607.7 ᠳ᠋ᠦᠩᠰᠢᠭᠤᠷ︕
ᠨᠡᠶᠢᠲᠡᠯᠡᠭᠰᠡᠨ ᠴᠠᠭ᠄
2023/5/17
     ᠬᠥᠬᠡᠬᠤᠲᠠ ᠪᠣᠭᠤᠮᠲᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠰᠠᠷ᠎ᠠ ᠳᠠᠷᠠᠭᠠᠯᠠᠨ ᠰᠠᠶᠢᠵᠢᠷᠠᠵᠤ᠂ ᠲᠦᠷᠦᠭᠦᠤ 4 ᠰᠠᠷ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠨᠢ 607.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.1% ᠪᠠᠷ ᠨᠡᠮᠡᠭᠳᠡᠨ᠂ ᠪᠥᠬᠦ ᠤᠯᠤᠰ ᠤᠨ ᠭᠠᠳᠠᠭᠠᠳᠤ ᠠᠷᠠᠯᠵᠢᠶ᠎ᠠ ᠶᠢᠨ ᠨᠡᠮᠡᠭᠳᠡᠯ ᠤᠨ ᠬᠤᠷᠳᠤᠴᠠ ᠠᠴᠠ 39.3 ᠵᠠᠭᠤᠨ ᠤ ᠴᠡᠭ ᠥᠨᠳᠥᠷ ᠪᠣᠯᠵᠠᠢ᠃ ᠡᠭᠦᠨ ᠳᠤ᠂ ᠭᠠᠳᠠᠭᠠᠳᠤ ᠭᠠᠷᠭᠠᠯᠲᠠ ᠶᠢᠨ ᠥᠷᠲᠡᠭ 233.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.6% ᠪᠠᠷ ᠨᠡᠮᠡᠭᠳᠡᠪᠡ︔ ᠭᠠᠳᠠᠭᠠᠳᠤ ᠣᠷᠣᠭᠤᠯᠤᠯᠲᠠ ᠶᠢᠨ ᠥᠷᠲᠡᠭ 373.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 59.6% ᠪᠠᠷ ᠨᠡᠮᠡᠭᠳᠡᠵᠡᠢ᠃      ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠡᠩ ᠤᠨ ᠠᠷᠠᠯᠵᠢᠶᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ 377.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.7% ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠢ ᠥᠷᠲᠡᠭ ᠤᠨ 62.2% ᠢ ᠡᠵᠡᠯᠡᠪᠡ᠃ ᠠᠳᠠᠯᠢ ᠬᠤᠭᠤᠴᠠᠭᠠᠨ ᠳᠤ᠂ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ 123.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 161.4% ᠪᠠᠷ ᠨᠡᠮᠡᠭᠳᠡᠵᠦ᠂ 20.3% ᠶᠢ ᠡᠵᠡᠯᠡᠪᠡ︔ ᠭᠠᠶᠢᠯᠢ ᠦᠭᠡᠢ ᠪᠠᠷᠠᠭᠠᠨ ᠤ ᠭᠦᠢᠯᠭᠡᠭᠡ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 80.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89.5% ᠪᠠᠷ ᠨᠡᠮᠡᠭᠳᠡᠵᠦ᠂ 13.2% ᠢ ᠡᠵᠡᠯᠡᠪᠡ᠃ ᠠᠷᠠᠯᠵᠢᠶᠠᠨ ᠤ ᠬᠠᠨᠢᠲᠠᠨ ᠠᠴᠠ ᠠᠪᠴᠤ ᠦᠵᠡᠪᠡᠯ᠂ ᠮᠣᠩᠭᠤᠯ ᠤᠯᠤᠰ ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 222.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 146.5% ᠪᠠᠷ ᠨᠡᠮᠡᠭᠳᠡᠵᠡᠢ︔ ᠣᠷᠣᠰ ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 108.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 103.3% ᠪᠠᠷ ᠨᠡᠮᠡᠭᠳᠡᠪᠡ︔ ᠠᠮᠧᠷᠢᠺᠠ ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 24.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.3% ᠪᠠᠷ ᠨᠡᠮᠡᠭᠳᠡᠪᠡ᠃ ᠠᠳᠠᠯᠢ ᠬᠤᠭᠤᠴᠠᠭᠠᠨ ᠳᠤ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 426.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 79.7% ᠪᠠᠷ ᠨᠡᠮᠡᠭᠳᠡᠪᠡ︔ ᠡᠸᠦ᠋ᠷᠦᠫᠡ ᠲᠢᠪ ᠤᠨ ᠤᠯᠤᠰ ᠤᠳ ᠤᠨ ᠬᠤᠯᠪᠣᠭ᠎ᠠ ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ 28.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.3% ᠪᠠᠷ ᠨᠡᠮᠡᠭᠳᠡᠪᠡ᠃      ᠡᠭᠦᠨ ᠠᠴᠠ ᠭᠠᠳᠠᠨ᠎ᠠ᠂ ᠲᠦᠷᠦᠭᠦᠤ 4 ᠰᠠᠷ᠎ᠠ ᠳᠤ ᠭᠠᠳᠠᠭᠠᠳᠤ ᠳᠤ ᠭᠠᠷᠭᠠᠭᠰᠠᠨ ᠭᠤᠣᠯ ᠪᠣᠯᠬᠤ ᠲᠠᠸᠠᠷ ᠪᠣᠯᠬᠤ ᠮᠠᠰᠢᠨ ᠴᠠᠬᠢᠯᠭᠠᠨ ᠤ ᠦᠢᠯᠡᠳᠬᠦᠨ᠂ ᠲᠠᠷᠢᠶᠠᠯᠠᠩ ᠤᠨ ᠪᠦᠲᠦᠭᠡᠭᠳᠡᠬᠦᠨ ᠵᠢᠴᠢ ᠪᠣᠯᠣᠳ ᠮᠠᠲ᠋ᠧᠷᠢᠶᠠᠯ ᠤᠨ ᠭᠠᠳᠠᠭᠠᠳᠤ ᠭᠠᠷᠭᠠᠯᠲᠠ ᠨᠢ ᠲᠣᠰ ᠲᠣᠰ 143.6%᠂ 24%᠂ 29.6% ᠪᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠤᠭᠰᠠᠨ ᠭᠤᠣᠯ ᠪᠣᠯᠬᠤ ᠦᠢᠯᠡᠳᠬᠦᠨ ᠪᠣᠯᠬᠤ ᠨᠡᠭᠦᠷᠡᠰᠦ᠂ ᠵᠡᠰ ᠤᠨ ᠬᠦᠳᠡᠷ ᠤᠨ ᠡᠯᠡᠰᠦ᠂ ᠲᠦᠭᠦᠬᠡᠢ ᠴᠢᠯᠠᠭᠤᠨ ᠲᠤᠰᠤᠨ ᠤ ᠭᠠᠳᠠᠭᠠᠳᠤ ᠣᠷᠣᠭᠤᠯᠤᠯᠲᠠ ᠨᠢ ᠨᠡᠯᠢᠶᠡᠳ ᠲᠦᠷᠭᠡᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 439.3%᠂ 40.8%᠂ 92.3% ᠪᠠᠷ ᠨᠡᠮᠡᠭᠳᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号