ᠬᠤᠷᠢᠨᠭᠡᠷ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/15
     5 ᠰᠠᠷ᠎ᠠ ᠶᠢᠨ 12 ᠤᠨ ᠡᠳᠦᠷ ᠪᠣᠯ ︽ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠪᠣᠯᠤᠨ᠎ᠠ᠃ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠣᠯᠤᠨ ᠠᠶᠤᠯ ᠠᠴᠠ ᠵᠠᠶᠢᠯᠠᠵᠤ ᠠᠮᠢ ᠵᠢᠭᠤᠲᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠬᠤᠷᠢᠨᠭᠡᠷ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠣᠴᠢᠭᠤᠯᠤᠨ ᠲᠣᠭᠤᠷᠢᠨ ᠦᠵᠡᠭᠦᠯᠵᠦ ᠰᠤᠷᠤᠯᠴᠠᠭᠤᠯᠪᠠ᠃
     ᠭᠠᠯ ᠤᠨᠲᠠᠷᠠᠭᠠᠬᠤ ᠠᠪᠤᠷᠠᠨ ᠲᠤᠰᠠᠯᠠᠬᠤ ᠳᠤᠮᠳᠠ ᠠᠩᠭᠢ ᠶᠢᠨ ᠵᠢᠭᠠᠨ ᠵᠢᠯᠣᠭᠤᠳᠣᠭᠴᠢ ᠠᠴᠠ ᠭᠠᠯ ᠤᠨᠲᠠᠷᠠᠭᠠᠬᠤ ᠲᠡᠷᠭᠡ ᠬᠥᠰᠬᠡ ᠪᠣᠯᠤᠨ ᠲᠡᠷᠭᠡ ᠳᠠᠭᠠᠬᠤ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠤᠨ ᠪᠠᠶᠢᠳᠠᠯ ᠢ ᠨᠠᠷᠢᠨ ᠲᠠᠨᠢᠯᠴᠠᠭᠤᠯᠵᠤ᠂ ᠥᠪᠴᠢ ᠥᠪᠴᠢ ᠪᠠᠶᠢᠯᠳᠤᠭᠠᠨ ᠤ ᠬᠤᠪᠴᠠᠰᠤ ᠶᠢ ᠡᠮᠦᠰᠴᠦ ᠵᠡᠭᠦᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠭᠠᠯ ᠤᠨ ᠠᠶᠤᠯ ᠢ ᠰᠡᠷᠭᠡᠶᠢᠯᠡᠬᠦ ᠮᠡᠳᠡᠯᠭᠡ ᠵᠢᠴᠢ ᠭᠠᠯ ᠤᠨ ᠠᠶᠤᠯ ᠭᠠᠷᠬᠤ ᠦᠶ᠎ᠡ ᠶᠢᠨ ᠠᠩᠬᠠᠷᠬᠤ ᠵᠦᠢᠯ ᠵᠡᠷᠭᠡ ᠶᠢ ᠲᠠᠶᠢᠯᠪᠤᠷᠢᠯᠠᠨ ᠥᠭᠴᠦ᠂ ᠲᠣᠭᠤᠷᠢᠨ ᠦᠵᠡᠭᠴᠢᠳ ᠤᠨ ᠪᠣᠳᠠᠲᠠᠶ ᠠᠵᠢᠯ ᠤᠨ ᠳᠤᠮᠳᠠ ᠲᠣᠬᠢᠶᠠᠯᠳᠤᠭᠰᠠᠨ ᠵᠠᠷᠢᠮ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤᠨᠢ ᠬᠠᠷᠢᠭᠤᠯᠲᠠ ᠥᠭᠪᠡ᠃
     ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠢᠶᠠᠷ ᠢᠶᠠᠨ ᠭᠠᠯ ᠤᠨᠲᠠᠷᠠᠭᠠᠬᠤ᠂ ᠭᠠᠯ ᠤᠨᠲᠠᠷᠠᠭᠠᠬᠤ ᠦᠨᠳᠦᠰᠦᠨ ᠮᠡᠳᠡᠯᠭᠡ ᠵᠢᠴᠢ ᠭᠠᠯ ᠰᠡᠷᠭᠡᠶᠢᠯᠡᠬᠦ ᠠᠮᠤᠷ ᠲᠦᠪᠰᠢᠨ ᠤ ᠴᠢᠬᠤᠯᠠ ᠴᠢᠨᠠᠷ ᠢ ᠰᠢᠭᠤᠳ᠂ ᠦᠨᠡᠨ ᠪᠣᠳᠠᠲᠠᠶ ᠪᠠᠷ ᠣᠶᠢᠯᠠᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃ ᠪᠠᠰᠠ ᠭᠠᠯ ᠤᠨᠲᠠᠷᠠᠭᠠᠭᠴᠢ ᠶᠢᠨ ᠭᠠᠯ ᠤᠨ ᠭᠠᠮᠰᠢᠭ ᠢ ᠤᠰᠠᠳᠬᠠᠬᠤ᠂ ᠭᠠᠮᠰᠢᠭ ᠠᠴᠠ ᠠᠪᠤᠷᠠᠬᠤ᠂ ᠠᠶᠤᠯ ᠠᠴᠠ ᠠᠪᠤᠷᠠᠬᠤ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ ᠵᠡᠷᠭᠡ ᠠᠵᠢᠯ ᠤᠨ ᠳᠤᠮᠳᠠ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢ ᠤᠯᠠᠨ ᠳᠤ ᠣᠶᠢᠯᠠᠭᠠᠭᠤᠯᠪᠠ᠃ ᠤᠯᠠᠨ ᠢᠶᠠᠷ ᠢᠶᠠᠨ᠂ ᠳᠤᠷᠠᠲᠠᠶ᠎ᠠ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠦᠢᠯᠡᠳᠦᠯᠭᠡᠵᠢᠭᠦᠯᠦᠭᠴᠢ ᠪᠠ ᠤᠯᠠᠮᠵᠢᠯᠠᠭᠴᠢ ᠪᠤᠯᠵᠤ᠂ ᠠᠮᠤᠷ ᠠᠮᠤᠭᠤᠯᠠᠩ ᠪᠠ ᠤᠢ ᠰᠢᠭᠤᠢ ᠶᠢᠨ ᠪᠦᠳᠦᠬᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号