ᠬᠤᠷᠢᠨᠭᠡᠷ ᠰᠢᠶᠠᠨ ᠬᠠᠪᠤᠷ ᠤᠨ ᠤᠯᠠᠷᠢᠯ ᠤᠨ ᠤᠢ ᠰᠢᠭᠤᠢ ᠪᠠ ᠲᠠᠯ᠎ᠠ ᠨᠤᠲᠤᠭ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2023/5/12
     ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠢ ᠴᠠᠭ ᠲᠤᠬᠠᠶ ᠳᠤᠨᠢ ᠪᠦᠲᠦᠮᠵᠢᠲᠡᠶ ᠥᠷᠨᠢᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠷᠢᠨᠭᠡᠷ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠷᠲᠡ ᠠᠴᠠ ᠪᠠᠶᠢᠷᠢᠯᠠᠭᠤᠯᠵᠤ ᠡᠷᠲᠡ ᠠᠴᠠ ᠪᠡᠯᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠵᠣᠬᠢᠶᠠᠨ ᠪᠠᠶᠢᠭᠤᠯᠵᠤ ᠵᠢᠯᠣᠭᠤᠳᠬᠤ ᠶᠢ ᠪᠣᠳᠠᠲᠠᠶᠢᠵᠢᠭᠤᠯᠵᠤ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠲᠠᠯ᠎ᠠ ᠨᠤᠲᠤᠭ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ ᠢᠳᠡᠪᠬᠢᠲᠡᠶ ᠪᠠᠷ ᠳᠥᠯᠭᠢᠨ ᠠᠬᠢᠭᠤᠯᠪᠠ᠃      4 ᠰᠠᠷ᠎ᠠ ᠶᠢᠨ ᠳᠤᠮᠳᠠᠴᠢ ᠠᠴᠠ ᠡᠬᠢᠯᠡᠨ᠂ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠨᠢ ᠶᠠᠩ ᠴᠢᠶᠦ᠋ᠨ ᠭᠸᠤ ᠰᠢᠶᠠᠩ᠂ ᠶᠡᠭᠡ ᠤᠯᠠᠭᠠᠨᠬᠤᠲᠠ ᠰᠢᠶᠠᠩ᠂ ᠴᠧᠩ ᠭᠤᠸᠠᠨ ᠪᠠᠯᠭᠠᠰᠤ᠂ ᠱᠧᠩ ᠯᠧ ᠪᠠᠯᠭᠠᠰᠤ᠂ ᠱᠧᠩ ᠯᠧ ᠠᠵᠤ ᠠᠬᠤᠶ ᠶᠢᠨ ᠬᠦᠷᠢᠶᠡᠯᠡᠩ ᠲᠣᠭᠤᠷᠢᠭ ᠵᠡᠷᠭᠡ ᠬᠤᠯᠤᠭᠠᠨ᠎ᠠ ᠶᠢᠨ ᠬᠥᠨᠥᠭᠡᠯ ᠠᠮᠠᠷᠬᠠᠨ ᠡᠭᠦᠰᠳᠡᠭ ᠵᠢᠭᠠᠷᠲᠤ ᠨᠠᠷᠠᠰᠤ ︵ᠲᠣᠰᠣᠯᠢᠭ ᠨᠠᠷᠠᠰᠤ︶ ᠣᠶᠢᠲᠤ ᠭᠠᠵᠠᠷ ᠪᠠ ᠡᠪᠡᠰᠦᠲᠦ ᠭᠠᠵᠠᠷ ᠤᠨ ᠲᠠᠪᠤᠨ ᠰᠢᠶᠠᠩ ︵ᠪᠠᠯᠭᠠᠰᠤ︶ ᠳᠤ ᠣᠶ ᠰᠢᠭᠤᠶ ᠪᠠ ᠲᠠᠯ᠎ᠠ ᠨᠤᠲᠤᠭ ᠤᠨ ᠬᠤᠯᠤᠭᠠᠨ᠎ᠠ ᠶᠢᠨ ᠬᠥᠨᠥᠭᠡᠯ ᠤᠨ ᠬᠤᠤᠷᠲᠤ ᠥᠭᠶᠥᠭᠡ ᠲᠠᠯᠪᠢᠬᠤ ᠪᠠ ᠰᠤᠮᠤ ᠬᠠᠷᠪᠤᠵᠤ ᠰᠡᠷᠭᠡᠶᠢᠯᠡᠨ ᠵᠠᠰᠠᠬᠤ ᠠᠵᠢᠯ ᠬᠢᠵᠡᠶ᠃      ᠣᠳᠣᠬᠠᠨ ᠳᠤ ᠬᠠᠪᠤᠷ ᠤᠨ ᠤᠯᠠᠷᠢᠯ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠲᠠᠯᠠᠪᠠᠶ ᠶᠢ 3.3 ᠲᠦᠮᠡᠨ ᠮᠥ ︵ᠡᠭᠦᠨ ᠳᠤ ᠣᠶ ᠰᠢᠭᠤᠶ ᠶᠢᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠲᠠᠯᠠᠪᠠᠶ ᠶᠢ 0.8 ᠲᠦᠮᠡᠨ ᠮᠥ᠂ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠲᠠᠯᠠᠪᠠᠶ ᠶᠢ 2.5 ᠲᠦᠮᠡᠨ ᠮᠥ︶ ᠪᠡᠶᠡᠯᠡᠭᠦᠯᠵᠦ᠂ ᠨᠡᠶᠢᠲᠡ 2.8 ᠲᠣᠨ ᠬᠤᠤᠷᠲᠤ ᠥᠭᠶᠥᠭᠡ ᠲᠠᠯᠪᠢᠵᠤ᠂ ᠡᠭᠦᠨ ᠳᠤ ᠠᠶᠤᠩᠭᠠᠲᠤ ᠮᠣᠳᠣᠨ ᠤ ᠮᠧᠲ᠋ᠢᠯ ᠡᠳ᠋ 1.2 ᠲᠣᠨ᠂ ᠳ᠋ᠢᠹᠤᠨ · ᠬᠦᠬᠦᠷ ᠬᠦᠴᠢᠯ ᠤᠨ ᠪᠡᠷᠢ 1.6 ᠲᠣᠨ ᠪᠠᠶᠢᠵᠤ᠂ ᠬᠤᠯᠤᠭᠠᠨ᠎ᠠ ᠶᠢ ᠤᠰᠠᠳᠬᠠᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠰᠡᠷᠡᠮᠵᠢ ᠶᠢᠨ ᠫᠠᠶᠢᠰᠠ 11 ᠶᠢ ᠲᠣᠬᠢᠷᠠᠭᠤᠯᠪᠠ᠃      ᠬᠤᠤᠷᠲᠤ ᠥᠭᠶᠥᠭᠡ ᠶᠢ ᠶᠡᠭᠡ ᠬᠡᠪᠴᠢᠶ᠎ᠡ ᠪᠠᠷ ᠲᠥᠪᠯᠡᠷᠡᠭᠦᠯᠦᠨ ᠲᠠᠯᠪᠢᠵᠤ ᠰᠡᠷᠭᠡᠶᠢᠯᠡᠨ ᠵᠠᠰᠠᠬᠤ ᠶᠢ ᠬᠡᠷᠡᠭᠵᠢᠭᠦᠯᠬᠦ ᠪᠠᠷ ᠳᠡᠮᠵᠢᠨ᠂ ᠬᠤᠯᠤᠭᠠᠨ᠎ᠠ ᠶᠢᠨ ᠬᠥᠨᠥᠭᠡᠯ ᠡᠭᠦᠰᠦᠭᠰᠡᠨ ᠵᠢᠭᠠᠷᠲᠤ ᠨᠠᠷᠠᠰᠤ ︵ᠲᠣᠰᠣᠲᠤ ᠨᠠᠷᠠᠰᠤ︶ ᠶᠢᠨ ᠣᠶᠢᠲᠤ ᠭᠠᠵᠠᠷ ᠪᠠ ᠡᠪᠡᠰᠦᠲᠦ ᠭᠠᠵᠠᠷ ᠤᠨ ᠬᠤᠯᠤᠭᠠᠨ᠎ᠠ ᠶᠢᠨ ᠬᠥᠨᠥᠭᠡᠯ ᠤᠨ ᠨᠢᠭᠲᠠᠴᠠ ᠶᠢ ᠶᠡᠭᠡ ᠪᠠᠷ ᠪᠠᠭᠤᠷᠠᠭᠤᠯᠵᠤ᠂ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠨᠢ ᠢᠯᠡᠷᠬᠡᠶ ᠪᠠᠶᠢᠵᠤ᠂ ᠣᠶ ᠰᠢᠭᠤᠶ ᠶᠢᠨ ᠠᠵᠤ ᠠᠬᠤᠶ ᠶᠢᠨ ᠬᠤᠬᠢᠷᠠᠯ ᠢ ᠪᠠᠭᠠᠰᠬᠠᠬᠤ᠂ ᠠᠮᠢ ᠠᠬᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠠᠮᠤᠷ ᠲᠦᠪᠰᠢᠨ ᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号