ᠬᠤᠷᠢᠨᠭᠡᠷ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠬᠠᠤᠯᠢ ᠶᠢ ᠱᠠᠰᠢᠨ ᠰᠤᠷᠲᠠᠬᠤᠨ ᠳᠤ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/15
     ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ᠂ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠮ ᠤᠨ ᠦᠨᠳᠦᠰᠦᠲᠡᠨ᠂ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠬᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠴᠢᠨᠠᠭᠰᠢᠳᠠ ᠪᠤᠢ ᠪᠣᠯᠭᠠᠬᠤ ᠶᠢᠨ ᠲᠤᠰᠠᠳᠠ᠂ 5 ᠰᠠᠷ᠎ᠠ ᠶᠢᠨ 12 ᠤᠨ ᠡᠳᠦᠷ᠂ ᠬᠤᠷᠢᠨᠭᠡᠷ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠾᠷᠢᠰᠲ᠋ᠣᠰ ᠤᠨ ᠱᠠᠰᠢᠨ ᠤ ᠳᠤᠭᠠᠩ ᠳᠤ ︽ᠰᠠᠶᠢᠨ ᠬᠠᠤᠯᠢ ᠪᠠᠷ ᠰᠠᠶᠢᠲᠤᠷ ᠵᠠᠰᠠᠵᠤ ᠰᠡᠳᠬᠢᠯ ᠢ ᠨᠢᠭᠲᠠᠷᠠᠭᠤᠯᠤᠨ ᠬᠦᠴᠦᠨ ᠢ ᠬᠠᠮᠲᠤᠷᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠱᠠᠰᠢᠨ ᠰᠤᠷᠲᠠᠬᠤᠨ ᠳᠤ ᠬᠦᠷᠭᠡᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃
     ᠠᠵᠢᠯᠯᠠᠭ᠎ᠠ ᠶᠢᠨ ᠳᠤᠮᠳᠠ᠂ ᠬᠤᠷᠢᠨᠭᠡᠷ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠤᠬᠠᠭᠤᠯᠤᠭᠴᠢ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾᠂ ︽ᠢᠷᠭᠡᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠨ ᠳᠤ ᠲᠠᠷᠬᠠᠭᠠᠨ ᠲᠠᠶᠢᠯᠪᠤᠷᠢᠯᠠᠪᠠ᠃ ᠡᠭᠦᠨ ᠤ ᠵᠡᠷᠭᠡᠴᠡᠭᠡᠪᠡᠷ᠂ ᠮᠠᠨ ᠤ ᠤᠯᠤᠰ ᠤᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ᠂ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠦᠷᠢᠮ︾᠂ ᠬᠠᠤᠯᠢ ᠶᠣᠰᠣᠭᠠᠷ ᠱᠠᠰᠢᠨ ᠢ ᠵᠠᠰᠠᠬᠤ᠂ ᠬᠠᠤᠯᠢ ᠶᠣᠰᠣᠭᠠᠷ ᠱᠠᠰᠢᠨ ᠰᠢᠲᠦᠬᠦ ᠶᠢᠨ ᠴᠢᠬᠤᠯᠠ ᠴᠢᠨᠠᠷ ᠪᠠ ᠱᠠᠰᠢᠨ ᠰᠤᠷᠲᠠᠬᠤᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠦ ᠶᠢᠨ ᠪᠤᠳᠤᠯᠭ᠎ᠠ ᠶᠢ ᠤᠯᠠᠨ ᠲᠦᠮᠡᠨ ᠳᠤ ᠨᠠᠷᠢᠨ ᠲᠠᠶᠢᠯᠪᠤᠷᠢᠯᠠᠵᠤ ᠥᠭᠪᠡ᠃ ᠠᠵᠢᠯᠯᠠᠭ᠎ᠠ ᠶᠢᠨ ᠬᠤᠭᠤᠴᠠᠭᠠᠨ ᠳᠤ 200 ᠭᠠᠷᠤᠢ ᠳᠡᠪᠲᠡᠷ ᠤᠬᠠᠭᠤᠯᠭ᠎ᠠ ᠶᠢᠨ ᠮᠠᠲ᠋ᠧᠷᠢᠶᠠᠯ᠂ 100 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠠᠢ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠲᠡᠨ᠂ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠬᠠᠮᠰᠠᠷ ᠢ ᠴᠢᠩᠭᠠᠳᠬᠠᠪᠠ᠃
ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号