ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤᠨ ᠤ ᠯᠢ ᠮᠢᠨ ᠨᠡᠶᠢᠭᠡᠮ ᠲᠣᠭᠤᠷᠢᠭ ᠤᠨ ᠬᠢᠨ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/17
     ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠨ ᠳᠤ ᠥᠯᠥ ᠬᠦᠷᠦᠭᠰᠡᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ᠂ ᠥᠷᠲᠡᠭ ᠤᠨ ᠦᠵᠡᠯᠲᠡ ᠲᠠᠢ ᠪᠣᠯᠭᠠᠵᠤ᠂ ᠨᠠᠰᠤᠨ ᠳᠤ ᠥᠯᠥ ᠭᠦᠷᠦᠭᠰᠡᠳ ᠲᠤ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ ᠰᠢᠯᠢᠳᠡᠭ ᠤᠯᠠᠮᠵᠢᠯᠠᠯ ᠢ ᠭᠦᠶ᠋ᠴᠡᠳ ᠣᠶᠢᠯᠠᠭᠠᠭᠤᠯᠵᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠳᠣᠲᠣᠨᠣᠴᠢᠯᠠᠬᠤ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢᠨ ᠲᠤᠰᠠᠳᠠ᠂ 5 ᠰᠠᠷ᠎ᠠ ᠶᠢᠨ 14 ᠤ ᠡᠳᠦᠷ᠂ ᠯᠢ ᠮᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ᠬᠠᠷᠢᠶᠠᠲᠤ ᠣᠷᠣᠨ ᠤ 7 ᠨᠠᠰᠤᠨ ᠳᠤ ᠨᠠᠰᠤᠨ ᠳᠤ ᠥᠯᠥ ᠭᠦᠷᠦᠭᠰᠡᠳ ᠢ ᠵᠣᠬᠢᠶᠠᠨ ᠪᠠᠶᠢᠭᠤᠯᠤᠨ ᠭᠡᠷ ᠲᠡᠭᠡᠨ ᠬᠤᠴᠣᠷᠤᠭᠰᠠᠨ ᠨᠠᠰᠤᠲᠠᠨ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
     ᠠᠵᠢᠯᠯᠠᠭ᠎ᠠ ᠶᠢᠨ ᠳᠤᠮᠳᠠ᠂ 7 ᠪᠢᠴᠢᠬᠠᠨ ᠰᠠᠶᠢᠨ ᠳᠤᠷ᠎ᠠ ᠶᠢᠨ ᠠᠵᠢᠯᠯᠠᠭᠴᠢ ᠨᠡᠶᠢᠭᠡᠮ ᠲᠣᠭᠤᠷᠢᠭ ᠤᠨ ᠠᠵᠢᠯᠲᠠᠨ ᠤ ᠳᠠᠭᠠᠭᠤᠯᠭ᠎ᠠ ᠪᠠᠷ ᠯᠠᠨᠱᠠᠨ ᠬᠤᠷᠢᠶᠠᠯᠠᠯ ᠤᠨ ᠺᠠᠩ ᠭᠧᠨ ᠵᠢᠶᠦ᠋ᠨ ᠨᠠᠰᠤᠲᠠᠨ ᠤ ᠳᠤ ᠬᠦᠷᠴᠦ᠂ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠠ ᠪᠡᠶ᠎ᠡ ᠶᠢᠨ ᠪᠠᠶᠢᠳᠠᠯ ᠢ ᠤᠶᠢᠯᠠᠭᠠᠨ᠂ ᠨᠠᠰᠤᠲᠠᠨ ᠤ ᠬᠡᠷ ᠪᠠᠶᠢᠰᠢᠩ ᠢ ᠴᠡᠪᠡᠷᠯᠡᠵᠦ᠂ ᠨᠠᠰᠤᠲᠠᠨ ᠢ ᠪᠡᠶ᠎ᠡ ᠪᠠᠨ ᠰᠠᠶᠢᠲᠤᠷ ᠬᠠᠮᠠᠭᠠᠯᠠᠵᠤ᠂ ᠢᠳᠡᠭᠡᠨ ᠤᠮᠳᠠᠭᠠᠨ ᠤ ᠠᠷᠢᠭᠤᠨ ᠴᠡᠪᠡᠷ ᠢ ᠠᠩᠬᠠᠷᠴᠤ᠂ ᠵᠣᠨ ᠤ ᠬᠠᠯᠠᠭᠤᠨ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠵᠠᠬᠢᠪᠠ᠃
     ᠡᠨᠡ ᠤᠳᠠᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠬᠡᠦᠬᠡᠳ ᠤᠳ ᠲᠤ ᠨᠠᠰᠤᠲᠠᠨ ᠢᠶᠠᠨ ᠬᠡᠷᠬᠢᠨ ᠠᠴᠢᠯᠠᠬᠤ᠂ ᠨᠠᠰᠤᠲᠠᠨ ᠢᠶᠠᠨ ᠬᠡᠷᠬᠢᠨ ᠬᠠᠯᠠᠮᠵᠢᠯᠠᠨ ᠬᠠᠶᠢᠷᠠᠯᠠᠬᠤ ᠶᠢ ᠬᠠᠷᠠᠬᠠᠨ ᠪᠠᠭ᠎ᠠ ᠠᠴᠠ ᠨᠢ ᠣᠶᠢᠯᠠᠭᠠᠭᠤᠯᠬᠤ ᠶᠢᠨ ᠬᠠᠮᠲᠤ ᠲᠡᠳᠡᠨ ᠳᠤ ᠡᠨᠡᠬᠦ ᠬᠠᠶᠢᠷ᠎ᠠ ᠪᠠᠨ ᠭᠡᠷ ᠲᠡᠭᠡᠨ ᠠᠪᠴᠢᠷᠠᠨ ᠥᠭᠴᠦ᠂ ᠠᠴᠢ ᠬᠠᠷᠢᠭᠤᠯᠬᠤ ᠶᠢ ᠰᠤᠷᠭᠠᠵᠤ᠂ ᠡᠴᠢᠭᠡ ᠡᠬᠡ ᠠᠬᠠᠰ ᠵᠠᠬᠠᠰ ᠢᠶᠠᠨ ᠠᠴᠢᠯᠠᠬᠤ ᠶᠢ ᠰᠤᠷᠭᠠᠵᠤ᠂ ᠨᠠᠰᠤᠲᠠᠨ ᠢᠶᠠᠨ ᠬᠦᠨᠳᠦᠯᠡᠬᠦ ᠡᠨᠡᠬᠦ ᠳᠤᠮᠳᠠᠳᠤ ᠶᠢᠨ ᠰᠢᠯᠢᠳᠡᠭ ᠰᠣᠶᠣᠯ ᠤᠨ ᠤᠯᠠᠮᠵᠢᠯᠠᠯ ᠢ ᠮᠡᠳᠡᠷᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠢ ᠨᠡᠮᠡᠭᠳᠡᠭᠦᠯᠦᠭᠰᠡᠨ ᠪᠠᠶᠢᠨ᠎ᠠ᠃ᠢᠷᠡᠯᠲᠡ᠄ ᠬᠤᠷᠢᠨᠭᠡᠷ ᠰᠢᠶᠠᠨ ᠤ ︽ᠪᠠᠭ᠋ᠠᠷᠤᠯᠲᠤ ᠬᠤᠷᠢᠨᠭᠡᠷ︾ ᠸᠢᠴᠠᠲ ᠶᠢᠨ ᠨᠡᠶᠢᠲᠡ ᠶᠢᠨ ᠳ᠋ᠤᠭᠠᠷ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号