ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤᠨ ᠤ ᠯᠢ ᠮᠢᠨ ᠨᠡᠶᠢᠭᠡᠮ ᠲᠣᠭᠤᠷᠢᠭ ᠤᠨ ᠬᠢᠨ ᠤᠯᠠᠭᠠᠨᠮᠥ᠋ᠴᠢᠷ ᠲᠠᠢ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ︾ ᠤᠳᠬ᠎ᠠ ᠤᠷᠠᠯᠢᠭ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/5/15
     ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠭᠦᠨᠵᠡᠭᠡᠶ ᠥᠷᠨᠢᠭᠦᠯᠵᠦ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠩᠭᠤᠶ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠥᠳᠬᠡᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠠᠰᠤᠷᠠᠯᠲᠠ ᠥᠬᠡᠶ ᠬᠥᠭᠵᠢᠬᠦ ᠶᠢ ᠠᠬᠢᠭᠤᠯᠬᠤ ᠶᠢᠨ ᠲᠤᠰᠠᠳᠠ᠂ 5 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠯᠢ ᠮᠢᠨ ᠨᠡᠶᠢᠭᠡᠮ ᠲᠣᠭᠤᠷᠢᠭ ᠤᠨ ᠬᠢᠨ ᠤᠯᠠᠭᠠᠨᠮᠥ᠋ᠴᠢᠷ ᠲᠠᠢ ᠬᠠᠮᠲᠤᠷᠠᠨ ᠯᠠᠨ ᠱᠠᠨ ᠬᠤᠷᠢᠶᠠᠯᠠᠯ ᠤᠨ ᠠᠭᠤᠳᠠᠮ ᠲᠠᠯᠠᠪᠠᠶ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ ᠪᠠᠬᠢᠵᠢᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠴᠣᠭᠴᠠᠯᠠᠨ ᠪᠠᠶᠢᠭᠤᠯᠬᠤ︾ ᠤᠳᠬ᠎ᠠ ᠤᠷᠠᠯᠢᠭ ᠤᠨ ᠤᠬᠠᠭᠤᠯᠭ᠎ᠠ ᠶᠢ ᠥᠷᠨᠢᠭᠦᠯᠪᠡ᠃ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ᠂ ᠨᠡᠶᠢᠭᠡᠮ ᠲᠣᠭᠤᠷᠢᠭ ᠤᠨ ᠠᠵᠢᠯᠲᠠᠨ ᠵᠢᠴᠢ 150 ᠭᠠᠷᠤᠶ ᠰᠠᠭᠤᠭᠠᠯᠢ ᠠᠷᠠᠳ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠶ᠃
     ᠠᠵᠢᠯᠯᠠᠭ᠎ᠠ ᠶᠢᠨ ᠳᠤᠮᠳᠠ᠂ ᠤᠯᠠᠭᠠᠨᠮᠥ᠋ᠴᠢᠷ ᠤᠨ ᠲᠣᠭᠯᠠᠭᠴᠢᠳ ᠤᠨ ᠠᠪᠴᠢᠷᠠᠭᠰᠠᠨ ︽ᠬᠤᠪᠴᠠᠰᠤ ᠤᠬᠢᠶᠠᠬᠤ ᠳᠠᠭᠤᠤ︾᠂ ᠡᠷᠲᠡᠨ ᠤ ᠶᠠᠲᠤᠭ᠎ᠠ ᠶᠢᠨ ᠭᠤᠴᠣᠯᠠᠯ ᠬᠥᠭᠵᠢᠮ ︽ᠶᠢᠩ ᠱᠠᠨ ᠬᠤᠩ︾᠂ ᠬᠤᠶᠠᠷ ᠤᠲᠠᠰᠤᠲᠤ ᠬᠤᠭᠤᠷ ᠤᠨ ᠭᠤᠴᠣᠯᠠᠯ ᠬᠥᠭᠵᠢᠮ ︽ᠮᠣᠷᠢ ᠤᠷᠤᠯᠳᠤᠬᠤ︾ ︽ᠡᠬᠡ ᠤᠯᠤᠰ ᠲᠠ ᠰᠠᠶᠢᠨ ᠤᠣ︾ ︽ᠬᠤᠨ ᠭᠠᠯᠠᠭᠤ︾ ︽ᠶᠠᠯᠢᠬᠦ᠋ᠨᠠ︾ ᠵᠡᠷᠭᠡ ᠦᠨᠳᠦᠰᠦᠲᠡᠨ ᠤ ᠣᠨᠴᠠᠯᠢᠭ ᠪᠠ ᠴᠠᠭ ᠦᠶ᠎ᠡ ᠶᠢᠨ ᠠᠭᠤᠷ ᠠᠮᠢᠰᠬᠤᠯ ᠢᠶᠠᠷ ᠪᠠᠶᠠᠯᠢᠭ ᠤᠷᠠᠨ ᠰᠠᠶᠢᠬᠠᠨ ᠤ ᠲᠣᠭᠯᠠᠯᠲᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ ᠤᠨ ᠰᠣᠶᠣᠯ ᠢ ᠭᠦᠨᠵᠡᠭᠡᠶ ᠣᠶᠢᠯᠠᠭᠠᠭᠤᠯᠤᠭᠰᠠᠨ ᠪᠥᠭᠡᠳ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ ᠰᠠᠶᠢᠨ ᠰᠠᠶᠢᠬᠠᠨ ᠢᠷᠡᠭᠡᠳᠦᠶ ᠪᠠᠨ ᠬᠠᠮᠲᠤ ᠪᠠᠷ ᠴᠣᠭᠴᠠᠯᠠᠬᠤ ᠡᠷᠡᠰ ᠵᠣᠷᠢᠭ ᠢ ᠠᠮᠢᠳᠤᠯᠢᠭ ᠢᠶᠠᠷ ᠢᠯᠡᠷᠡᠭᠦᠯᠦᠭᠰᠡᠨ ᠪᠠᠶᠢᠨ᠎ᠠ᠃
      ᠠᠵᠢᠯᠯᠠᠭ᠎ᠠ ᠶᠢᠨ ᠬᠤᠭᠤᠴᠠᠭᠠᠨ ᠳᠤ᠂ ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠢ ᠢᠳᠡᠪᠬᠢᠲᠡᠶ ᠪᠠᠷ ᠲᠠᠷᠬᠠᠭᠠᠵᠤ᠂ ᠨᠠᠰᠢ ᠴᠠᠰᠢ ᠥᠩᠭᠡᠷᠡᠬᠦ ᠰᠠᠭᠤᠭᠠᠯᠢ ᠠᠷᠠᠳ ᠲᠤ ᠦᠨᠳᠦᠰᠦᠲᠡᠨ ᠤ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠡᠯ᠎ᠡ ᠦᠨᠳᠦᠰᠦᠲᠡᠨ ᠤ ᠪᠦᠯᠬᠦᠮᠳᠡᠯ ᠤᠨ ᠦᠨᠳᠦᠰᠦᠨ ᠮᠡᠳᠡᠯᠭᠡ ᠶᠢ ᠶᠡᠭᠡ ᠪᠠᠷ ᠤᠬᠠᠭᠤᠯᠵᠤ᠂ ᠦᠨᠳᠦᠰᠦᠲᠡᠨ ᠤ ᠲᠦᠷᠦ ᠶᠢᠨ ᠪᠤᠳᠤᠯᠭ᠎ᠠ᠂ ᠬᠠᠤᠯᠢ ᠲᠣᠭᠲᠠᠭᠠᠯ ᠤᠨ ᠮᠡᠳᠡᠯᠭᠡ ᠶᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠴᠢᠷᠮᠠᠶᠢᠨ ᠪᠡᠶᠡᠯᠡᠭᠦᠯᠵᠡᠶ᠃ ᠡᠭᠦᠨ ᠤ ᠬᠠᠮᠲᠤ᠂ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠰᠢᠨ᠎ᠡ ᠰᠡᠳᠬᠢᠴᠡ᠂ ᠰᠢᠨ᠎ᠡ ᠠᠷᠭ᠎ᠠ ᠶᠢ ᠲᠠᠰᠤᠷᠠᠯᠲᠠ ᠦᠭᠡᠢ ᠥᠷᠭᠡᠳᠬᠡᠵᠦ ᠂ ᠠᠵᠢᠯᠯᠠᠭ᠎ᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠢᠨ᠎ᠡ ᠥᠷᠨᠢᠯᠲᠡ ᠶᠢ ᠴᠢᠷᠮᠠᠶᠢᠨ ᠪᠣᠢ ᠪᠣᠯᠭᠠᠭᠰᠠᠨ ᠪᠠᠶᠢᠨ᠎ᠠ᠃
     ᠡᠨᠡ ᠤᠳᠠᠭᠠᠨ ᠤ ᠤᠳᠬ᠎ᠠ ᠤᠷᠠᠯᠢᠭ ᠤᠨ ᠨᠡᠶᠢᠭᠡᠮ ᠲᠣᠭᠤᠷᠢᠭ ᠤᠨ ᠡᠯ᠎ᠡ ᠦᠨᠳᠦᠰᠦᠲᠡᠨ ᠤ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠤᠭᠰᠠᠨ ᠢᠶᠠᠷ ᠪᠠᠷᠠᠬᠤ ᠦᠭᠡᠶ᠂ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠡᠭᠦᠨ ᠤ ᠬᠠᠮᠲᠤ ᠪᠠᠰᠠ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠲᠦᠷᠦ ᠶᠢᠨ ᠪᠣᠳᠤᠯᠭ᠎ᠠ ᠬᠠᠤᠯᠢ ᠲᠣᠭᠲᠠᠭᠠᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠶ ᠮᠡᠳᠡᠯᠭᠡ ᠶᠢ ᠪᠦᠬᠦ ᠲᠠᠯ᠎ᠠ ᠪᠠᠷ ᠤᠬᠠᠭᠤᠯᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠰᠣᠶᠣᠯ ᠪᠠ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠡᠶ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号