ᠴᠠᠭᠠᠰᠤᠨ ᠬᠠᠶᠢᠴᠢᠯᠠᠮᠠᠯ ᠪᠣᠯ ᠳᠤᠮᠳᠠᠳᠤ ᠤᠯᠤᠰ ᠤᠨ ᠡᠷᠲᠡᠨ ᠤ ᠪᠥᠭᠡᠳ ᠤᠯᠠᠮᠵᠢᠯᠠᠯ ᠢᠶᠠᠷ ᠪᠠᠶᠠᠯᠢᠭ ᠤᠷᠠᠨ | ᠵᠢᠷᠤᠭ ᠤᠨ ᠬᠡᠯᠪᠡᠷᠢ ᠶᠤᠮ᠃ ᠪᠣᠳᠠᠰ ᠤᠨ ᠪᠤᠰᠤ ᠰᠣᠶᠣᠯ ᠤᠨ ᠥᠪ ᠤᠨ ᠨᠢᠭᠡ ᠨᠢ ᠪᠣᠯᠤᠨ᠎ᠠ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠶᠢᠨ ᠲᠤᠰᠠᠳᠠ᠂ 5 ᠰᠠᠷ᠎ᠠ ᠶᠢᠨ 9 ᠤ ᠡᠳᠦᠷ᠂ ᠴᠢ ᠫᠠᠨ ᠶᠢᠩ | ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠰᠤᠷᠤᠯᠭ᠎ᠠ ᠶᠢ | ᠲᠡᠳᠬᠦᠬᠦ ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠬᠤᠷᠢᠨᠭᠡᠷ ᠰᠢᠶᠠᠨ ᠤ | ᠭᠤᠷᠪᠠᠳᠤᠭᠠᠷ ᠬᠡᠤᠬᠡᠳ ᠤᠨ ᠴᠡᠴᠡᠷᠯᠢᠭ ᠲᠤ ︽ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠪᠠᠨ ᠰᠠᠶᠢᠲᠤᠷ | ᠲᠣᠪᠴᠢᠯᠠᠨ᠎ᠠ︾ ᠭᠡᠬᠦ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ — | ᠤᠷᠠᠨ ᠭᠠᠷ ᠢᠶᠠᠷ ᠴᠠᠭᠠᠰᠤᠨ ᠬᠠᠶᠢᠴᠢᠯᠠᠬᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠳᠤᠮᠳᠠ᠂ ᠰᠤᠷᠤᠯᠭ᠎ᠠ ᠶᠢ ᠲᠡᠳᠬᠦᠬᠦ ᠰᠤᠷᠭᠠᠨ ᠬᠥᠮᠦᠵᠢᠯ ᠢ ᠳᠡᠮᠵᠢᠬᠦ ᠦᠢᠯᠡᠴᠢᠯᠡᠭᠡᠨ ᠤ | ᠠᠩᠭᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠪᠢᠴᠢᠬᠠᠨ ᠨᠠᠶᠢᠵᠠ ᠨᠠᠷ ᠲᠤ ᠴᠠᠭᠠᠰᠤᠨ ᠬᠠᠶᠢᠴᠢᠯᠠᠮᠠᠯ ᠤᠨ | ᠦᠨᠳᠦᠰᠦᠨ ᠤᠬᠠᠭᠳᠠᠬᠤᠨ᠂ ᠠᠷᠭ᠎ᠠ ᠪᠠ ᠤᠷ᠎ᠠ ᠮᠡᠷᠭᠡᠵᠢᠯ ᠢ ᠨᠠᠷᠢᠨ ᠲᠠᠨᠢᠯᠴᠠᠭᠤᠯᠵᠠᠶ᠃ ᠨᠤᠭᠤᠯᠬᠤ᠂ ᠬᠠᠶᠢᠴᠢᠯᠠᠬᠤ | ᠬᠤᠶᠠᠷ ᠲᠠᠯ᠎ᠠ ᠠᠴᠠ ᠪᠢᠴᠢᠬᠠᠨ ᠨᠠᠶᠢᠵᠠ ᠨᠠᠷ ᠲᠤ ᠴᠠᠭᠠᠰᠤᠨ ᠬᠠᠶᠢᠴᠢᠯᠠᠮᠠᠯ ᠤᠨ ᠠᠯᠬᠤᠮ ᠳᠠᠷᠠᠭ᠎ᠠ ᠶᠢ ᠨᠠᠷᠢᠨ | ᠲᠣᠳᠣᠷᠬᠠᠶ ᠦᠵᠡᠭᠦᠯᠬᠦ ᠳᠤ᠂ ᠪᠢᠴᠢᠬᠠᠨ ᠨᠠᠶᠢᠵᠠ ᠨᠠᠷ ᠲᠠᠪ ᠲᠠᠪ ᠬᠢᠨ ᠶᠠᠭᠠᠷᠠᠨ ᠴᠠᠭᠠᠰᠤᠨ ᠬᠠᠶᠢᠴᠢᠯᠠᠮᠠᠯ ᠢ ᠡᠬᠢᠯᠡᠨ | ᠬᠢᠵᠦ᠂ ᠨᠢᠭᠡ ᠬᠠᠭᠤᠳᠠᠰᠤ ᠡᠩ ᠤᠨ ᠥᠩᠭᠡᠲᠦ ᠴᠠᠭᠠᠰᠤ ᠨᠢ ᠨᠢᠭᠡ ᠬᠤᠣᠰ ᠨᠢᠯᠬ᠎ᠠ ᠪᠢᠴᠢᠬᠠᠨ ᠭᠠᠷ ᠢᠶᠠᠷ ᠳᠡᠮᠵᠢᠨ᠂ | ᠤᠳᠠᠯ ᠥᠬᠡᠶ ᠤᠷᠠᠨ ᠨᠠᠷᠢᠯᠢᠭ ᠴᠠᠭᠠᠰᠤᠨ ᠬᠠᠶᠢᠴᠢᠯᠠᠮᠠᠯ ᠤᠨ ᠪᠦᠲᠦᠭᠡᠯ ᠪᠣᠯᠤᠨ ᠬᠤᠪᠢᠷᠠᠵᠤ᠂ ᠲᠤᠬᠠᠶ ᠶᠢᠨ | ᠲᠠᠯᠠᠪᠠᠶ ᠳᠤ ᠪᠠᠶᠠᠷ ᠬᠥᠷ ᠢᠶᠠᠷ ᠪᠢᠯᠬᠠᠵᠤ ᠪᠠᠶᠢᠯ᠎ᠠ᠃ | | | | | ᠲᠣᠰ ᠤᠳᠠᠭᠠᠨ ᠤ ᠠᠵᠢᠯᠯᠠᠭ᠎ᠠ ᠨᠢ ᠪᠢᠴᠢᠬᠠᠨ ᠨᠠᠶᠢᠵᠠ ᠨᠠᠷ ᠲᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ | ᠪᠠᠶᠠᠷ ᠪᠠᠭ᠋ᠠᠳᠤᠯ ᠢ ᠡᠳ᠋ᠯᠡᠭᠦᠯᠦᠭᠰᠡᠨ ᠪᠠᠶᠢᠨ᠎ᠠ᠂ ᠲᠠᠷᠠᠭᠠᠴᠢ ᠶᠢᠨ ᠠᠯᠬᠤᠮ ᠳᠤ ᠴᠢ ᠫᠠᠨ ᠶᠢᠩ ᠨᠡᠶᠢᠭᠡᠮ | ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠰᠤᠷᠤᠯᠭ᠎ᠠ ᠶᠢ ᠲᠡᠳᠬᠦᠬᠦ | ᠰᠤᠷᠭᠠᠨ ᠬᠥᠮᠦᠵᠢᠯ ᠢ ᠳᠡᠮᠵᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠯᠠᠮᠵᠢᠯᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ | ᠬᠠᠷᠢᠶᠠᠲᠤ ᠣᠷᠣᠨ ᠤ ᠪᠠᠨ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠣᠯᠪᠠᠰᠤᠷᠠᠯ ᠢ | ᠲᠠᠰᠤᠷᠠᠯᠲᠠ ᠥᠬᠡᠶ ᠳᠡᠭᠡᠭᠰᠢᠯᠡᠭᠦᠯᠬᠦ ᠪᠣᠯᠤᠨ᠎ᠠ᠃ | | | ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ |