ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠯᠡ ᠪᠠᠷ ᠳᠠᠭᠠᠭᠠᠴᠢᠯᠠᠯᠲᠠ | ᠵᠠᠷᠯᠠᠬᠤ ᠬᠡᠯᠪᠡᠷᠢ ᠪᠠᠷ 2023 ᠣᠨ ᠤ 45 ᠳ᠋ᠦᠩᠰᠢᠭᠤᠷ ᠲᠥᠭᠦᠷᠢᠭ ᠤᠨ ᠤᠷᠢᠳᠴᠢᠯᠠᠨ ᠲᠠᠷᠠᠭᠠᠬᠤ ᠲᠤᠰᠬᠠᠢ | ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠠᠮᠵᠢᠯᠲᠠ ᠲᠠᠢ ᠪᠠᠷ ᠲᠠᠷᠬᠠᠭᠠᠪᠠ᠃ | ᠡᠭᠦᠨ ᠳᠤ᠂ 10 ᠵᠢᠯ ᠤᠨ ᠬᠤᠭᠤᠴᠠᠭ᠎ᠠ ᠲᠠᠢ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 9.78 | ᠳ᠋ᠦᠩᠰᠢᠭᠤᠷ ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠬᠦᠦ ᠮᠦᠩᠬᠦ ᠶᠢᠨ ᠨᠣᠷᠮ᠎ᠠ ᠨᠢ 2.98% ᠪᠣᠯᠣᠨ᠎ᠠ︔ | 15 ᠵᠢᠯ ᠤᠨ ᠬᠤᠭᠤᠴᠠᠭ᠎ᠠ ᠲᠠᠢ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 17.7020 ᠳ᠋ᠦᠩᠰᠢᠭᠤᠷ | ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠬᠦᠦ ᠮᠦᠩᠬᠦ ᠶᠢᠨ ᠨᠣᠷᠮ᠎ᠠ ᠨᠢ 3.12% ᠪᠣᠯᠣᠨ᠎ᠠ︔ 20 | ᠵᠢᠯ ᠤᠨ ᠬᠤᠭᠤᠴᠠᠭ᠎ᠠ ᠲᠠᠢ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 17.5180 ᠳ᠋ᠦᠩᠰᠢᠭᠤᠷ | ᠲᠥᠭᠦᠷᠢᠭ ᠲᠠᠷᠬᠠᠭᠠᠵᠤ᠂ ᠲᠠᠷᠬᠠᠭᠠᠯᠲᠠ ᠶᠢᠨ ᠬᠦᠦ ᠮᠦᠩᠬᠦ ᠶᠢᠨ ᠨᠣᠷᠮ᠎ᠠ ᠨᠢ 3. 2% ᠪᠣᠯᠣᠨ᠎ᠠ᠃ ᠳᠠᠭᠠᠭᠠᠨ | ᠪᠣᠷᠣᠯᠠᠭᠤᠯᠤᠭᠰᠠᠨ ᠪᠠᠶᠢᠳᠠᠯ ᠠᠴᠠ ᠦᠵᠡᠪᠡᠯ᠂ ᠪᠠᠩᠬᠢ ᠠᠴᠠ ᠳᠠᠭᠠᠭᠠᠨ ᠪᠣᠷᠣᠯᠠᠭᠤᠯᠤᠭᠰᠠᠨ ᠵᠢᠭᠡᠯᠡᠯᠭᠡ ᠶᠢᠨ | ᠲᠡᠮᠳᠡᠭᠲᠦ 44.1 ᠳ᠋ᠦᠩᠰᠢᠭᠤᠷ ᠲᠥᠭᠦᠷᠢᠭ ᠲᠤ ᠬᠦᠷᠴᠦ᠂ 98 % ᠶᠢ ᠡᠵᠡᠯᠡᠵᠦ ᠪᠠᠶᠢᠨ᠎ᠠ︔ ᠲᠡᠮᠳᠡᠭᠲᠦ ᠶᠢᠨ | ᠬᠤᠳᠠᠯᠳᠤᠭᠠᠴᠢᠨ 0.9 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠶᠢ ᠳᠠᠭᠠᠭᠠᠨ ᠪᠣᠷᠣᠯᠠᠭᠤᠯᠵᠤ᠂ | 2% ᠢ ᠡᠵᠡᠯᠡᠵᠡᠢ᠃ | ᠲᠣᠰ ᠪᠦᠯᠦᠭ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠪᠦᠬᠦᠨ ᠢ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠬᠡᠷᠡᠭᠯᠡᠵᠦ᠂ | ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠡᠯᠡ ᠮᠥᠩᠭᠦ ᠶᠢᠨ ᠳᠡᠮᠵᠢᠯᠭᠡ | ᠬᠠᠩᠭᠠᠨ᠎ᠠ᠃ ᠬᠦᠷᠢᠶ᠎ᠡ ᠴᠠᠷᠠᠭ᠎ᠠ ᠬᠤᠪᠢᠶᠠᠨ ᠦᠵᠡᠪᠡᠯ᠂ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ | ᠡᠬᠢ ᠪᠠᠶᠠᠯᠢᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠡᠯᠡ | ᠮᠥᠩᠭᠦ 16.25 ᠳ᠋ᠦᠩᠰᠢᠭᠤᠷ ᠲᠥᠭᠦᠷᠢᠭ ᠲᠤ ᠬᠦᠷᠴᠦ᠂ 36% ᠶᠢ ᠡᠵᠡᠯᠡᠨ᠎ᠡ︔ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠪᠡᠯᠡ ᠮᠥᠩᠭᠦ 5.2 ᠳ᠋ᠦᠩᠰᠢᠭᠤᠷ ᠲᠥᠭᠦᠷᠢᠭ ᠲᠤ ᠬᠦᠷᠴᠦ᠂ 11.6% ᠶᠢ | ᠡᠵᠡᠯᠡᠨ᠎ᠡ︔ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠪᠡᠯᠡ ᠮᠥᠩᠭᠦ 2.2 ᠳ᠋ᠦᠩᠰᠢᠭᠤᠷ ᠲᠥᠭᠦᠷᠢᠭ ᠲᠤ ᠬᠦᠷᠴᠦ᠂ 4.9% ᠶᠢ ᠡᠵᠡᠯᠡᠨ᠎ᠡ | ︔ ᠤᠮᠠᠷᠠᠰᠢ ᠨᠡᠭᠡᠭᠡᠯᠲᠡ ᠬᠢᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠡᠯᠡ ᠮᠥᠩᠭᠦ 1.2 | ᠳ᠋ᠦᠩᠰᠢᠭᠤᠷ ᠲᠥᠭᠦᠷᠢᠭ ᠲᠤ ᠬᠦᠷᠴᠦ᠂ 2. 7% ᠶᠢ ᠡᠵᠡᠯᠡᠨ᠎ᠡ᠃ ᠡᠭᠦᠨ ᠤ ᠬᠠᠮᠲᠤ᠂ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠣᠲᠣᠷ᠎ᠠ᠂ ᠲᠠᠪᠤᠨ ᠶᠡᠭᠡ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠵᠠᠰᠠᠭ ᠤᠨ ᠣᠷᠳᠣᠨ ᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 15.37 ᠳ᠋ᠦᠩᠰᠢᠭᠤᠷ ᠲᠥᠭᠦᠷᠢᠭ ᠪᠠᠶᠢᠵᠤ᠂ 34. | 2% ᠢ ᠡᠵᠡᠯᠡᠨ᠎ᠡ︔ ᠲᠡᠮᠦᠷ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 4.5 | ᠳ᠋ᠦᠩᠰᠢᠭᠤᠷ ᠲᠥᠭᠦᠷᠢᠭ ᠪᠠᠶᠢᠵᠤ᠂ 10% ᠶᠢ ᠡᠵᠡᠯᠡᠨ᠎ᠡ︔ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 0.28 ᠳ᠋ᠦᠩᠰᠢᠭᠤᠷ ᠲᠥᠭᠦᠷᠢᠭ ᠪᠠᠶᠢᠵᠤ᠂ 0.6% ᠶᠢ ᠡᠵᠡᠯᠡᠨ᠎ᠡ | ᠃ | ᠣᠶᠢᠯᠠᠭᠠᠭᠰᠠᠨ ᠢᠶᠠᠷ᠂ ᠠᠮᠵᠢᠯᠲᠠ ᠲᠠᠢ ᠪᠠᠷ ᠲᠠᠷᠬᠠᠭᠠᠭᠰᠠᠨ ᠲᠣᠰ ᠪᠦᠯᠦᠭ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠪᠥᠬᠦᠨ ᠢ ᠨᠢᠭᠡᠨᠲᠡ ᠲᠥᠷᠥᠯ ᠵᠦᠢᠯ ᠤᠨ ᠬᠠᠷᠢᠶ᠎ᠠ ᠬᠤᠰᠢᠭᠤ | ᠰᠢᠶᠠᠨ ︵ᠲᠣᠭᠤᠷᠢᠭ︶ ᠳᠤ ᠰᠢᠯᠵᠢᠭᠦᠯᠦᠨ ᠥᠭᠭᠦᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ | ᠱᠠᠭᠠᠷᠳᠠᠬᠤ ᠳᠤ ᠪᠠᠨ᠂ ᠬᠤᠰᠢᠭᠤ ᠰᠢᠶᠠᠨ ︵ᠲᠣᠭᠤᠷᠢᠭ︶ ᠵᠢᠴᠢ ᠲᠥᠷᠥᠯ ᠵᠦᠢᠯ ᠤᠨ ᠬᠠᠷᠢᠶ᠎ᠠ ᠨᠢᠭᠡᠴᠢ ᠨᠦᠭᠦᠳ | ᠪᠣᠳᠠᠲᠠᠢ ᠠᠵᠢᠯ ᠤᠨ ᠬᠡᠮᠵᠢᠶ᠎ᠡ ᠶᠢ ᠲᠦᠷᠭᠡᠬᠡᠨ ᠪᠣᠶ ᠪᠣᠯᠭᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ | ᠪᠡᠯᠡ ᠣᠷᠤᠭᠤᠯᠤᠯᠲᠠ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠢᠳᠡᠪᠬᠢ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ ᠭᠡᠵᠡᠢ᠃ | |