ᠬᠤᠷᠢᠨᠭᠡᠷ ᠰᠢᠶᠠᠨ ᠬᠠᠲᠤᠨ ᠭᠤᠣᠯ ᠤᠨ ᠰᠠᠪᠠ ᠭᠠᠵᠠᠷ ᠤᠨ ᠪᠦᠦ ᠪᠧᠢ ᠾᠧ ᠭᠤᠣᠯ ᠤᠨ ᠬᠡᠰᠡᠭ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠠᠵᠢᠯ ᠡᠬᠢᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/5/15
   
     5 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠬᠤᠷᠢᠨᠭᠡᠷ ᠰᠢᠶᠠᠨ ᠬᠠᠲᠤᠨ ᠭᠤᠤᠯ ᠤᠨ ᠰᠠᠪᠠ ᠭᠠᠵᠠᠷ ᠤᠨ ᠪᠦᠦ ᠾᠧ ᠪᠸᠢ ᠭᠤᠤᠯ ᠤᠨ ᠬᠡᠰᠡᠭ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠠᠵᠢᠯ ᠡᠬᠢᠯᠡᠬᠦ ᠶᠣᠰᠣᠯᠠᠯ ᠶᠠᠪᠤᠭᠤᠯᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠹᠧᠩ ᠠᠵᠢᠯ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠬᠤᠷᠢᠨᠭᠡᠷ ᠰᠢᠶᠠᠨ ᠤ ᠬᠠᠲᠤᠨ ᠭᠤᠤᠯ ᠤᠨ ᠰᠠᠪᠠ ᠭᠠᠵᠠᠷ ᠤᠨ ᠪᠦᠦ ᠪᠸᠢ ᠾᠧ ᠭᠤᠤᠯ ᠤᠨ ᠬᠡᠰᠡᠭ ᠤᠨ ᠠᠮᠢ ᠠᠬᠤᠶ ᠶᠢᠨ ᠶᠡᠷᠦᠩᠬᠡᠶᠢᠯᠡᠨ ᠵᠠᠰᠠᠬᠤ ᠢᠨᠵᠧᠨᠧᠷᠢᠩ ᠵᠢᠩᠬᠢᠨᠢ ᠪᠠᠷ ᠠᠵᠢᠯ ᠡᠬᠢᠯᠡᠭᠰᠡᠨ ᠢ ᠵᠠᠷᠯᠠᠪᠠ᠃ ᠥᠪᠥᠷ ᠮᠣᠩᠭᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯ ᠡᠬᠢᠯᠡᠬᠦ ᠶᠣᠰᠣᠯᠠᠯ ᠳᠤ ᠣᠷᠣᠯᠴᠠᠵᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠴᠧᠩ ᠭᠤᠸᠠᠨ ᠪᠠᠯᠭᠠᠰᠤ᠂ ᠱᠧᠩ ᠯᠧ ᠤᠯᠤᠰ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠠᠷᠢᠭᠤᠴᠠᠯᠭᠠᠲᠠᠨ ᠨᠠᠷ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃
     ᠭᠤᠤ ᠹᠧᠩ ᠠᠵᠢᠯ ᠡᠬᠢᠯᠡᠬᠦ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠦ᠂ ᠲᠡᠷᠡ ᠬᠡᠯᠡᠬᠦ ᠳᠡᠭᠡᠨ᠂ ᠥᠨᠥᠳᠦᠷ ᠦᠪᠡᠳᠡᠭᠰᠢ ᠶᠡᠭᠡ ᠪᠠᠷ ᠶᠠᠪᠤᠭᠳᠠᠭᠰᠠᠨ ᠬᠠᠲᠤᠨ ᠭᠤᠣᠯ ᠤᠨ ᠰᠠᠪᠠ ᠭᠠᠵᠠᠷ ᠤᠨ ᠪᠦᠦ ᠪᠸᠢ ᠾᠧ ᠭᠤᠣᠯ ᠤᠨ ᠬᠡᠰᠡᠭ ᠤᠨ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠤᠨ ᠠᠵᠢᠯ ᠡᠬᠢᠯᠡᠬᠦ ᠶᠣᠰᠣᠯᠠᠯ ᠮᠠᠨ ᠤ ᠰᠢᠶᠠᠨ ᠤ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠤᠨ᠎ᠠ᠂ ᠮᠥᠨᠴᠦ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠣᠳᠠᠲᠠᠢ ᠠᠵᠢᠯᠯᠠᠭ᠎ᠠ ᠪᠣᠯᠤᠨ᠎ᠠ᠃ ᠡᠬᠢᠯᠡᠵᠦ ᠬᠡᠷᠡᠭᠵᠢᠭᠦᠯᠦᠭᠰᠡᠨ ᠬᠠᠲᠤᠨ ᠭᠤᠣᠯ ᠤᠨ ᠰᠠᠪᠠ ᠭᠠᠵᠠᠷ ᠤᠨ ᠪᠦᠦ ᠪᠸᠢ ᠾᠧ ᠭᠤᠣᠯ ᠤᠨ ᠬᠡᠰᠡᠭ ᠤᠨ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠮᠠᠨ ᠤ ᠰᠢᠶᠠᠨ ᠤ ᠭᠤᠣᠯᠳᠠᠯᠭ᠎ᠠ ᠲᠠᠢ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠢᠨᠵᠧᠨᠧᠷᠢᠩ ᠪᠣᠯᠬᠤ ᠪᠥᠭᠡᠳ ᠪᠠᠰᠠ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠬᠤᠳᠠ ᠶᠢᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠪᠠᠲᠤᠯᠠᠪᠤᠷᠢ ᠶᠢᠨ ᠴᠢᠳᠠᠪᠤᠷᠢ ᠶᠢ ᠴᠢᠨᠠᠭᠰᠢᠳᠠ ᠪᠠᠬᠢᠵᠢᠭᠦᠯᠵᠦ᠂ ᠭᠤᠣᠯ ᠮᠥᠷᠡᠨ ᠤ ᠠᠮᠢ ᠠᠬᠤᠢ ᠶᠢᠨ ᠰᠢᠰᠲ᠋ᠧᠮ ᠤᠨ ᠪᠦᠲᠦᠴᠡ ᠶᠢ ᠬᠠᠮᠠᠭᠠᠯᠠᠵᠤ᠂ ᠭᠤᠣᠯ ᠮᠥᠷᠡᠨ ᠤ ᠠᠮᠢ ᠠᠬᠤᠢ ᠶᠢᠨ ᠦᠢᠯᠡᠴᠢᠯᠡᠭᠡᠨ ᠤ ᠴᠢᠳᠠᠪᠬᠢ ᠪᠣᠯᠤᠨ ᠨᠡᠶᠢᠭᠡᠮ ᠤᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠪᠦᠦ ᠪᠸᠢ ᠾᠧ ᠭᠤᠣᠯ ᠤᠨ ᠰᠠᠪᠠ ᠭᠠᠵᠠᠷ ᠤᠨ ᠡᠷᠡᠭᠦᠯ ᠪᠥᠭᠡᠳ ᠰᠠᠶᠢᠨ ᠡᠷᠭᠢᠯᠲᠡ ᠲᠠᠢ ᠤᠰᠤᠨ ᠤ ᠠᠮᠢ ᠠᠬᠤᠢ ᠶᠢᠨ ᠰᠢᠰᠲ᠋ᠧᠮ ᠢ ᠪᠠᠶᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠤᠨ᠎ᠠ᠃      ᠲᠡᠷᠡ ᠢᠯᠡᠷᠬᠡᠶᠢᠯᠡᠬᠦ ᠳᠡᠭᠡᠨ᠂ ᠲᠥᠷᠥᠯ ᠵᠦᠢᠯ ᠤᠨ ᠠᠵᠢᠯ ᠡᠬᠢᠯᠡᠬᠦ ᠪᠣᠯ ᠡᠬᠢᠯᠡᠯᠲᠡ ᠲᠡᠳᠦᠶ ᠶᠤᠮ᠂ ᠲᠦᠷᠭᠡᠪᠴᠢᠯᠡᠨ ᠠᠬᠢᠭᠤᠯᠵᠤ᠂ ᠪᠠᠯᠠ ᠣᠷᠣᠭᠤᠯᠤᠯᠲᠠ ᠶᠢ ᠪᠠᠶᠢᠭᠤᠯᠵᠤ ᠳᠠᠭᠤᠰᠬᠠᠬᠤ ᠪᠣᠯ ᠰᠠᠶ᠋ᠢ ᠵᠠᠩᠭᠢᠯᠠᠭ᠎ᠠ ᠮᠥᠨ ᠭᠡᠵᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠴᠧᠩ ᠭᠤᠸᠠᠨ ᠪᠠᠯᠭᠠᠰᠤ ᠶᠢᠨ ᠬᠢᠨ ᠠᠬᠢᠴᠠ ᠶᠢ ᠠᠳᠬᠤᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠢᠯᠡᠴᠢᠯᠡᠭᠡ ᠪᠣᠯᠤᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠨᠠᠭᠰᠢᠳᠠ ᠰᠠᠶᠢᠲᠤᠷ ᠬᠢᠵᠦ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠡᠯ᠎ᠡ ᠵᠦᠢᠯ ᠤᠨ ᠵᠥᠷᠢᠴᠡᠯ ᠪᠣᠯᠤᠨ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠡᠷᠲᠡᠬᠡᠨ ᠠᠵᠢᠯ ᠳᠠᠭᠤᠰᠴᠤ᠂ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ︔ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠨᠢ ᠠᠮᠤᠷ ᠲᠦᠪᠰᠢᠨ ᠢ ᠠᠳᠬᠤᠵᠤ᠂ ᠶᠠᠰᠤ ᠴᠢᠨᠠᠷ ᠢ ᠪᠠᠲᠤᠯᠠᠨ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠥᠯᠥᠪᠯᠡᠭᠡ ᠶᠣᠰᠣᠭᠠᠷ ᠪᠡᠶᠡᠯᠡᠭᠦᠯᠵᠦ᠂ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠠᠷᠠᠳ ᠣᠯᠠᠨ ᠤ ᠰᠡᠳᠬᠢᠯ ᠬᠠᠨᠤᠮᠵᠢᠲᠠᠶ ᠠᠷᠠᠳ ᠤᠨ ᠰᠡᠳᠬᠢᠯ ᠤᠨ ᠢᠨᠵᠧᠨᠧᠷᠢᠩ᠂ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠰᠣᠳᠣᠨ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠭᠡᠵᠡᠢ᠃      ᠬᠥᠬᠡᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠬᠤᠷᠢᠨᠭᠡᠷ ᠰᠢᠶᠠᠨ ᠤ ᠱᠧᠩ ᠯᠧ ᠤᠯᠤᠰ ᠤᠨ ᠥᠮᠴᠢᠯᠡᠯ ᠤᠨ ᠬᠦᠷᠦᠩᠭᠡ ᠶᠢᠨ ᠪᠡᠯᠡ ᠣᠷᠣᠭᠤᠯᠤᠯᠲᠠ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠤᠰ ᠲᠤᠰ ᠣᠪᠣᠷ ᠢᠶᠠᠨ ᠢᠯᠡᠳᠬᠡᠬᠦ ᠦᠭᠡ ᠬᠡᠯᠡᠪᠡ᠃
     ᠠᠵᠢᠯ ᠡᠬᠢᠯᠡᠬᠦ ᠶᠣᠰᠣᠯᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠡᠬᠢᠯᠡᠯᠲᠡ ᠶᠢᠨ ᠡᠰᠢ ᠶᠢ ᠬᠠᠮᠲᠤ ᠪᠠᠷ ᠲᠦᠯᠬᠢᠨ ᠠᠬᠢᠭᠤᠯᠪᠠ᠃      ᠬᠠᠲᠤᠨ ᠭᠤᠤᠯ ᠤᠨ ᠰᠠᠪᠠ ᠭᠠᠵᠠᠷ ᠤᠨ ᠪᠦᠦ ᠪᠸᠢ ᠾᠧ ᠭᠤᠤᠯ ᠤᠨ ᠬᠡᠰᠡᠭ ᠤᠨ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠲᠥᠷᠥᠯ ᠵᠦᠢᠯ ᠨᠢ ᠬᠤᠷᠢᠨᠭᠡᠷ ᠰᠢᠶᠠᠨ ᠤ ᠬᠢᠯᠢ ᠳᠤ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠬᠤᠷᠠᠭᠰᠠᠨ ᠰᠢᠪᠠᠷ ᠢ ᠠᠷᠢᠯᠭᠠᠬᠤ᠂ ᠬᠠᠵᠠᠭᠤ ᠶᠢᠨ ᠥᠭᠡᠳᠡ ᠶᠢ ᠬᠠᠮᠠᠭᠠᠯᠠᠨ ᠴᠣᠭᠴᠠᠯᠠᠬᠤ᠂ ᠨᠣᠭᠤᠭᠠᠷᠠᠭᠤᠯᠬᠤ᠂ ᠭᠤᠤᠯ ᠴᠠᠭᠳᠠᠬᠤ ᠵᠢᠴᠢ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠵᠠᠮ ᠤᠨ ᠪᠥᠲᠥᠭᠡᠨ ᠪᠠᠶᠢᠭᠤᠯᠤᠯᠲᠠ᠂ ᠬᠤᠷᠠᠭᠰᠠᠨ ᠢ ᠠᠷᠢᠯᠭᠠᠨ ᠰᠢᠷᠣᠶ ᠬᠠᠶᠠᠵᠤ ᠲᠠᠷᠢᠶᠠᠨ ᠭᠠᠵᠠᠷ ᠭᠠᠷᠭᠠᠬᠤ ᠵᠡᠷᠭᠡ ᠢᠨᠵᠧᠨᠧᠷᠢᠩ ᠢ ᠪᠠᠭᠲᠠᠭᠠᠵᠤ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 49381.26 ᠲᠦᠮᠡᠨ ᠲᠥᠭᠦᠷᠢᠭ ᠪᠣᠯᠤᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠠᠮᠢ ᠠᠬᠤᠶ ᠶᠢᠨ ᠲᠡᠩᠴᠡᠭᠦᠷᠢ ᠶᠢ ᠪᠠᠲᠤᠯᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠠᠲᠤᠯᠠᠬᠤ ᠵᠢᠴᠢ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠦᠶᠡᠷ ᠢ ᠬᠤᠷᠠᠮᠳᠤᠭᠤᠯᠤᠨ ᠭᠠᠩ ᠢ ᠰᠡᠷᠭᠡᠶᠢᠯᠡᠬᠦ᠂ ᠪᠣᠬᠢᠷᠲᠤᠯ ᠪᠣᠳᠠᠰ ᠢ ᠵᠠᠳᠠᠷᠠᠭᠤᠯᠬᠤ᠂ ᠤᠰᠤᠨ ᠤ ᠴᠢᠨᠠᠷ ᠢ ᠴᠡᠪᠡᠷᠰᠢᠭᠦᠯᠬᠦ᠂ ᠣᠷᠴᠢᠨ ᠠᠬᠤᠶ ᠶᠢ ᠭᠤᠶᠤᠵᠢᠭᠤᠯᠬᠤ᠂ ᠵᠢᠭᠤᠯᠴᠢᠯᠠᠯ ᠤᠨ ᠡᠬᠢ ᠪᠠᠶᠠᠯᠢᠭ ᠢ ᠬᠠᠩᠭᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠬᠤ ᠪᠣᠯᠤᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号