——ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠥᠷᠨᠢᠭᠦᠯᠪᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠥᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ | ᠨᠢᠭᠡᠴᠢ ᠶᠢᠨ ᠬᠢᠨ ᠣᠯᠠᠨ ᠬᠡᠯᠪᠡᠷᠢ ᠶᠢᠨ᠂ ᠠᠭᠤᠯᠭ᠎ᠠ ᠪᠠᠷ ᠪᠠᠶᠠᠯᠢᠭ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠷᠥᠭᠳᠡᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ᠂ | ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠦᠵᠡᠯ ᠰᠠᠨᠠᠭᠠᠨ ᠤ ᠠᠤᠭ᠎ᠠ ᠬᠦᠴᠦᠨ ᠢ ᠮᠡᠳᠡᠷᠡᠭᠦᠯᠵᠦ᠂ ᠡᠷᠡᠮᠡᠬᠡᠶᠢᠯᠡᠨ | ᠤᠷᠤᠭᠰᠢᠯᠠᠬᠤ ᠬᠦᠴᠦᠨ ᠢ ᠨᠢᠭᠲᠠᠷᠠᠭᠤᠯᠪᠠ᠃ | 5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ | ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ | ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ︽ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠤᠨ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠵᠠᠮ – ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠣᠷᠣᠯᠴᠠᠨ ᠤᠬᠠᠭᠤᠯᠵᠤ ᠲᠤᠭᠤᠰᠢᠯᠠᠭᠤᠯᠤᠶ᠎ᠠ︾ ᠭᠡᠬᠦ ᠭᠤᠣᠯ ᠰᠡᠳᠦᠪᠲᠦ ᠦᠵᠡᠭᠦᠯᠭᠡ ᠶᠢ | ᠬᠠᠮᠲᠤ ᠪᠠᠷ ᠲᠣᠭᠤᠷᠢᠨ ᠦᠵᠡᠪᠡ᠃ ᠲᠣᠭᠤᠷᠢᠨ ᠦᠵᠡᠬᠦ ᠠᠴᠠ ᠡᠮᠦᠨ᠎ᠡ ᠪᠥᠬᠦ ᠨᠥᠬᠦᠳ ᠨᠠᠮ ᠳᠤ ᠣᠷᠣᠬᠤ | ᠲᠠᠩᠭᠠᠷᠢᠭ ᠤᠨ ᠦᠭᠡᠰ ᠢ ᠳᠠᠬᠢᠨ ᠤᠩᠰᠢᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠨᠥᠬᠦᠳ ᠴᠥᠮ ᠨᠢᠭᠡ | ᠤᠳᠠᠭᠠᠨ ᠤ ᠭᠦᠨ ᠭᠦᠨᠵᠡᠭᠡᠢ ᠨᠠᠮᠴᠢ ᠴᠢᠨᠠᠷ ᠤᠨ ᠬᠥᠮᠥᠵᠢᠯ ᠪᠣᠯᠣᠨ ᠦᠵᠡᠯ ᠰᠠᠨᠠᠭᠠᠨ ᠤ ᠳᠠᠪᠲᠠᠯᠲᠠ ᠶᠢ ᠬᠦᠯᠢᠶᠡᠪᠡ | ᠃ ᠦᠵᠡᠰᠬᠦᠯᠡᠩ ᠢ ᠲᠣᠭᠤᠷᠢᠨ ᠦᠵᠡᠬᠦ ᠳᠡᠭᠡᠨ ᠣᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ | ᠪᠠᠶᠢᠨ ᠪᠠᠶᠢᠨ ᠵᠣᠭᠰᠣᠵᠤ ᠰᠣᠨᠢᠷᠬᠠᠨ ᠦᠵᠡᠬᠦ ᠶᠢᠨ ᠬᠠᠮᠲᠤ ᠣᠯᠣᠯᠲᠠ ᠲᠥᠷᠥᠭᠳᠡᠯ ᠢᠶᠠᠨ ᠰᠣᠯᠢᠯᠴᠠᠯ᠎ᠠ᠃ | ᠣᠯᠠᠨ ᠢᠶᠠᠷ ᠢᠶᠠᠨ ᠠᠷᠠᠳ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠨᠠᠮ ᠤᠨ ᠬᠦᠴᠢᠷ ᠵᠣᠪᠠᠭᠤᠷᠢ ᠶᠢ | ᠬᠤᠪᠢᠶᠠᠯᠴᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠣᠯᠠᠨ | ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ | ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ | ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃ | 5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠥᠬᠦ ᠨᠠᠮ ᠤᠨ ᠭᠡᠰᠢᠭᠦᠨ ᠵᠢᠴᠢ ᠨᠠᠮ ᠳᠤ ᠣᠷᠣᠬᠤ | ᠢᠳᠡᠪᠬᠢᠲᠡᠨ ᠰᠦᠢᠶᠤᠸᠠᠨ ᠥᠪᠥᠷ ᠮᠣᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ | ᠪᠠᠭᠤᠷᠢ ᠶᠢᠨ ᠳᠤᠷᠠᠰᠬᠠᠯ ᠤᠨ ᠣᠷᠳᠣᠨ ᠳᠤ ᠬᠦᠷᠴᠦ᠂ ︽ᠦᠵᠡᠯ ᠰᠠᠨᠠᠭ᠎ᠠ ᠶᠢ ᠰᠣᠷᠣᠯᠴᠠᠨ᠂ ᠨᠠᠮᠴᠢ ᠴᠢᠨᠠᠷ ᠢᠶᠠᠨ | ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠭᠤᠣᠯ ᠰᠡᠳᠦᠪᠲᠦ ᠨᠠᠮ ᠤᠨ | ᠡᠳᠦᠷ ᠤᠨ ᠠᠵᠢᠯᠯᠠᠭ᠎ᠠ ᠥᠷᠨᠢᠭᠦᠯᠪᠡ᠃ ᠬᠠᠮᠲᠤ ᠪᠠᠷ ᠲᠣᠰ ᠳᠤᠷᠠᠰᠬᠠᠯ ᠤᠨ ᠣᠷᠳᠣᠨ ᠤ ᠦᠵᠡᠭᠦᠯᠭᠡ ᠶᠢᠨ | ᠲᠢᠩᠬᠢᠮ ᠢ ᠲᠣᠭᠤᠷᠢᠨ ᠦᠵᠡᠵᠦ᠂ ᠲᠡᠳᠡᠭᠡᠷ ᠳᠡᠯᠭᠡᠨ ᠦᠵᠡᠭᠦᠯᠵᠦ ᠪᠠᠶᠢᠭ᠎ᠠ ᠭᠡᠷᠡᠯ ᠵᠢᠷᠤᠭ᠂ ᠲᠡᠦᠬᠡ ᠶᠢᠨ | ᠳᠤᠷᠠᠰᠬᠠᠯᠲᠤ ᠵᠦᠢᠯᠡᠰ᠂ ᠵᠢᠷᠤᠭ ᠰᠡᠭᠦᠳᠡᠷ ᠵᠡᠷᠭᠡ ᠮᠠᠲ᠋ᠧᠷᠢᠶᠠᠯ ᠢᠶᠠᠷ ᠳᠠᠮᠵᠢᠨ᠂ ᠣᠯᠠᠨ ᠢᠶᠠᠷ ᠢᠶᠠᠨ ᠰᠦᠢᠶᠤᠸᠠᠨ | ᠣᠷᠣᠨ ᠤ ᠨᠢᠭᠤᠴᠠ ᠨᠠᠮ ᠤᠨ ᠭᠡᠰᠢᠭᠦᠨ ᠯᠢᠦ ᠬᠤᠩ ᠰᠢᠶᠥ᠋ᠩ᠂ ᠬᠤᠤ ᠳ᠋ᠧᠩ ᠬᠤᠩ ᠵᠡᠷᠭᠡ ᠨᠥᠬᠦᠳ | ᠭᠦᠢᠰᠦ᠋ᠢ ᠳᠤ ᠢᠷᠡᠵᠦ ᠶᠠᠫᠤᠨ ᠢ ᠡᠰᠡᠷᠭᠦᠴᠡᠵᠦ ᠮᠥᠬᠦᠯ ᠠᠴᠠ ᠠᠪᠤᠷᠠᠬᠤ ᠠᠵᠢᠯᠯᠠᠭ᠎ᠠ ᠥᠷᠨᠢᠭᠦᠯᠵᠦ᠂ ᠰᠦᠢᠶᠤᠸᠠᠨ | ᠥᠪᠥᠷ ᠮᠣᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠢ ᠪᠠᠶᠢᠭᠤᠯᠤᠭᠰᠠᠨ ᠲᠡᠦᠬᠡ ᠶᠢ | ᠨᠠᠷᠢᠨ ᠣᠶᠢᠯᠠᠭᠠᠪᠠ᠃ ᠪᠥᠬᠦ ᠨᠠᠮ ᠤᠨ ᠭᠡᠰᠢᠭᠦᠳ ᠳᠤᠷᠠᠰᠬᠠᠯ ᠤᠨ ᠣᠷᠳᠣᠨ ᠤ ᠠᠭᠤᠳᠠᠮ ᠲᠠᠯᠠᠪᠠᠢ ᠶᠢᠨ | ᠱᠤᠭᠤᠮᠠᠯ ᠤᠨ ᠡᠮᠦᠨ᠎ᠡ᠂ ᠨᠠᠮ ᠤᠨ ᠲᠤᠭ ᠤᠨ ᠡᠮᠦᠨ᠎ᠡ ᠬᠠᠮᠲᠤ ᠪᠠᠷ ᠲᠠᠩᠭᠠᠷᠢᠭᠯᠠᠵᠤ᠂ ᠨᠠᠮ ᠳᠤ ᠣᠷᠣᠬᠤ | ᠲᠠᠩᠭᠠᠷᠢᠭ ᠤᠨ ᠦᠭᠡᠰ ᠢ ᠳᠠᠬᠢᠨ ᠤᠩᠰᠢᠵᠠᠭᠠᠪᠠ᠃ | 5 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠣᠷᠳᠣᠨ ᠪᠥᠬᠦ | ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ | ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ︽ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠤᠨ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠵᠠᠮ – ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠣᠷᠣᠯᠴᠠᠨ ᠤᠬᠠᠭᠤᠯᠵᠤ ᠲᠤᠭᠤᠰᠢᠯᠠᠭᠤᠯᠤᠶ᠎ᠠ︾ ᠭᠤᠣᠯ ᠰᠡᠳᠦᠪᠲᠦ ᠦᠵᠡᠭᠦᠯᠭᠡ ᠶᠢ | ᠲᠣᠭᠤᠷᠢᠨ ᠦᠵᠡᠪᠡ᠃ ᠣᠯᠠᠨ ᠢᠶᠠᠷ ᠢᠶᠠᠨ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠲᠣᠭᠤᠷᠢᠨ ᠦᠵᠡᠭᠰᠡᠨ | ᠣᠯᠣᠯᠲᠠ ᠲᠥᠷᠥᠭᠳᠡᠯ ᠢᠶᠠᠨ ᠬᠠᠷᠢᠯᠴᠠᠨ ᠰᠣᠯᠢᠯᠴᠠᠪᠠ᠃ ᠣᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ | ᠦᠭᠡᠢ ᠪᠠᠷᠢᠮᠲᠠᠯᠠᠵᠤ᠂ ᠨᠡᠩ ᠢᠯᠡᠭᠦᠦ ᠵᠢᠳᠬᠦᠯ ᠴᠢᠷᠮᠠᠶᠢᠯᠭ᠎ᠠ ᠭᠠᠷᠭᠠᠬᠤ ᠣᠶᠣᠨ ᠰᠠᠨᠠᠭ᠎ᠠ ᠶᠢᠨ ᠳᠦᠷᠰᠦ | ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠤᠣᠯ ᠰᠡᠳᠦᠪᠲᠦ ᠬᠥᠮᠥᠵᠢᠯ ᠤᠨ ᠦᠷ᠎ᠡ | ᠪᠦᠲᠦᠭᠡᠯ ᠢ ᠪᠥᠬᠦ ᠣᠷᠣᠨ ᠤ ᠳᠠᠩᠰᠠ ᠡᠪᠬᠡᠮᠡᠯ ᠤᠨ ᠠᠵᠢᠯ ᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ | ᠬᠤᠪᠢᠷᠠᠭᠤᠯᠵᠤ᠂ ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠥᠪᠡᠷᠲᠡᠭᠡᠨ ᠵᠠᠰᠠᠬᠤ | ᠣᠷᠣᠨ ᠤ ᠳᠠᠩᠰᠠ ᠡᠪᠬᠡᠮᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ |