ᠤᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠵᠠᠩᠭᠢᠯᠠᠭ᠎ᠠ ᠶᠢᠨ ᠦᠶ᠎ᠡ ᠪᠣᠯᠣᠯ᠎ᠠ᠃ | ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ᠪᠢᠴᠢᠭ ᠮᠠᠲ᠋ᠧᠷᠢᠶᠠᠯ ᠨᠡᠶᠢᠲᠡᠯᠡᠵᠦ᠂ ᠠᠵᠢᠯ ᠡᠷᠢᠬᠦ ᠳᠡᠭᠡᠨ ︽ | ᠤᠨᠠᠭᠤᠯᠢ︾ ᠳᠤ ᠤᠨᠠᠬᠤ ᠠᠴᠠ ᠪᠤᠯᠭᠤᠮᠵᠢᠯᠠᠬᠤ ᠶᠢ ᠲᠡᠭᠦᠰᠬᠦ ᠤᠶᠤᠳᠠᠳ ᠲᠤ ᠰᠠᠨᠠᠭᠤᠯᠪᠠ᠃ | ᠰᠤᠷᠭᠠᠨ ᠬᠥᠮᠦᠵᠢᠯ ᠤᠨ ᠶᠠᠮᠤᠨ ᠰᠠᠨᠠᠭᠤᠯᠬᠤ ᠳᠠᠭᠠᠨ᠂ ᠠᠵᠢᠯ ᠡᠷᠢᠬᠦ ᠳᠡᠭᠡᠨ ᠬᠠᠤᠯᠢ ᠪᠤᠰᠤ | ᠪᠠᠶᠢᠭᠤᠯᠤᠮᠵᠢ ᠶᠢᠨ ᠠᠵᠢᠯ ᠲᠠᠨᠢᠯᠴᠠᠭᠤᠯᠬᠤ ᠨᠡᠷ᠎ᠡ ᠪᠠᠷ ᠶᠡᠭᠡ ᠬᠡᠮᠵᠢᠶᠡᠨ ᠤ ᠵᠠᠭᠤᠴᠢᠯᠠᠬᠤ ᠰᠦᠢᠳᠭᠡᠯ ᠬᠤᠷᠢᠶᠠᠬᠤ ᠶᠢ | ᠴᠢᠩᠭ᠎ᠠ ᠰᠡᠷᠭᠡᠶᠢᠯᠡᠬᠦ ᠬᠡᠷᠡᠭᠲᠡᠶ᠃ ᠰᠢᠯᠲᠠᠭ ᠡᠷᠢᠵᠦ ᠭᠡᠷ᠎ᠡ ᠶᠢ ᠬᠤᠶᠢᠰᠢᠯᠠᠭᠤᠯᠬᠤ ᠪᠤᠶᠤ ᠰᠢᠭᠤᠳ ᠭᠦᠢᠴᠡᠳᠬᠡᠬᠦ | ᠥᠬᠡᠶ ᠪᠠᠶᠢᠬᠤ ᠠᠴᠠ ᠰᠡᠷᠭᠡᠶᠢᠯᠡᠬᠦ ᠬᠡᠷᠡᠭᠲᠡᠶ᠃ ᠬᠥᠮᠦᠨ ᠬᠡᠷᠡᠭᠯᠡᠬᠦ ᠨᠢᠭᠡᠴᠢ ᠪᠤᠶᠤ ᠵᠠᠭᠤᠴᠢ ᠪᠠᠶᠢᠭᠤᠯᠤᠮᠵᠢ ᠶᠢᠨ | ᠠᠵᠢᠯᠲᠠᠨ ᠬᠡᠷᠡᠭᠯᠡᠬᠦ ᠨᠡᠷ᠎ᠡ ᠪᠠᠷ ᠨᠡᠷ᠎ᠡ ᠮᠡᠳᠡᠭᠦᠯᠬᠦ ᠰᠦᠢᠳᠬᠡᠯ᠂ ᠪᠡᠶ᠎ᠡ ᠶᠢᠨ ᠰᠢᠨᠵᠢᠯᠡᠭᠡᠨ ᠤ ᠰᠦᠢᠳᠬᠡᠯ᠂ | ᠪᠣᠯᠪᠠᠰᠤᠷᠠᠯ ᠤᠨ ᠰᠦᠢᠳᠬᠡᠯ᠂ ᠪᠠᠷᠢᠴᠠᠭᠠᠨ ᠤ ᠮᠥᠩᠭᠦ ᠵᠡᠷᠭᠡ ᠰᠦᠢᠳᠬᠡᠯ ᠬᠤᠷᠢᠶᠠᠬᠤ ᠶᠢ ᠰᠡᠷᠭᠡᠶᠢᠯᠡᠵᠦ᠂ ᠡᠯ᠎ᠡ | ᠵᠦᠢᠯ ᠤᠨ ᠰᠢᠯᠲᠠᠭ ᠢᠶᠠᠷ ᠲᠡᠭᠦᠰᠬᠦ ᠤᠶᠤᠳᠠᠳ ᠤᠨ ᠠᠵᠢᠯ ᠳᠤ ᠣᠷᠣᠬᠤ ᠶᠢ ᠲᠡᠪᠴᠢᠬᠦ ᠪᠤᠶᠤ ᠠᠵᠢᠯ ᠠᠴᠠ ᠨᠢ | ᠵᠣᠭᠰᠣᠭᠠᠬᠤ ᠶᠢ ᠰᠡᠷᠭᠡᠶᠢᠯᠡᠬᠦ ᠬᠡᠷᠡᠭᠲᠡᠶ᠃ ᠠᠵᠢᠯ ᠡᠷᠢᠬᠦ ᠦᠶ᠎ᠡ ᠳᠡᠭᠡᠨ ᠡᠶᠢᠮᠦᠷᠬᠦᠦ ᠪᠠᠶᠢᠳᠠᠯ ᠳᠤ ᠲᠤᠯᠭᠠᠷᠠᠪᠠᠯ᠂ | ᠠᠵᠢᠯ ᠳᠤ ᠣᠷᠣᠬᠤ ᠠᠴᠠ ᠡᠮᠦᠨ᠎ᠡ ᠲᠤᠰᠢᠶᠠᠬᠤ ᠪᠠᠷ ᠱᠠᠭᠠᠷᠳᠠᠭᠰᠠᠨ ᠡᠯ᠎ᠡ ᠵᠦᠢᠯ ᠤᠨ ᠬᠠᠤᠯᠢ ᠪᠤᠰᠤ ᠰᠦᠢᠳᠬᠡᠯ ᠢ | ᠲᠤᠰᠢᠶᠠᠬᠤ ᠦᠬᠡᠢ ᠪᠠᠶᠢᠬᠤ ᠬᠡᠷᠡᠭᠲᠡᠶ᠃ ᠵᠠᠷᠢᠮ ᠪᠠᠶᠢᠭᠤᠯᠤᠮᠵᠢ ᠶᠢᠨ ᠥᠨᠳᠥᠷ ᠴᠠᠯᠢᠩ ᠣᠯᠭᠤᠬᠤ ᠪᠠᠷ ᠠᠵᠢᠯ ᠳᠤ | ᠠᠪᠬᠤ ᠥᠭᠶᠥᠭᠡ ᠪᠣᠯᠭᠠᠵᠤ᠂ ᠪᠣᠯᠪᠠᠰᠤᠷᠠᠯ ᠬᠦᠷᠳᠡᠭᠡᠭᠰᠡᠨ ᠤ ᠲᠠᠷᠠᠭ᠎ᠠ ᠠᠵᠢᠯ ᠣᠯᠭᠤᠬᠤ ᠶᠢ ᠪᠠᠳᠤᠯᠠᠬᠤ ᠪᠠᠷ | ᠠᠮᠠᠯᠠᠵᠦ᠂ ᠪᠣᠯᠪᠠᠰᠤᠷᠠᠯ ᠤᠨ ᠵᠠᠷᠤᠳᠠᠯ ᠢ ᠵᠢᠭᠡᠯᠡᠯᠭᠡ ᠠᠪᠴᠦ ᠪᠠᠶᠢᠭᠠᠳ ᠲᠤᠰᠢᠶᠠᠬᠤ ᠱᠠᠭᠠᠷᠳᠠᠯᠭ᠎ᠠ ᠠᠴᠠ | ᠰᠡᠷᠭᠡᠶᠢᠯᠡᠬᠦ ᠬᠡᠷᠡᠭᠲᠡᠶ︔ ᠵᠠᠷᠢᠮ ᠪᠠᠶᠢᠭᠤᠯᠤᠮᠵᠢ ᠶᠢᠨ ᠲᠡᠭᠦᠰᠬᠦ ᠤᠶᠤᠳᠠᠳ ᠲᠤ ᠥᠨᠳᠥᠷ ᠴᠠᠯᠢᠩ ᠲᠠᠢ ᠠᠵᠢᠯ | ᠲᠥᠷᠥᠯ ᠤᠨ ᠳᠠᠳᠤᠯᠭ᠎ᠠ ᠶᠢᠨ ᠠᠵᠢᠯ ᠤᠨ ᠪᠠᠶᠢᠷᠢ ᠬᠠᠩᠭᠠᠬᠤ ᠪᠠᠷ ᠠᠮᠠᠯᠠᠬᠤ ᠪᠤᠯᠪᠠᠴᠤ ᠡᠷᠬᠡᠪᠰᠢ ᠬᠠᠮᠢᠶᠠᠲᠠᠢ | ᠦᠢᠯᠡᠴᠢᠯᠡᠭᠡᠨ ᠤ ᠰᠦᠢᠳᠭᠡᠯ ᠢ ᠤᠷᠢᠳᠠᠪᠠᠷ ᠲᠤᠰᠢᠶᠠᠬᠤ ᠶᠢ ᠱᠠᠭᠠᠷᠳᠠᠯᠭ᠎ᠠ ᠠᠴᠠ ᠰᠡᠷᠭᠡᠶᠢᠯᠡᠬᠦ ᠬᠡᠷᠡᠭᠳᠡᠢ᠃ | ᠵᠣᠬᠢᠶᠠᠨ ᠪᠠᠶᠢᠭᠤᠯᠤᠭᠴᠢ ᠠᠴᠠ ᠠᠵᠢᠯᠲᠠᠨ ᠡᠯᠰᠡᠬᠦ ᠨᠡᠷ᠎ᠡ ᠪᠠᠷ ᠠᠵᠢᠯ ᠡᠷᠢᠭ᠍ᠰᠡᠳ ᠢᠶᠠᠷ ᠡᠳ᠋ ᠲᠠᠸᠠᠷ ᠬᠤᠳᠠᠯᠳᠤᠨ | ᠠᠪᠤᠭᠤᠯᠬᠤ ᠵᠡᠷᠭᠡ ᠠᠷᠭ᠎ᠠ ᠮᠠᠶ᠋ᠢᠭ ᠢᠶᠠᠷ ᠬᠠᠤᠯᠢ ᠪᠤᠰᠤ ᠠᠰᠢᠭ ᠤᠯᠬᠤ ᠶᠢ ᠰᠡᠷᠭᠡᠶᠢᠯᠡᠬᠦ ᠬᠡᠷᠡᠭᠲᠡᠶ ᠭᠡᠵᠡᠢ᠃ |