ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠨᠭᠡᠷ ᠰᠢᠶᠠᠨ ᠤ ᠬᠤᠷᠢᠶ᠎ᠠ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠤᠣᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/5/12
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤ ᠪᠠᠬᠢ ᠪᠣᠯᠭᠠᠬᠤ ᠶᠢᠨ ᠲᠤᠰᠠᠳᠠ᠂ 5 ᠰᠠᠷ᠎ᠠ ᠶᠢᠨ 10 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠨᠭᠡᠷ ᠰᠢᠶᠠᠨ ᠤ ᠬᠤᠷᠢᠶ᠎ᠠ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ  ᠶᠢᠨ ᠶᠣᠰᠣᠯᠠᠯ ᠤᠨ ᠲᠠᠩᠬᠢᠮ ᠳᠤ ︽ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠭᠤᠣᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠪᠦᠬᠦ ᠰᠢᠶᠠᠨ ᠤ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠬᠦᠳᠦᠯᠦᠨ ᠳᠠᠭᠠᠭᠤᠯᠵᠤ ᠪᠠᠶᠢᠭᠠᠳ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠭᠠᠯ ᠬᠠᠯᠠᠭᠤᠨ ᠦᠢᠯᠡᠳᠦᠯᠭᠡ ᠳᠤᠮᠳᠠ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
     ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠳᠤᠭᠤᠶᠢᠯᠠᠩ᠂ ᠪᠠᠶᠢᠭᠤᠯᠭ᠎ᠠ᠂ ᠠᠷᠠᠳ ᠤᠨ ᠪᠦᠯᠬᠦᠮ᠂ ᠰᠤᠷᠭᠠᠭᠤᠯᠢ᠂ ᠬᠡᠰᠡᠭ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠰᠠᠶᠢᠰᠢᠶᠠᠭᠳᠠᠬᠤ ᠡᠲᠡᠭᠡᠳ ᠵᠢᠴᠢ ᠰᠢᠯᠢᠳᠡᠭ ᠳᠤᠮᠳᠠᠳᠤ ᠰᠤᠷᠭᠠᠭᠤᠯᠢ ᠶᠢᠨ ᠰᠣᠷᠣᠭᠴᠢ ᠬᠠᠮᠲᠤ ᠪᠠᠷ ᠠᠵᠢᠯᠯᠠᠭ᠎ᠠ ᠳᠤ ᠣᠷᠣᠯᠴᠠᠪᠠ᠃
     ᠲᠤᠰ ᠠᠵᠢᠯᠯᠠᠭ᠎ᠠ ᠨᠢ 2022 ᠣᠨ ᠤ ᠰᠢᠶᠠᠨ ᠤ ᠱᠠᠲᠤᠨ ᠤ ︽ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷ︾᠂ 2022 ᠣᠨ ᠤ ᠪᠦᠬᠦ ᠰᠢᠶᠠᠨ ᠤ ︽5 · 4 ᠤ ᠤᠯᠠᠭᠠᠨ ᠲᠤᠭᠲᠤ ᠬᠤᠰᠢᠭᠤᠨ ᠤ ᠡᠪᠯᠡᠯ ᠤᠨ ᠬᠤᠷᠢᠶ᠎ᠠ︾᠂ ︽ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ︾  ᠂ ︽5 · 4 ᠤ ᠤᠯᠠᠭᠠᠨ ᠲᠤᠭᠲᠤ ᠬᠤᠰᠢᠭᠤᠨ ᠤ ᠡᠪᠯᠡᠯ ᠤᠨ ᠡᠭᠦᠷ︾ ᠲᠤ ᠦᠨᠡᠮᠯᠡᠯ ᠪᠠ ᠱᠠᠩᠨᠠᠯ ᠤᠨ ᠮᠧᠳᠠᠯ ᠣᠯᠭᠤᠵᠠᠢ᠃ ᠱᠠᠩᠨᠠᠯ ᠣᠯᠤᠭᠰᠠᠨ ᠲᠥᠯᠥᠭᠡᠯᠡᠭᠴᠢ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠶᠠᠷᠢᠶ᠎ᠠ ᠲᠠᠯᠪᠢᠪᠠ᠃
     ᠮᠠᠭᠲᠠᠨ ᠰᠠᠶᠢᠰᠢᠶᠠᠬᠤ ᠠᠵᠢᠯᠯᠠᠭ᠎ᠠ ᠶᠢᠨ ᠲᠠᠷᠠᠭ᠎ᠠ ᠭᠤᠣᠯ ᠰᠡᠳᠦᠪᠲᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠬᠢᠵᠦ᠂ ᠪᠠᠭᠰᠢ ᠶᠢᠨ ᠶᠡᠭᠡ ᠰᠤᠷᠭᠠᠭᠤᠯᠢ ᠶᠢᠨ ᠤᠶᠤᠲᠠᠳ ᠭᠤᠶᠢᠳᠠ ᠰᠠᠶᠢᠬᠠᠨ ᠪᠥᠵᠢᠭ ᠤᠨ ᠲᠦᠷᠢ ᠪᠠᠷ ᠵᠠᠯᠠᠭᠤ ᠨᠠᠰᠤᠨ ᠤ ᠬᠦᠭ ᠠᠶᠠᠰ ᠢ ᠬᠠᠩᠭᠢᠨᠠᠭᠤᠯᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠢᠷᠠᠭᠤ ᠰᠠᠶᠢᠬᠠᠨ ᠦᠭᠡ ᠥᠭᠦᠯᠡᠪᠦᠷᠢ ᠪᠠᠷ ᠡᠭᠡ ᠤᠯᠤᠰ ᠤᠨ ᠢᠶᠠᠨ ᠦᠵᠡᠰᠬᠦᠯᠡᠩᠲᠦ ᠰᠠᠶᠢᠬᠠᠨ ᠠᠭᠤᠯᠠ ᠤᠰᠤ ᠶᠢ ᠤᠩᠰᠢᠵᠤ᠂ ᠤᠯᠠᠭᠠᠨᠮᠥ᠋ᠴᠢᠷ ᠤᠨ ᠲᠣᠭᠯᠠᠭᠴᠢᠳ ᠠᠮᠢᠳᠤᠯᠢᠭ ᠰᠠᠶᠢᠬᠠᠨ ᠦᠯᠢᠭᠡᠷ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢᠨ ᠴᠢᠬᠤᠯᠠ ᠠᠴᠢ ᠬᠤᠯᠪᠣᠭᠳᠠᠯ ᠢ ᠢᠯᠡᠷᠡᠭᠦᠯᠪᠡ᠃
     ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠨᠭᠡᠷ ᠰᠢᠶᠠᠨ ᠤ ᠬᠤᠷᠢᠶ᠎ᠠ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠤᠨ ︽ᠲᠠᠪᠤᠨ ᠰᠠᠷ᠎ᠠ ᠶᠢᠨ ᠳᠥᠷᠪᠡᠨ︾ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠤᠯᠠᠮ ᠨᠢᠭᠡ ᠠᠯᠬᠤᠮ ᠤᠷᠮᠠᠰᠢᠭᠤᠯᠤᠨ ᠳᠠᠭᠠᠭᠤᠯᠵᠤ᠂ ᠴᠠᠭᠠᠷᠠᠭᠰᠠᠨ ᠡᠷᠳᠡᠮ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ︽ᠨᠠᠮ ᠤᠨ ᠰᠠᠨᠠᠭ᠎ᠠ ᠠᠮᠤᠷ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠬᠤ︾ ᠵᠠᠯᠠᠭᠤ ᠨᠠᠰᠤᠨ ᠤ ᠲᠠᠩᠭᠠᠷᠢᠭ ᠢᠶᠠᠨ ᠦᠢᠯᠡᠳᠦᠯᠭᠡᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠳᠦᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠶᠢᠨ ᠳᠤᠮᠳᠠ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠭᠤᠤ ᠶᠡᠭᠡ ᠠᠶᠠᠨ ᠵᠠᠮ ᠳᠤ᠂ ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠬᠥᠮᠦᠨ ᠤ ᠠᠮᠢᠳᠤᠷᠠᠯ ᠤᠨ ᠢᠷᠠᠭᠤ ᠬᠠᠭᠤᠳᠠᠰᠤ ᠶᠢ ᠪᠢᠴᠢᠭᠯᠡᠨ᠎ᠡ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号