ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤᠨ ᠤ ᠯᠢ ᠮᠢᠨ ᠨᠡᠶᠢᠭᠡᠮ ᠲᠣᠭᠤᠷᠢᠭ ᠬᠤᠷᠢᠨᠭᠡᠷ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠵᠤ᠂ 5.12 ᠪᠥᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/15
     5 ᠰᠠᠷ᠎ᠠ ᠶᠢᠨ 12 ᠤᠨ ᠡᠳᠦᠷ᠂ ᠯᠢ ᠮᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠪᠣᠯᠤᠨ ᠯᠢᠨ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠣᠭᠠᠯᠠᠨ ᠱᠧᠩ ᠯᠧ ᠠᠭᠤᠳᠠᠮ ᠲᠠᠯᠠᠪᠠᠢ ᠳᠤ ︽5.12 ᠤᠨ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠤᠬᠠᠭᠤᠯᠵᠤ᠂ ᠤᠯᠠᠨ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠳᠬᠠᠵᠠᠢ᠃
     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠨᠡᠶᠢᠭᠡᠮ ᠲᠣᠭᠤᠷᠢᠭ ᠤᠨ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠬᠦ᠂ ᠤᠰᠤᠲᠤᠯ ᠢ ᠰᠡᠷᠭᠡᠶᠢᠯᠡᠨ ᠭᠠᠯ ᠢ ᠰᠡᠷᠭᠡᠶᠢᠯᠡᠬᠦ ᠂ ᠰᠠᠯᠬᠢ ᠶᠢ ᠰᠡᠷᠭᠡᠶᠢᠯᠡᠬᠦ᠂ ᠭᠠᠵᠠᠷ ᠬᠥᠳᠡᠯᠦᠯᠲᠡ ᠶᠢ ᠰᠡᠷᠭᠡᠶᠢᠯᠡᠬᠦ ᠵᠡᠷᠭᠡ ᠮᠡᠳᠡᠯᠭᠡ ᠶᠢ ᠤᠬᠠᠭᠤᠯᠪᠠ᠃ ᠰᠠᠶᠢᠨ ᠳᠤᠷ᠎ᠠ ᠶᠢᠨ ᠠᠵᠢᠯᠯᠠᠭᠴᠢ ᠨᠠᠷ ᠭᠠᠵᠠᠷ ᠬᠥᠳᠡᠯᠦᠯᠲᠡ᠂ ᠤᠰᠤᠨ ᠭᠠᠮᠰᠢᠭ᠂ ᠣᠨᠴᠠᠭᠠᠢ ᠴᠠᠭ ᠠᠭᠤᠷ ᠲᠣᠬᠢᠶᠠᠯᠳᠤᠬᠤ ᠦᠶ᠎ᠡ ᠳᠤ᠂ ᠬᠤᠪᠢ ᠬᠥᠮᠦᠨ ᠰᠢᠷᠬᠠᠲᠤᠯ ᠠᠴᠠ ᠬᠡᠷᠬᠢᠨ ᠵᠠᠶᠢᠯᠠᠬᠤ ᠶᠢᠨ ᠲᠣᠭᠤᠷᠢᠨ ᠳᠤ ᠥᠪᠡᠷ ᠢ ᠪᠠᠨ ᠠᠪᠤᠷᠠᠬᠤ ᠲᠤᠬᠠᠢ ᠨᠠᠷᠢᠨ ᠲᠠᠶᠢᠯᠪᠤᠷᠢᠯᠠᠯᠲᠠ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠬᠠᠮᠢᠶ᠎ᠠ ᠪᠦᠬᠦᠢ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠠᠶᠤᠯ ᠠᠴᠠ ᠵᠠᠶᠢᠯᠠᠬᠤ ᠤᠬᠠᠮᠰᠠᠷ ᠢ ᠴᠢᠩᠭᠠᠳᠬᠠᠵᠤ᠂ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠤᠷ᠎ᠠ ᠴᠢᠳᠠᠪᠤᠷᠢ ᠶᠢ ᠡᠵᠡᠮᠰᠢᠵᠦ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠴᠢᠩᠭᠠᠳᠬᠠᠵᠠᠢ᠃
     ᠠᠵᠢᠯᠴᠢᠨ ᠤ ᠤᠬᠠᠭᠤᠯᠭ᠎ᠠ ᠶᠢᠨ ᠠᠵᠢᠯᠲᠠᠨ ᠪᠠᠰᠠ ᠥᠷᠭᠡᠨ ᠣᠯᠠᠨ ᠰᠠᠭᠤᠭᠠᠯᠢ ᠠᠷᠠᠳ ᠲᠤ ᠡᠷᠬᠡᠪᠰᠢ ᠴᠠᠬᠢᠯᠭᠠᠨ ᠴᠡᠨᠡᠭᠯᠡᠬᠦ ᠲᠡᠷᠭᠡᠨ ᠤ ᠰᠠᠷᠠᠪᠴᠢᠨ ᠳᠤ ᠲᠥᠪᠯᠡᠷᠡᠭᠦᠯᠦᠨ ᠴᠠᠬᠢᠯᠭᠠᠨ ᠴᠡᠨᠡᠭᠯᠡᠵᠦ᠂ ︽ᠨᠢᠰᠬᠦ ᠤᠲᠠᠰᠤ︾ ᠲᠠᠲᠠᠬᠤ ᠥᠬᠡᠶ᠂ ᠠᠰᠠᠷ ᠤᠨ ᠬᠤᠩᠭᠢᠯ᠂ ᠬᠡᠷ ᠳᠣᠲᠣᠷ᠎ᠠ ᠴᠠᠬᠢᠯᠭᠠᠨ ᠴᠡᠨᠡᠭᠯᠡᠬᠦ ᠥᠬᠡᠶ᠂ ᠣᠯᠠᠨ ᠨᠡᠶᠢᠲᠡ ᠶᠢᠨ ᠲᠣᠭᠤᠷᠢᠭ ᠲᠤ ᠡᠯᠳᠡᠪ ᠶᠠᠭᠤᠮ᠎ᠠ ᠶᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠥᠬᠡᠶ᠂ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠬᠦ ᠥᠬᠡᠶ᠂ ᠲᠠᠷᠬᠠᠭᠠᠬᠤ ᠵᠠᠮ ᠪᠠ ᠠᠮᠤᠷ ᠲᠦᠪᠰᠢᠨ ᠭᠠᠷᠬᠤ ᠡᠭᠦᠳᠡ ᠶᠢ ᠪᠥᠭᠯᠡᠬᠦ ᠥᠬᠡᠶ ᠪᠠᠶᠢᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠭᠤᠷ ᠠᠮᠢᠰᠬᠤᠯ ᠢ ᠶᠡᠭᠡ ᠪᠠᠷ ᠪᠣᠶ ᠪᠣᠯᠭᠠᠬᠤ ᠬᠡᠷᠡᠭᠲᠡᠶ ᠭᠡᠵᠦ ᠰᠠᠨᠠᠭᠤᠯᠪᠠ᠃
     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠰᠠᠭᠤᠭᠠᠯᠢ ᠠᠷᠠᠳ ᠲᠦᠮᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠬᠤᠯᠠ ᠴᠢᠨᠠᠷ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠣᠯᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号