7 ᠲᠦᠷᠦᠯ ᠵᠦᠢᠯ ᠳᠤ ᠭᠡᠷ᠎ᠡ ᠲᠣᠭᠲᠠᠵᠤ ᠶᠡᠷᠦᠩᠬᠡᠢ ᠪᠡᠯᠡ ᠣᠷᠤᠭᠤᠯᠤᠯᠲᠠ ᠨᠢ 21 ᠳ᠋ᠦᠩᠰᠢᠭᠤᠷ ᠲᠥᠭᠦᠷᠢᠭ ᠲᠤ ᠬᠥᠷᠪᠡ 30 ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠲᠥᠪ ᠬᠤᠲᠠ ᠯᠤᠭ᠎ᠠ ᠬᠠᠮᠲᠤ ᠪᠠᠷ ᠬᠥᠭᠵᠢᠯᠲᠡ ᠶᠢ ᠰᠦᠪᠡᠭᠴᠢᠯᠡᠵᠦ ᠪᠣᠢ
ᠨᠡᠶᠢᠲᠡᠯᠡᠭᠰᠡᠨ ᠴᠠᠭ᠄
2023/5/17
     ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠡᠯ᠎ᠡ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠨᠢ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠠᠪᠤᠴᠠ ᠳᠤ ᠪᠢᠳᠡᠨ ᠳᠤ ᠮᠠᠰᠢ ᠶᠡᠭᠡ ᠬᠠᠪᠰᠤᠷᠤᠯᠭ᠎ᠠ ᠳᠡᠮᠵᠢᠯᠭᠡ ᠦᠵᠡᠭᠦᠯᠪᠡ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠳᠦᠷᠢᠮ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠰᠠᠨᠠᠭᠤᠯᠵᠤ ᠪᠠᠶᠢᠨ᠎ᠠ ᠁︾ 5 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠷᠣᠨ ᠤ ᠳᠣᠲᠣᠨ᠎ᠠ ᠭᠠᠳᠠᠨᠠᠬᠢ ᠠᠮᠢᠳᠤ ᠪᠣᠳᠠᠰ ᠤᠨ ᠡᠮ ᠡᠮᠨᠡᠯᠭᠡ ᠶᠢᠨ 30 ᠳᠠᠭᠠᠭᠤᠯᠤᠭᠴᠢ ᠠᠵᠤ ᠠᠬᠤᠶᠢᠯᠠᠯ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠪᠣᠯᠣᠨ ᠮᠠᠨ ᠤ ᠣᠷᠣᠨ ᠤ ᠭᠤᠣᠯᠳᠠᠯᠭ᠎ᠠ ᠲᠠᠢ ᠠᠶᠢᠮᠠᠭ ᠬᠤᠳᠠ᠂ ᠬᠤᠰᠢᠭᠤ ᠰᠢᠶᠠᠨ᠂ ᠬᠦᠷᠢᠶᠡᠯᠡᠩ ᠲᠣᠭᠤᠷᠢᠭ ᠤᠨ ᠬᠠᠷᠢᠭᠤᠴᠠᠯᠭᠠᠲᠠᠨ ᠢ ᠤᠷᠢᠵᠤ᠂ ᠬᠥᠬᠡᠬᠤᠲᠠ ᠳᠤ ᠥᠪᠥᠷ ᠮᠣᠩᠭᠤᠯ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠵᠢᠶᠦ᠋ᠨ ᠾᠧ ᠡᠷᠡᠭᠦᠯ ᠮᠡᠨᠳᠦ ᠶᠢᠨ ᠬᠤᠪᠢ ᠣᠷᠣᠭᠤᠯᠤᠭᠰᠠᠨ ︵ᠬᠠᠩᠵᠧᠦ︶ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠧᠦ ᠶᠠᠩ ᠶᠦᠨ ᠥᠪᠡᠷ ᠤᠨ ᠰᠠᠨᠠᠯ ᠪᠣᠳᠣᠯ ᠢᠶᠠᠨ ᠢᠯᠡᠳᠬᠡᠪᠡ᠃      ᠲᠤᠬᠠᠢ ᠶᠢᠨ ᠡᠳᠦᠷ ᠠᠮᠢᠳᠤ ᠪᠣᠳᠠᠰ ᠤᠨ ᠡᠮ ᠡᠮᠨᠡᠯᠭᠡ ᠶᠢᠨ 7 ᠲᠥᠷᠥᠯ ᠵᠦᠢᠯ ᠳᠤ ᠭᠡᠷ᠎ᠡ ᠲᠣᠭᠲᠠᠵᠤ᠂ ᠨᠡᠶᠢᠲᠡ 21 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠢᠲᠠᠳ ︵ᠮᠣᠩᠭᠤᠯ︶ ᠡᠮ ᠤᠨ ᠪᠥᠬᠦ ᠠᠵᠤ ᠦᠢᠯᠡᠰ ᠤᠨ ᠬᠡᠯᠬᠢᠶ᠎ᠡ᠂ ᠤᠰᠤᠲᠥ᠋ᠷᠥᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠲᠦᠭᠦᠬᠡᠢ ᠮᠠᠲ᠋ᠧᠷᠢᠶᠠᠯ ᠤᠨ ᠡᠮ᠂ ᠢᠳᠡᠭᠡᠨ ᠤ ᠲᠦᠭᠦᠬᠡᠢ ᠮᠠᠲ᠋ᠧᠷᠢᠶᠠᠯ ᠵᠡᠷᠭᠡ ᠲᠠᠯ᠎ᠠ ᠶᠢ ᠬᠠᠮᠤᠷᠴᠠᠢ᠃      ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠪᠣᠯ ᠮᠠᠨ ᠤ ᠣᠷᠣᠨ ᠤ ᠭᠤᠣᠯᠳᠠᠯᠭ᠎ᠠ ᠲᠠᠢ 16 ᠠᠵᠤ ᠦᠢᠯᠡᠰ ᠤᠨ ᠬᠡᠯᠬᠢᠶ᠎ᠡ ᠶᠢᠨ ᠨᠢᠭᠡ ᠨᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠡᠯᠬᠢᠶ᠎ᠡ ᠮᠠᠶ᠋ᠢᠭ ᠤᠨ ᠰᠡᠳᠬᠢᠬᠦᠢ ᠪᠠᠷ ᠠᠵᠤ ᠦᠢᠯᠡᠰ ᠢ ᠠᠳᠬᠤᠬᠤ ᠶᠡᠭᠡ ᠴᠢᠭᠯᠡᠯ᠂ ᠶᠡᠭᠡ ᠵᠠᠷᠴᠢᠮ ᠢ ᠲᠣᠭᠲᠠᠭᠠᠵᠤ᠂ ᠬᠡᠯᠬᠢᠶ᠎ᠡ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ︽ᠬᠤᠶᠠᠷ ᠵᠢᠷᠤᠭ ᠬᠤᠶᠠᠷ ᠬᠥᠮᠥᠷᠭᠡ ᠬᠤᠶᠠᠷ ᠬᠦᠰᠦᠨᠦᠭᠲᠦ︾ ᠶᠢᠨ ᠵᠠᠭᠪᠤᠷ ᠢᠶᠠᠷ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠠᠢ᠃ ᠥᠪᠡᠷᠲᠡᠭᠡᠨ ᠵᠠᠰᠠᠬᠤ ᠣᠷᠣᠨ ᠠᠴᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠯᠢ ᠣᠯᠠᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠤᠷᠢᠳ ᠬᠤᠵᠢᠳ ᠨᠠᠷᠢᠨ ᠲᠣᠳᠣᠷᠬᠠᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠪᠥᠬᠦ ᠲᠠᠯ᠎ᠠ ᠪᠠᠷ ᠲᠥᠯᠥᠪᠵᠢᠭᠦᠯᠪᠡ᠃ 2022 ᠣᠨ ᠤ ᠡᠴᠦᠰ ᠪᠣᠯᠲᠠᠯ᠎ᠠ᠂ ᠪᠥᠬᠦ ᠣᠷᠣᠨ ᠳᠤ ᠠᠮᠢᠳᠤ ᠪᠣᠳᠠᠰ ᠤᠨ ᠡᠮ ᠡᠮᠨᠡᠯᠭᠡ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠨᠡᠶᠢᠲᠡ 116 ᠪᠣᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ ᠪᠠᠷᠤᠭ 240 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠪᠡ᠃      ᠶᠠᠷᠢᠯᠴᠠᠬᠤ ᠬᠤᠷᠠᠯ ᠳᠡᠭᠡᠷ᠎ᠡ᠂ 14 ᠠᠵᠤ ᠠᠬᠤᠶᠢᠯᠠᠯ ᠤᠨ ᠲᠥᠯᠥᠭᠡᠯᠡᠭᠴᠢ ᠥᠪᠥᠷ ᠮᠣᠩᠭᠤᠯ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠳᠤ ᠢᠲᠡᠭᠡᠯ ᠳᠦᠭᠦᠷᠡᠩ ᠪᠠᠶᠢᠬᠤ ᠪᠠᠨ ᠢᠯᠡᠳᠬᠡᠭᠰᠡᠨ ᠤ ᠬᠠᠮᠲᠤ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢᠶᠠᠨ ᠶᠠᠷᠢᠵᠠᠭᠠᠪᠠ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠢᠩᠬᠢᠮ ᠲᠣᠪᠴᠢᠶ᠎ᠠ ᠠᠴᠠ ᠮᠠᠨ ᠤ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠢ ᠳᠡᠮᠵᠢᠨ ᠲᠡᠳᠬᠦᠬᠦ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠠᠶᠢᠯᠪᠤᠷᠢᠯᠠᠭᠰᠠᠨ ᠤ ᠬᠠᠮᠲᠤ ᠦᠨᠡᠨ ᠬᠦ ᠠᠵᠤ ᠠᠬᠤᠶᠢᠯᠠᠯ ᠳᠤ ᠦᠢᠯᠡᠴᠢᠯᠡᠬᠦ ︽ᠵᠠᠷᠤᠴᠠ︾ ᠪᠣᠯᠵᠤ᠂ ᠬᠠᠮᠤᠭ ᠤᠨ ᠦᠨᠡᠨᠴᠢ ᠰᠡᠳᠬᠢᠯ᠂ ᠬᠠᠮᠤᠭ ᠤᠨ ᠪᠣᠳᠠᠲᠠᠢ ᠠᠵᠢᠯᠯᠠᠭ᠎ᠠ ᠪᠠᠷ ᠢᠶᠠᠨ᠂ ︽ᠬᠡᠯᠬᠢᠶ᠎ᠡ︾ ᠶᠢ ᠠᠰᠢᠭᠯᠠᠨ ᠨᠡᠩ ᠤᠯᠠᠨ ᠰᠠᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠬᠠᠷᠢᠯᠴᠠᠨ᠂ ᠬᠤᠯᠪᠣᠯᠳᠤᠭᠤᠯᠵᠤ᠂ ᠥᠪᠥᠷ ᠮᠣᠩᠭᠤᠯ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠴᠣᠭᠴᠠᠯᠠᠨ᠎ᠠ ᠭᠡᠵᠦ ᠢᠯᠡᠳᠬᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10200071号