ᠬᠤᠷᠢᠨᠭᠡᠷ ᠰᠢᠶᠠᠨ ᠤ ᠭᠠᠵᠠᠷ ᠬᠥᠳᠡᠯᠦᠯᠲᠡ ᠶᠢᠨ ᠲᠣᠪᠴᠢᠶ᠎ᠠ ︽ᠭᠠᠶ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠵᠦ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/15
     2023 ᠣᠨ ᠤ 5 ᠰᠠᠷ᠎ᠠ ᠶᠢᠨ 12 ᠤᠨ ᠡᠳᠦᠷ ᠪᠣᠯ ᠳᠤᠮᠳᠠᠳᠤ ᠤᠯᠤᠰ ᠤᠨ 15 ᠳ᠋ᠤᠭᠠᠷ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ ᠭᠤᠣᠯ ᠰᠡᠳᠦᠪ ᠨᠢ ︽ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠶ᠎ᠠ︾ ᠪᠣᠯᠤᠨ᠎ᠠ᠃      5 ᠰᠠᠷ᠎ᠠ ᠶᠢᠨ 6 ᠤ ᠡᠳᠦᠷ ᠠᠴᠠ 12 ᠤᠨ ᠡᠳᠦᠷ ᠪᠣᠯᠲᠠᠯ᠎ᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠮᠦᠨ᠃
     5 ᠰᠠᠷ᠎ᠠ ᠶᠢᠨ 12 ᠤᠨ ᠡᠳᠦᠷ᠂ ᠬᠤᠷᠢᠨᠭᠡᠷ ᠰᠢᠶᠠᠨ ᠤ ᠭᠠᠵᠠᠷ ᠬᠥᠳᠡᠯᠦᠯᠲᠡ ᠶᠢᠨ ᠲᠣᠪᠴᠢᠶ᠎ᠠ ᠶᠠᠩ ᠴᠢᠶᠦ᠋ᠨ ᠭᠸᠦ ᠰᠢᠶᠠᠩ ᠳᠤ ︽ᠭᠠᠶ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ᠂ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ ᠠᠵᠢᠯᠲᠠᠳ ᠰᠢᠶᠠᠩ ᠪᠠᠯᠭᠠᠰᠤᠨ ᠳᠤ ᠭᠦᠨᠵᠡᠭᠡᠶᠢᠷᠡᠨ᠂ ᠲᠠᠷᠢᠶᠠᠴᠢᠨ ᠡᠷᠦᠬᠡ ᠳᠤ ᠬᠦᠷᠴᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠨᠠᠰᠢ ᠴᠠᠰᠢ ᠶᠠᠪᠤᠵᠤ ᠪᠠᠶᠢᠭ᠎ᠠ ᠰᠠᠭᠤᠭᠠᠯᠢ ᠠᠷᠠᠳ ᠲᠤ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠲᠠᠶᠢᠯᠪᠤᠷᠢᠯᠠᠨ ᠥᠭᠴᠦ᠂ ᠡᠭᠦᠨ ᠤ ᠳᠣᠲᠣᠷ᠎ᠠ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 2350 ᠭᠠᠷᠤᠶ ᠬᠤᠪᠢ ᠲᠠᠷᠬᠠᠭᠠᠭᠰᠠᠨ ᠪᠠᠶᠢᠨ᠎ᠠ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号