠮᠦᠨ ᠲᠤᠰ ᠲᠤᠰ ᠨᠢᠭᠡ ᠰᠠᠷ᠎ᠠ᠂ ᠬᠤᠶᠠᠷ ᠰᠠᠷ᠎ᠠ ᠬᠠᠭᠠᠰ ᠪᠠ ᠭᠤᠷᠪᠠᠨ ᠰᠠᠷ᠎ᠠ ᠶᠢᠨ ᠦᠶ᠎ᠡ ᠳᠤ ᠠᠮᠤᠷ ᠢ ᠬᠠᠮᠠᠭᠠᠯᠠᠬᠤ ᠺᠣᠮᠫᠠᠨᠢ ᠶᠢᠨ ᠠᠵᠢᠯ ᠠᠴᠠ ᠨᠢ ᠵᠣᠭᠰᠣᠭᠠᠬᠤ ᠮᠡᠳᠡᠭᠳᠡᠯ ᠢ ᠣᠯᠤᠭᠰᠠᠨ ᠪᠥᠭᠡᠳ ᠭᠤᠷᠪᠠᠨ ᠬᠥᠮᠦᠨ ᠲᠠᠢ ᠬᠥᠳᠡᠯᠮᠦᠷᠢ ᠶᠢᠨ ᠭᠡᠷ᠎ᠡ ᠪᠠᠨ ᠴᠤᠴᠠᠯᠤᠭᠰᠠᠨ ᠪᠣᠯᠪᠠᠴᠤ ᠭᠤᠷᠪᠠᠨ ᠬᠥᠮᠦᠨ ᠤ ᠠᠵᠢᠯ ᠤᠨ ᠪᠠᠶᠢᠷᠢ ᠳᠤ ᠪᠠᠶᠢᠬᠤ ᠬᠤᠭᠤᠴᠠᠭᠠᠨ ᠳᠠᠬᠢ ᠴᠠᠯᠢᠩ ᠵᠢᠴᠢ ᠴᠠᠭ ᠨᠡᠮᠡᠵᠦ ᠠᠵᠢᠯᠯᠠᠭᠰᠠᠨ ᠮᠥᠩᠭᠦ ᠶᠢ ᠥᠭᠭᠦᠭᠰᠡᠨ ᠦᠭᠡᠢ᠃ ᠭᠤᠷᠪᠠᠭᠤᠯᠠ ᠪᠠᠨ ᠣᠯᠠᠨ ᠤᠳᠠᠭ᠎ᠠ ᠭᠤᠶᠤᠭᠠᠳ ᠦᠷ᠎ᠡ ᠳ᠋ᠦᠩ ᠭᠠᠷᠤᠭᠰᠠᠨ ᠦᠭᠡᠶ ᠲᠤᠯᠠ ᠠᠷᠭ᠎ᠠ ᠪᠤᠰᠤ ᠵᠠᠭᠠᠯᠳᠤᠯᠭ᠎ᠠ ᠭᠠᠷᠭᠠᠵᠠᠶ᠃
     ᠲᠣᠰ ᠬᠡᠷᠡᠭ ᠤᠨ ᠪᠣᠳᠠᠲᠤ ᠶᠠᠪᠤᠳᠠᠯ ᠨᠢ ᠲᠣᠳᠣᠷᠬᠠᠶ᠂ ᠡᠷᠬᠡ ᠡᠭᠦᠷᠭᠡ ᠶᠢᠨ ᠬᠠᠷᠢᠴᠠᠭ᠎ᠠ ᠨᠢ ᠲᠣᠳᠣᠷᠬᠠᠶ ᠤᠴᠢᠷ ᠠᠴᠠ ᠲᠤᠬᠠᠶ ᠶᠢᠨ ᠬᠥᠮᠦᠨ ᠤ ᠵᠠᠷᠭᠤᠯᠳᠤᠬᠤ ᠴᠠᠭ ᠤᠨ ᠬᠢᠵᠠᠭᠠᠷ ᠢ ᠪᠣᠭᠤᠨᠢᠰᠬᠠᠵᠤ᠂ ᠵᠢᠭᠤᠷᠠᠯᠳᠤᠭᠠᠨ ᠢ ᠰᠢᠢᠳᠪᠦᠷᠢᠯᠡᠬᠦ ᠥᠪᠡᠷ ᠤᠨ ᠥᠷᠲᠡᠭ ᠢ ᠠᠷᠪᠢᠯᠠᠬᠤ ᠶᠢᠨ ᠲᠥᠯᠥᠭᠡ᠂ ᠬᠤᠷᠢᠨᠭᠡᠷ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠤ ᠲᠥᠪ ᠠᠴᠠ ᠵᠠᠷᠭᠤᠯᠳᠤᠬᠤ ᠠᠴᠠ ᠡᠮᠦᠨ᠎ᠡ ᠡᠶᠡᠳᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠵᠢᠭᠤᠷᠠᠯᠳᠤᠭᠠᠨ ᠢ ᠰᠢᠢᠳᠪᠦᠷᠢᠯᠡᠬᠦ ᠪᠠᠷ ᠲᠣᠭᠲᠠᠪᠠ᠃ ᠬᠡᠷᠡᠭ ᠢ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠵᠢᠷᠤᠮ ᠳᠤ ᠤᠷᠤᠭᠰᠠᠨ ᠤ ᠲᠠᠷᠠᠭ᠎ᠠ᠂ ᠡᠶᠡᠳᠡᠭᠦᠯᠦᠭᠴᠢ ᠪᠣᠳᠠᠲᠤ ᠶᠠᠪᠤᠳᠠᠯ ᠢ ᠪᠠᠶᠢᠴᠠᠭᠠᠨ ᠲᠤᠳᠤᠯᠠᠵᠤ᠂ ᠬᠠᠷᠢᠭᠤᠴᠠᠯᠭ᠎ᠠ ᠶᠢ ᠢᠯᠭᠠᠨ ᠲᠤᠳᠤᠯᠠᠭᠰᠠᠨ ᠰᠠᠭᠤᠷᠢᠨ ᠳᠡᠭᠡᠷ᠎ᠡ᠂ ︽ᠬᠠᠤᠯᠢ ᠶᠢ ᠲᠣᠳᠣᠷᠬᠠᠶᠢᠯᠠᠵᠤ᠂ ᠪᠠᠶᠢᠳᠠᠯ ᠢ ᠤᠢᠢᠯᠠᠭᠠᠨ᠂ ᠶᠣᠰᠣ ᠤᠴᠢᠷ ᠢ ᠮᠡᠳᠡᠬᠦ︾ ᠪᠠᠷ ᠳᠠᠮᠵᠢᠭᠤᠯᠤᠨ᠂ ᠠᠮᠤᠷ ᠢ ᠬᠠᠮᠠᠭᠠᠯᠠᠬᠤ ᠺᠣᠮᠫᠠᠨᠢ ᠶᠢᠨ ᠬᠠᠷᠢᠭᠤᠴᠠᠯᠭᠠᠲᠠᠨ ᠳᠤ ᠬᠥᠲᠥᠯᠥᠨ ᠵᠢᠯᠣᠭᠤᠳᠬᠤ ᠠᠵᠢᠯ ᠢ ᠬᠦᠯᠢᠴᠡᠩᠭᠦᠶ᠂ ᠨᠠᠷᠢᠨ ᠨᠢᠮᠪᠠᠶ ᠥᠷᠨᠢᠭᠦᠯᠵᠡᠶ᠃ ᠡᠴᠦᠰ ᠲᠤ᠂ ᠡᠶᠡᠳᠡᠭᠦᠯᠦᠭᠴᠢ ᠶᠢᠨ ᠪᠥᠬᠦ ᠬᠦᠴᠦᠨ ᠤ ᠡᠶᠡᠳᠡᠭᠦᠯᠭᠡ ᠪᠠᠷ ᠠᠮᠤᠷ ᠢ ᠬᠠᠮᠠᠭᠠᠯᠠᠬᠤ ᠺᠣᠮᠫᠠᠨᠢ ᠠᠴᠠ ᠦᠯᠡᠳᠡᠭᠰᠡᠨ ᠬᠥᠳᠡᠯᠮᠦᠷᠢ ᠦᠢᠯᠡᠴᠢᠯᠡᠭᠡᠨ ᠤ ᠴᠠᠯᠢᠩ ᠢ ᠥᠭᠭᠦᠭᠰᠡᠨ ᠪᠠᠶᠢᠨ᠎ᠠ᠃ ᠢᠩᠭᠢᠭᠡᠳ ᠲᠤᠰ ᠵᠢᠭᠤᠷᠠᠯᠳᠤᠭᠠᠨ ᠢ ᠠᠮᠵᠢᠯᠲᠠ ᠲᠠᠢ ᠪᠠᠷ ᠰᠢᠢᠳᠪᠦᠷᠢᠯᠡᠪᠡ᠃      ᠬᠡᠮᠡᠷᠯᠢᠭ ᠲᠤᠭ ᠨᠢ ᠪᠠᠭ᠎ᠠ᠂ ᠦᠭᠡ ᠨᠢ ᠠᠪᠰᠠᠷᠬᠠᠨ ᠪᠣᠯᠪᠠᠴᠤ ᠰᠢᠭᠦᠬᠦ ᠬᠤᠷᠢᠶᠠᠨ ᠤ ᠵᠠᠭᠠᠯᠳᠤᠯᠭ᠎ᠠ ᠠᠴᠠ ᠡᠮᠦᠨᠡᠬᠢ ᠡᠶᠡᠳᠡᠭᠦᠯᠬᠦ ᠠᠵᠢᠯ ᠤᠨ ᠲᠤᠬᠠᠶ ᠣᠯᠠᠨ ᠲᠦᠮᠡᠨ ᠤ ᠢᠲᠡᠭᠡᠯ ᠢ ᠲᠥᠯᠥᠭᠡᠯᠡᠵᠦ ᠪᠠᠶᠢᠳᠠᠭ᠃ ᠡᠶᠡᠳᠡᠭᠦᠯᠦᠭᠴᠢ ᠳᠤ ᠠᠪᠴᠤ ᠬᠡᠯᠡᠪᠡᠯ᠂ ᠡᠨᠡ ᠪᠣᠯ ᠨᠢᠭᠡᠨ ᠬᠦᠨᠳᠦ ᠡᠭᠦᠷᠭᠡ ᠬᠠᠷᠢᠭᠤᠴᠠᠯᠭ᠎ᠠ ᠮᠥᠨ᠂ ᠨᠠᠩ ᠴᠤ ᠠᠷᠠᠳ ᠤᠨ ᠠᠩᠬᠠᠨ ᠤ ᠦᠶ᠎ᠡ ᠶᠢᠨ ᠬᠠᠤᠯᠢ ᠪᠠᠷᠢᠬᠤ ᠠᠵᠢᠯ ᠢ ᠪᠠᠲᠤ ᠰᠠᠬᠢᠵᠤ ᠪᠠᠶᠢᠭ᠎ᠠ ᠶᠠᠪᠤᠳᠠᠯ ᠮᠥᠨ᠃ ᠳᠠᠷᠠᠭᠠᠴᠢ ᠶᠢᠨ ᠠᠯᠬᠤᠮ ᠳᠤ᠂ ᠬᠤᠷᠢᠨᠭᠡᠷ ᠰᠢᠶᠠᠨ ᠤ ᠠᠷᠠᠳ ᠤᠨ ᠰᠢᠭᠦᠬᠦ ᠬᠤᠷᠢᠶ᠎ᠠ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠤᠬᠠᠢ ᠶᠢᠨ ᠬᠥᠮᠦᠨ ᠳᠤ ᠨᠡᠩ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠠᠷᠠᠳ ᠤᠯᠠᠨ ᠳᠤ ᠥᠨᠳᠥᠷ ᠪᠦᠲᠦᠮᠵᠢᠲᠡᠢ᠂ ᠳᠥᠭᠦᠮ ᠳᠥᠲᠡ ᠪᠥᠭᠡᠳ ᠡᠶᠡᠯᠳᠡᠭ ᠵᠥᠭᠡᠯᠡᠨ ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠩ ᠦᠨᠡᠨ ᠪᠣᠳᠠᠲᠠᠢ ᠬᠦᠷᠲᠡᠭᠡᠨ᠎ᠡ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号