ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠨ ᠬᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/12
     ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠤᠷᠤᠭᠴᠢᠳ ᠤᠨ ᠢᠳᠡᠵᠦ ᠤᠤᠭᠤᠬᠤ ᠬᠤᠨᠣᠵᠤ ᠬᠡᠪᠲᠡᠬᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 8 ᠤ ᠡᠳᠦᠷ ᠪᠠ 9 ᠤ ᠡᠳᠦᠷ᠂ ᠬᠤᠷᠢᠨᠭᠡᠷ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠲᠠᠢ ᠬᠠᠮᠲᠤᠷᠠᠨ ᠴᠧᠩ ᠭᠤᠸᠠᠨ ᠪᠠᠯᠭᠠᠰᠤᠨ ᠤ ᠬᠠᠷᠢᠶ᠎ᠠ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃      ᠪᠠᠶᠢᠴᠠᠭᠠᠯᠲᠠ ᠶᠢᠨ ᠳᠤᠮᠳᠠ᠂ ᠪᠠᠶᠢᠴᠠᠭᠠᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠢᠳᠡᠭᠡᠨ ᠤᠮᠳᠠᠭᠠᠨ ᠤ ᠦᠢᠯᠡᠴᠢᠯᠡᠭᠡ ᠶᠢᠨ ᠪᠠᠶᠢᠳᠠᠯ᠂ ᠬᠤᠨᠤᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠣᠭᠤᠭᠠᠨ ᠬᠡᠷ ᠤᠨ ᠬᠤᠭ ᠨᠣᠪᠰᠢ ᠶᠢ ᠰᠢᠢᠳᠪᠦᠷᠢᠯᠡᠭᠰᠡᠨ ᠪᠠᠶᠢᠳᠠᠯ᠂ ᠭᠠᠯ ᠤᠨᠲᠠᠷᠠᠭᠠᠬᠤ ᠲᠥᠬᠦᠭᠡᠷᠦᠮᠵᠢ᠂ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠭᠡᠷᠡᠴᠢ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠤᠨ ᠪᠠᠶᠢᠳᠠᠯ ᠵᠡᠷᠭᠡ ᠶᠢᠨ ᠲᠣᠭᠤᠷᠢᠨ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠬᠢᠨᠠᠯᠲᠠ ᠲᠠᠯᠪᠢᠬᠤ ᠰᠠᠨᠠᠯ ᠪᠠᠭᠤᠯᠭᠠᠵᠤ᠂ ᠲᠡᠭᠦᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠪᠠ᠃ ᠡᠭᠦᠨ ᠤ ᠬᠠᠮᠲᠤ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠤᠨᠤᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠰᠠᠯᠬᠢ ᠨᠡᠪᠲᠡᠷᠡᠭᠦᠯᠦᠨ ᠠᠷᠢᠭᠤᠳᠬᠠᠬᠤ ᠶᠢ ᠴᠢᠩᠭᠠᠳᠬᠠᠵᠤ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠪᠠᠲᠤᠯᠠᠨ᠂ ᠰᠤᠷᠤᠭᠴᠢᠳ ᠤᠨ ᠢᠳᠡᠭᠡᠨ ᠤᠮᠳᠠᠭᠠᠨ᠂ ᠬᠤᠨᠤᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠢᠨᠠᠯᠲᠠ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠰᠣᠷᠣᠭᠴᠢ ᠶᠢᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ᠂ ᠡᠮᠬᠢ ᠵᠢᠷᠤᠮ ᠲᠠᠢ ᠠᠵᠢᠯᠯᠠᠬᠤ ᠶᠢ ᠦᠨᠡᠨ ᠬᠦ ᠪᠠᠲᠤᠯᠠᠨ᠎ᠠ᠃ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号