ᠮᠠᠯᠵᠢᠬᠤ ᠲᠠᠷᠢᠶᠠᠯᠠᠬᠤ ᠣᠷᠣᠨ ᠤ ᠬᠠᠤᠯᠢ ᠴᠠᠭᠠᠵᠠ ᠶᠢᠨ ᠡᠬᠢ ᠪᠠᠶᠠᠯᠢᠭ ᠬᠦᠷᠦᠯᠴᠡᠬᠦ ᠦᠭᠡᠢ ᠪᠠᠶᠢᠬᠤ | ᠠᠰᠠᠭᠤᠳᠠᠯ ᠢ ᠰᠢᠢᠳᠪᠦᠷᠢᠯᠡᠵᠦ᠂ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ︾ | ᠠᠵᠢᠯᠯᠠᠭ᠎ᠠ ᠶᠢ ᠥᠷᠨᠢᠭᠦᠯᠦᠭᠰᠡᠨ ᠦᠷ᠎ᠡ ᠪᠦᠲᠦᠮᠵᠢ ᠶᠢ ᠪᠠᠬᠢᠵᠢᠭᠦᠯᠬᠦ ᠶᠢᠨ ᠲᠤᠰᠠᠳᠠ᠂ 5 ᠳ᠋ᠤᠭᠠᠷ ᠰᠠᠷ᠎ᠠ ᠶᠢᠨ 8 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ﹀ ᠠᠵᠢᠯᠯᠠᠭ᠎ᠠ ᠶᠢ | ᠪᠠᠶᠢᠩᠭᠤᠵᠢᠭᠤᠯᠬᠤ ᠠᠵᠢᠯ ᠤᠨ ᠳᠦᠷᠢᠮ︾ ︵ᠳᠣᠷᠣᠭᠰᠢ ︽ᠪᠠᠶᠢᠩᠭᠤᠵᠢᠭᠤᠯᠬᠤ ᠠᠵᠢᠯ ᠤᠨ ᠳᠦᠷᠢᠮ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠠᠤᠯᠢᠴᠢ ᠶᠢᠨ ᠮᠠᠯᠴᠢᠳ ᠲᠠᠷᠢᠶᠠᠴᠢᠳ ᠲᠤ ᠦᠢᠯᠡᠴᠢᠯᠡᠬᠦ | ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠪᠠᠲᠤᠯᠠᠵᠤ ᠪᠠᠶᠢᠨ᠎ᠠ᠃ | ︽ᠪᠠᠶᠢᠩᠭᠤᠵᠢᠭᠤᠯᠬᠤ ᠠᠵᠢᠯ ᠤᠨ ᠳᠦᠷᠢᠮ︾ ᠳᠤ᠂ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠪᠠᠶᠢᠭᠤᠯᠭ᠎ᠠ᠂ ᠬᠠᠤᠯᠢᠴᠢ ᠶᠢᠨ ᠨᠡᠶᠢᠭᠡᠮᠯᠢᠭ ᠠᠴᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ | ᠦᠢᠯᠡᠴᠢᠯᠡᠬᠦ ᠡᠲᠡᠭᠡᠳ ᠲᠠᠢ ᠪᠠᠨ ᠰᠠᠨᠠᠭᠠᠴᠢᠯᠠᠭ᠎ᠠ ᠠᠴᠠ ᠪᠠᠨ ᠠᠵᠢᠯ ᠤᠨ ᠬᠠᠷᠢᠯᠴᠠᠭ᠎ᠠ ᠪᠠᠶᠢᠭᠤᠯᠬᠤ ᠶᠢ ᠨᠢᠭᠡᠳᠦᠯᠲᠡᠢ | ᠲᠥᠯᠥᠪᠯᠡᠨ ᠵᠢᠯᠤᠭᠤᠳᠴᠤ᠂ ᠦᠢᠯᠡᠴᠢᠯᠡᠭᠡᠨ ᠤ ᠴᠣᠪᠤᠷᠠᠯ ᠢ ᠵᠢᠷᠤᠮᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ | ᠪᠠᠲᠤᠯᠠᠨ᠎ᠠ︔ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠬᠢᠭᠡᠳ ᠭᠠᠴᠠᠭ᠎ᠠ ︵ᠲᠣᠰᠬᠤᠨ︶ ᠶᠢᠨ ᠵᠥᠪᠯᠡᠯ᠂ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠡᠭᠦᠷ ᠬᠢᠭᠡᠳ ᠭᠠᠴᠠᠭ᠎ᠠ ︵ᠲᠣᠰᠬᠤᠨ︶ ᠶᠢᠨ ᠨᠠᠮ ᠤᠨ | ᠡᠭᠦᠷ ᠭᠡᠬᠦ ︽ᠬᠤᠣᠰ ᠬᠤᠯᠪᠣᠭᠠᠰᠤ ᠪᠠᠶᠢᠭᠤᠯᠬᠤ︾ ᠲᠣᠭᠲᠠᠴᠠ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢ | ᠠᠳᠬᠤᠬᠤ ᠬᠤᠯᠪᠣᠭᠠᠯᠠᠨ ᠪᠠᠶᠢᠭᠤᠯᠬᠤ ᠬᠠᠮᠲᠤ ᠪᠠᠷ ᠪᠠᠶᠢᠭᠤᠯᠬᠤ ᠬᠡᠯᠪᠡᠷᠢ ᠪᠠᠷ ᠬᠠᠤᠯᠢ ᠴᠠᠭᠠᠵᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠦᠨ᠎ᠡ︔ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠠᠴᠠ ᠮᠡᠳᠡᠭᠡ | ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ | ᠪᠠᠶᠢᠭᠤᠯᠵᠤ᠂ ᠰᠦᠯᠵᠢᠶ᠎ᠡ᠂ ᠤᠲᠠᠰᠤ ᠵᠡᠷᠭᠡ ᠣᠯᠠᠨ ᠲᠠᠯ᠎ᠠ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢ ᠬᠡᠷᠡᠭᠯᠡᠨ᠂ | ᠮᠠᠯᠴᠢᠳ ᠲᠠᠷᠢᠶᠠᠴᠢᠳ ᠤᠨ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠳᠥᠭᠦᠮ ᠳᠥᠲᠡ ᠲᠦᠷᠭᠡᠨ | ᠬᠠᠩᠭᠠᠬᠤ ᠶᠢ ᠵᠣᠷᠢᠭᠵᠢᠭᠤᠯᠤᠨ᠎ᠠ᠃ ᠪᠥᠬᠦ ᠬᠦᠷᠢᠶ᠎ᠡ ᠴᠠᠷᠠᠭ᠎ᠠ ᠶᠢ ᠬᠠᠮᠤᠷᠤᠭᠤᠯᠬᠤ᠂ ᠪᠥᠬᠦ ᠶᠠᠪᠤᠴᠠ ᠶᠢ | ᠵᠢᠷᠤᠮᠵᠢᠭᠤᠯᠬᠤ᠂ ᠪᠥᠬᠦ ᠴᠣᠪᠤᠷᠠᠯ ᠢ ᠬᠢᠨᠠᠨ ᠵᠢᠯᠤᠭᠤᠳᠬᠤ ᠦᠢᠯᠡᠴᠢᠯᠡᠭᠡᠨ ᠤ ᠬᠡᠯᠪᠡᠷᠢ ᠪᠠᠷ ᠳᠠᠮᠵᠢᠭᠤᠯᠤᠨ᠂ ︽ | ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ︾ ᠠᠵᠢᠯᠯᠠᠭ᠎ᠠ ᠶᠢ ᠥᠪᠥᠷ ᠮᠣᠩᠭᠤᠯ ᠤᠨ | ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ︽ᠨᠠᠷᠠᠲᠤ ᠲᠡᠮᠳᠡᠭᠲᠦ︾ ᠪᠣᠯᠭᠠᠨ᠎ᠠ ᠭᠡᠵᠦ | ᠲᠣᠭᠲᠠᠭᠠᠵᠠᠢ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ︽ | ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ︾ ᠬᠠᠤᠯᠢ ᠴᠠᠭᠠᠵᠠ ᠶᠢᠨ ᠡᠬᠢ ᠪᠠᠶᠠᠯᠢᠭ ᠢ | ᠬᠥᠳᠡᠯᠦᠩᠭᠦᠢ ᠪᠠᠷ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ | ᠬᠠᠤᠯᠢᠴᠢ ᠶᠢ ᠰᠢᠯᠵᠢᠭᠦᠯᠦᠨ ᠲᠣᠬᠢᠷᠠᠭᠤᠯᠵᠤ ᠭᠠᠵᠠᠷ ᠣᠷᠣᠨ ᠠᠯᠤᠰᠯᠠᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠬᠦ | ᠪᠣᠯᠣᠨ᠎ᠠ᠃ ᠡᠭᠦᠨ ᠤ ᠬᠠᠮᠲᠤ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠤᠯᠢ ᠴᠠᠭᠠᠵᠠ ᠶᠢᠨ | ᠲᠣᠪᠴᠢᠶ᠎ᠠ ᠠᠴᠠ ᠬᠠᠤᠯᠢ ᠴᠠᠭᠠᠵᠠ ᠶᠢᠨ ᠭᠠᠵᠠᠷ ᠢ ᠵᠢᠯᠣᠭᠤᠳᠤᠨ ᠲᠣᠰ ᠭᠠᠵᠠᠷ ᠣᠷᠣᠨ ᠤ ᠠᠵᠢᠯᠯᠠᠭ᠎ᠠ ᠥᠷᠨᠢᠭᠦᠯᠬᠦ | ᠴᠢᠬᠤᠯᠠᠲᠠᠢ ᠭᠠᠴᠠᠭ᠎ᠠ ︵ᠲᠣᠰᠬᠤᠨ︶ ᠶᠢᠨ ᠨᠡᠷᠡᠰ ᠢ ᠬᠤᠷᠢᠶᠠᠩᠭᠤᠶᠢᠯᠠᠬᠤ ᠶᠢᠨ ᠬᠠᠮᠲᠤ᠂ ᠨᠡᠷᠡᠰ ᠢ ᠬᠠᠤᠯᠢᠴᠢ ᠶᠢᠨ | ᠬᠡᠷᠡᠭ ᠡᠷᠬᠢᠯᠡᠬᠦ ᠭᠠᠵᠠᠷ ᠲᠤ ᠬᠤᠪᠢᠶᠠᠷᠢᠯᠠᠨ ᠲᠣᠮᠢᠯᠠᠵᠤ᠂ ᠬᠡᠷᠡᠭᠴᠡᠭᠡ ᠱᠠᠭᠠᠷᠳᠠᠯᠭ᠎ᠠ ᠲᠠᠢ ᠭᠠᠴᠠᠭ᠎ᠠ ︵ᠲᠣᠰᠬᠤᠨ︶ | ᠳᠤ ᠴᠥᠮ ᠬᠠᠤᠯᠢ ᠴᠠᠭᠠᠵᠠ ᠶᠢᠨ ᠦᠢᠯᠡᠴᠢᠯᠡᠭᠡ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ | ᠃ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠤᠨ | ᠦᠷᠨᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ︽ᠬᠠᠮᠤᠭ ᠤᠨ | ᠡᠴᠦᠰ ᠤᠨ ᠨᠢᠭᠡ ᠺᠢᠯᠣᠮᠧᠳ᠋ᠷ︾ ᠢ ᠦᠨᠡᠨ ᠬᠦ ᠨᠠᠪᠲᠠᠷᠡᠭᠦᠯᠵᠦ᠂ ᠮᠠᠯᠴᠢᠳ ᠲᠠᠷᠢᠶᠠᠴᠢᠳ ᠤᠨ ᠬᠠᠤᠯᠢ ᠴᠠᠭᠠᠵᠠ ᠶᠢᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠪᠠ | ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃ | |