ᠬᠤᠷᠢᠨᠭᠡᠷ ᠰᠢᠶᠠᠨ ᠤᠯᠤᠰ ᠤᠨ ᠬᠤᠶᠠᠳᠤᠭᠠᠷ ᠪᠦᠯᠦᠭ ᠤᠨ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠲᠠ︶ ᠤ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2023/5/15
     ᠣᠶᠢᠷ᠎ᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠨᠡᠶᠢᠲᠡᠯᠡᠭᠰᠡᠨ ᠬᠤᠶᠠᠳᠤᠭᠠᠷ ᠪᠦᠯᠦᠭ ᠤᠨ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠲᠠ︶ ᠤ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ ᠨᠡᠷᠡᠰ ᠤᠨ ᠳᠣᠲᠣᠷ᠎ᠠ᠂ ᠬᠥᠬᠡᠬᠤᠲᠠ ᠶᠢᠨ ᠬᠤᠷᠢᠨᠭᠡᠷ ᠰᠢᠶᠠᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ︾ ᠳᠠᠪᠠᠭᠤᠯᠢᠭ ᠢᠶᠠᠷ ᠢᠶᠠᠨ ᠰᠣᠩᠭᠤᠭᠳᠠᠨ ᠣᠷᠣᠵᠤ᠂ ᠲᠣᠰ ᠬᠤᠲᠠ ᠶᠢᠨ ᠤᠯᠤᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠲᠠ︶ ᠤ ᠪᠥᠲᠥᠭᠡᠨ ᠪᠠᠶᠢᠭᠤᠯᠤᠯᠲᠠ ᠶᠢᠨ ᠨᠢᠭᠡᠴᠡ ᠳᠤ ᠵᠢᠭᠰᠠᠭᠠᠭᠳᠠᠭᠰᠠᠨ ᠠᠩᠬᠠᠳᠠᠭᠴᠢ ᠬᠤᠰᠢᠭᠤ ᠰᠢᠶᠠᠨ ᠪᠣᠯᠤᠭᠰᠠᠨ ᠪᠠᠶᠢᠨ᠎ᠠ᠃
     ᠣᠶᠢᠯᠠᠭᠠᠭᠰᠠᠨ ᠢᠶᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠶᠠᠨ ᠤ ᠬᠡᠪᠴᠢᠶᠡᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠲᠤᠬᠠᠶ ᠰᠠᠨᠠᠯ ᠤᠳ︾ ᠢ ᠰᠢᠶᠠᠨ ᠤ ᠬᠡᠪᠴᠢᠶᠡᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠵᠤ᠂ 2018 ᠣᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ︽ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠳᠠ︶ ᠤ ᠪᠦᠳᠦᠭᠡᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠤᠮᠵᠢ︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠪᠦᠬᠦ ᠤᠯᠤᠰ ᠲᠤ ᠨᠢᠭᠡ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠰᠢᠶᠠᠨ ︵ᠬᠤᠳᠠ︶ ᠢ ᠪᠠᠶᠢᠷᠢᠰᠢᠭᠤᠯᠤᠨ ᠪᠦᠳᠦᠭᠡᠨ ᠪᠠᠶᠢᠭᠤᠯᠵᠤ᠂ ᠨᠢᠭᠡ ᠪᠦᠯᠦᠭ ᠰᠢᠨ᠎ᠡ ᠶᠢ ᠡᠭᠦᠳᠬᠦ ᠴᠢᠳᠠᠪᠤᠷᠢ ᠪᠠᠷ ᠲᠤᠪᠤᠶᠢᠮ᠎ᠠ᠂ ᠰᠢᠨ᠎ᠡ ᠶᠢ ᠡᠭᠦᠳᠬᠦ ᠶᠢᠨ ᠨᠥᠯᠥᠭᠡᠯᠡᠨ ᠳᠠᠭᠠᠭᠤᠯᠬᠤ ᠦᠢᠯᠡᠳᠦᠯ ᠢᠶᠠᠷ ᠴᠢᠩᠭ᠎ᠠ᠂ ᠠᠵᠤ ᠠᠬᠤᠢ ᠨᠡᠶᠢᠭᠡᠮ ᠵᠣᠬᠢᠴᠠᠩᠭᠤᠢ ᠬᠥᠭᠵᠢᠭᠰᠡᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠦᠭᠰᠡᠨ ᠰᠢᠶᠠᠨ ᠤ ᠬᠡᠪᠴᠢᠶᠡᠨ ᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠬᠡᠪ ᠳᠠᠭᠤᠷᠢᠶᠠᠯ ᠢ ᠪᠦᠷᠢᠯᠳᠦᠭᠦᠯᠵᠡᠢ᠃      ᠣᠶᠢᠷ᠎ᠠ ᠶᠢᠨ ᠵᠢᠯ ᠳᠤ᠂ ᠬᠤᠷᠢᠨᠭᠡᠷ ᠰᠢᠶᠠᠨ ᠤ ᠬᠢᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ  ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠦ ᠶᠢᠨ ᠦᠢᠯᠡᠰ ᠤᠨ ᠠᠵᠤ ᠦᠢᠯᠡᠰ᠂ ᠪᠣᠬᠢᠷᠲᠤᠯ ᠦᠭᠡᠶ ᠴᠢᠨᠠᠷ ᠰᠠᠶᠢᠲᠠᠶ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠵᠡᠷᠭᠡ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠡᠷᠡᠭᠵᠢᠭᠦᠯᠬᠦ ᠶᠢᠨ ᠬᠠᠮᠲᠤ᠂ ᠣᠷᠣᠨ ᠪᠦᠰᠡ ᠶᠢᠨ ᠤᠨᠴᠠᠯᠢᠭᠳᠤ ᠠᠵᠤ ᠦᠢᠯᠡᠰ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠨᠡᠶᠢᠲᠡ 1.84 ᠳ᠋ᠦᠩᠰᠢᠭᠤᠷ ᠲᠥᠭᠦᠷᠢᠭ ᠣᠷᠣᠭᠤᠯᠵᠤ ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 214 ᠬᠡᠷᠡᠭᠵᠢᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠲᠠᠪᠴᠠᠩ ᠢ 44 ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠣᠯᠭ᠎ᠠ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠰ᠂ ᠠᠵᠤ ᠠᠬᠤᠶ ᠨᠡᠶᠢᠭᠡᠮ ᠤᠨ ᠨᠡᠪᠲᠡᠷᠡᠨ ᠬᠥᠭᠵᠢᠬᠦ ᠰᠢᠨ᠎ᠡ ᠠᠷᠭ᠎ᠠ ᠵᠠᠮ ᠢ ᠨᠡᠭᠡᠭᠡᠵᠦ᠂ ᠰᠢᠶᠠᠨ ᠤ ᠬᠡᠪᠴᠢᠶᠡᠨ ᠤ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠪᠠᠳᠠᠷᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠬᠦ ᠶᠢ ᠠᠬᠢᠭᠤᠯᠪᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号