ᠬᠤᠷᠢᠨᠭᠡᠷ ᠰᠢᠶᠠᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/12
     5 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠢᠨᠭᠡᠷ ᠤᠨ ᠠᠷᠪᠠᠨ ᠳᠥᠷᠪᠡᠳᠦᠭᠡᠷ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠪᠠᠶᠠᠷ ᠢ ᠪᠡᠯᠡᠳᠬᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠨ ᠡᠯ᠎ᠡ ᠬᠥᠮᠦᠰ ᠪᠠᠶᠠᠷ ᠳᠤᠷᠠᠰᠬᠠᠯ ᠤᠨ ᠠᠵᠢᠯᠯᠠᠭ᠎ᠠ ᠶᠢ ᠰᠠᠶᠢᠲᠤᠷ ᠡᠷᠭᠢᠯᠡᠬᠦ ᠲᠤᠬᠠᠶ ᠢᠳᠡᠪᠬᠢᠲᠡᠶ ᠪᠠᠷ ᠶᠠᠷᠢᠯᠴᠠᠨ ᠶᠠᠷᠢᠶ᠎ᠠ ᠲᠠᠯᠪᠢᠪᠠ᠃
     ᠬᠤᠷᠠᠯ ᠠᠴᠠ᠂ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ᠂ ᠥᠨᠳᠥᠷ ᠲᠦᠪᠰᠢᠨ ᠢᠶᠠᠷ ᠲᠤᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠪᠠᠶᠠᠷ ᠢ ᠰᠠᠶᠢᠲᠤᠷ ᠡᠷᠬᠢᠯᠡᠬᠦ ᠨᠢ ᠮᠠᠨ ᠤ ᠰᠢᠶᠠᠨ ᠤ ᠬᠤᠳᠠ ᠶᠢᠨ ᠲᠦᠷᠢ ᠲᠥᠷᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠮᠠᠨ ᠤ ᠰᠢᠶᠠᠨ ᠤ ᠬᠤᠳᠠ ᠶᠢᠨ ᠬᠥᠭᠵᠢᠯᠲᠡ ᠶᠢ ᠲᠦᠷᠭᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
     ᠬᠤᠷᠠᠯ ᠠᠴᠠ᠂ ᠵᠣᠬᠢᠴᠠᠭᠤᠯᠬᠤ ᠦᠢᠯᠡᠴᠢᠯᠡᠭᠡ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠵᠦ᠂ ᠰᠢᠶᠠᠨ ᠤ ᠳᠣᠲᠣᠷᠠᠬᠢ ᠵᠠᠮ ᠬᠠᠷᠢᠯᠴᠠᠭ᠎ᠠ᠂ ᠬᠤᠨᠤᠭ ᠪᠠᠭᠤᠳᠠᠯ᠂ ᠲᠡᠷᠭᠡ ᠵᠣᠭᠰᠣᠭᠠᠬᠤ᠂ ᠬᠤᠭᠤᠯᠠ ᠢᠳᠡᠬᠦ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠪᠤᠷᠢ ᠶᠢᠨ ᠠᠵᠢᠯ ᠢ ᠴᠢᠨᠠᠭᠰᠢᠳᠠ ᠲᠡᠭᠦᠯᠳᠡᠷᠵᠢᠭᠦᠯᠵᠦ᠂ ᠡᠯ᠎ᠡ ᠬᠦᠷᠢᠶ᠎ᠡ᠂ ᠡᠯ᠎ᠡ ᠭᠤᠭᠴᠤᠭ᠎ᠠ ᠳᠤ ᠣᠷᠣᠰᠢᠵᠤ ᠮᠡᠳᠡᠬᠦ ᠲᠦᠭᠰᠢᠭᠦᠷᠢ ᠪᠣᠯᠤᠨ ᠳᠠᠷᠤᠯᠲᠠ ᠶᠢ ᠭᠦᠢᠴᠡᠳ ᠰᠤᠳᠤᠯᠤᠨ ᠮᠠᠭᠠᠳᠯᠠᠵᠤ᠂ ᠪᠠᠲᠤᠯᠠᠪᠤᠷᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠲᠤᠰ ᠤᠳᠠᠭ᠎ᠠ ᠶᠢᠨ ᠠᠵᠢᠯᠯᠠᠭ᠎ᠠ ᠶᠢᠨ ᠲᠣᠭᠲᠠᠭᠤᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ︔ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠡᠪ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠨᠳᠦ ᠨᠣᠴᠢᠲᠠᠶ ᠬᠠᠷᠰᠢᠯᠠᠬᠤ᠂ ᠵᠢᠭᠤᠯᠴᠢᠯᠠᠯ ᠤᠨ ᠪᠠᠶᠠᠷ ᠴᠢᠨᠠᠭᠰᠢᠯᠠᠪᠠᠯ ᠬᠤᠷᠢᠨᠭᠡᠷ ᠤᠨ ᠳᠦᠷᠢ ᠲᠥᠷᠬᠦ ᠶᠢ ᠨᠥᠯᠥᠭᠡᠯᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠠᠵᠢᠯ ᠲᠥᠷᠥᠯ ᠢ ᠰᠢᠮᠳᠠᠭᠤᠯᠤᠨ ᠦᠨ᠎ᠡ ᠬᠠᠩᠰᠢ ᠶᠢ ᠢᠯᠡ ᠬᠠᠳᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ  ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ︔ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠵᠤ᠂ ᠤᠯᠠᠨ ᠨᠡᠶᠢᠲᠡ ᠶᠢᠨ ᠲᠠᠯᠠᠪᠤᠷ᠂ ᠲᠤᠮᠤ ᠬᠡᠯᠪᠡᠷᠢ ᠶᠢᠨ ᠲᠣᠭᠯᠠᠯᠲᠠ ᠶᠢᠨ ᠠᠵᠢᠯᠯᠠᠭ᠎ᠠ ᠵᠢᠴᠢ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠠᠮᠤᠷ ᠲᠦᠪᠰᠢᠨ ᠤ ᠰᠠᠨᠠᠭᠤᠯᠤᠮᠵᠢ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠰᠠᠶᠢᠲᠤᠷ ᠬᠢᠵᠦ᠂ ᠰᠣᠶᠣᠯ ᠵᠢᠭᠤᠯᠴᠢᠯᠠᠯ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠨᠢᠭᠲᠠ ᠠᠴᠠ ᠨᠢᠭᠲᠠ ᠪᠠᠶᠢᠵᠤ᠂ ᠣᠨᠴᠠᠯᠢᠭ ᠢᠶᠠᠨ ᠢᠯᠡᠷᠡᠭᠦᠯᠵᠦ᠂ ᠡᠨᠡ ᠵᠢᠯ ᠤᠨ ᠪᠦᠬᠦ ᠤᠯᠤᠰ ᠤᠨ ᠰᠣᠶᠣᠯ ᠵᠢᠭᠤᠯᠴᠢᠯᠠᠯ ᠤᠨ ᠦᠢᠯᠡᠰ ᠤᠨ ᠰᠡᠷᠭᠦᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠲᠦᠰᠢᠭᠯᠡᠨ᠂ ᠬᠦᠯᠢᠶᠡᠨ ᠠᠪᠬᠤ ᠦᠢᠯᠡᠴᠢᠯᠡᠭᠡ᠂ ᠣᠷᠴᠢᠨ ᠲᠣᠭᠤᠷᠢᠨ ᠤ ᠪᠠᠲᠤᠯᠠᠭ᠎ᠠ᠂ ᠤᠬᠠᠭᠤᠯᠤᠨ ᠮᠡᠳᠡᠭᠡᠯᠡᠬᠦ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠤᠰ ᠬᠤᠭᠤᠴᠠᠭᠠᠨ ᠤ ᠴᠠᠨ᠎ᠠ ᠴᠡᠴᠡᠭ ᠤᠨ ᠰᠣᠶᠣᠯ ᠵᠢᠭᠤᠯᠴᠢᠯᠠᠯ ᠤᠨ ᠪᠠᠶᠠᠷ ᠤᠨ ᠠᠵᠢᠯᠯᠠᠭ᠎ᠠ ᠶᠢ ᠥᠨᠳᠥᠷ ᠲᠦᠪᠰᠢᠨ ᠲᠠᠢ ᠡᠷᠬᠢᠯᠡᠬᠦ᠂ ᠣᠨᠴᠠᠯᠢᠭ ᠲᠠᠢ ᠡᠷᠬᠢᠯᠡᠬᠦ᠂ ᠬᠢᠯᠠᠰ ᠴᠡᠭ ᠲᠠᠢ ᠡᠷᠬᠢᠯᠡᠬᠦ᠂ ᠦᠷ᠎ᠡ ᠪᠦᠲᠦᠮᠵᠢ ᠲᠠᠢ ᠡᠷᠬᠢᠯᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号