ᠲᠥᠪ ᠤᠨ ᠡᠳ᠋ ᠤᠨ ᠵᠠᠰᠠᠭ ᠠᠴᠠ 2023 ᠣᠨ ᠳᠤ 1560 ᠳ᠋ᠦᠩᠰᠢᠭᠤᠷ ᠲᠥᠭᠦᠷᠢᠭ ᠲᠣᠬᠢᠷᠠᠭᠤᠯᠵᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠳᠡᠮᠵᠢᠵᠦ ᠪᠣᠢ
ᠨᠡᠶᠢᠲᠡᠯᠡᠭᠰᠡᠨ ᠴᠠᠭ᠄
2023/5/12
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠲᠤᠰᠠᠳᠠ᠂ ᠲᠥᠪ ᠤᠨ ᠡᠳ᠋ ᠤᠨ ᠵᠠᠰᠠᠭ ᠠᠴᠠ ᠬᠤᠳᠠ ᠬᠥᠳᠡᠭᠡ ᠶᠢ ᠨᠢᠭᠡᠳᠦᠯᠲᠡᠢ ᠪᠣᠯᠭᠠᠬᠤ᠂ ᠬᠥᠳᠡᠭᠡ ᠲᠣᠰᠬᠤᠨ ᠢᠶᠠᠷ ᠭᠤᠣᠯ ᠪᠣᠯᠭᠠᠬᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ ᠪᠠᠶᠢᠨ᠎ᠠ᠃ 2023 ᠣᠨ ᠳᠤ 1560 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠳᠡᠭᠡᠷ᠎ᠡ ᠵᠢᠯ ᠤᠨ ᠬᠢ ᠠᠴᠠ 115 ᠳ᠋ᠦᠩᠰᠢᠭᠤᠷ ᠲᠥᠭᠦᠷᠢᠭ ᠨᠡᠮᠡᠭᠳᠡᠭᠦᠯᠦᠨ᠂ ᠣᠷᠣᠨ ᠨᠤᠲᠤᠭ ᠤᠨ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠦᠷᠢᠯᠡᠬᠦ︾ ᠵᠡᠷᠭᠡ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠡᠮᠵᠢᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠨᠢᠭᠡ ᠳᠤ᠂ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠶᠢ ᠳᠡᠭᠡᠭᠰᠢᠯᠡᠭᠦᠯᠵᠦ᠂ ᠪᠠᠭ᠎ᠠ ᠰᠤᠷᠭᠠᠭᠤᠯᠢ ᠳᠤ ᠵᠢᠯ ᠪᠦᠷᠢ ᠶᠢᠨ ᠰᠣᠷᠣᠭᠴᠢ ᠳᠤᠮᠳᠠᠴᠢ 650 ᠲᠥᠭᠦᠷᠢᠭ ᠪᠠᠶᠢᠭᠰᠠᠨ ᠠᠴᠠ 720 ᠲᠥᠭᠦᠷᠢᠭ ᠪᠣᠯᠭᠠᠨ ᠳᠡᠭᠡᠭᠰᠢᠯᠡᠭᠦᠯᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠵᠢᠯ ᠪᠦᠷᠢ ᠶᠢᠨ ᠰᠣᠷᠣᠭᠴᠢ ᠳᠤᠮᠳᠠᠴᠢ 850 ᠲᠥᠭᠦᠷᠢᠭ ᠪᠠᠶᠢᠭᠰᠠᠨ ᠢ 940 ᠲᠥᠭᠦᠷᠢᠭ ᠪᠣᠯᠭᠠᠨ ᠳᠡᠭᠡᠭᠰᠢᠯᠡᠭᠦᠯᠵᠦ᠂ ᠰᠤᠷᠭᠠᠭᠤᠯᠢ ᠶᠢᠨ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠳᠡᠮᠵᠢᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ ᠪᠣᠢ᠃ ᠬᠤᠶᠠᠷ ᠲᠤ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠠᠶᠢᠷᠢ ᠳᠤ ᠰᠠᠭᠤᠬᠤ ᠰᠣᠷᠣᠭᠴᠢ ᠶᠢᠨ ᠲᠤᠭ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠨᠡᠮᠡᠭᠳᠡᠭᠦᠯᠦᠨ᠂ ᠵᠢᠯ ᠪᠦᠷᠢ ᠶᠢᠨ ᠰᠣᠷᠣᠭᠴᠢ ᠳᠤᠮᠳᠠᠴᠢ 200 ᠲᠥᠭᠦᠷᠢᠭ ᠪᠠᠶᠢᠭᠰᠠᠨ ᠢ 300 ᠲᠥᠭᠦᠷᠢᠭ ᠪᠣᠯᠭᠠᠨ ᠳᠡᠭᠡᠭᠰᠢᠯᠡᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠬᠡᠪ ᠤᠨ ᠠᠵᠢᠯᠯᠠᠭ᠎ᠠ ᠶᠢ ᠪᠠᠲᠤᠯᠠᠵᠤ ᠪᠠᠶᠢᠨ᠎ᠠ᠃ ᠭᠤᠷᠪᠠ ᠳᠤ᠂ ᠤᠮᠠᠷᠠᠲᠤ ᠣᠷᠣᠨ ᠤ ᠰᠤᠷᠭᠠᠭᠤᠯᠢ ᠶᠢᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠵᠠᠷᠤᠯᠭ᠎ᠠ ᠶᠢᠨ ᠳᠠᠷᠤᠯᠲᠠ ᠶᠢ ᠬᠥᠩᠭᠡᠷᠡᠭᠦᠯᠬᠦ ᠶᠢᠨ ᠲᠤᠰᠠᠳᠠ᠂ ᠬᠤᠯᠪᠣᠭᠳᠠᠯ ᠪᠦᠬᠦᠢ ᠮᠤᠵᠢ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠣᠷᠣᠭᠴᠢ ᠳᠤᠮᠳᠠᠴᠢ ᠳᠤᠯᠠᠭᠠᠯᠠᠭ᠎ᠠ ᠶᠢᠨ ᠵᠠᠷᠤᠳᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号